ᠸᠠᠩ ᠵᠠᠨ ᠴᠢ ᠵᠢᠷᠦᠬᠡ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠵᠢᠯᠤᠭᠤᠳᠤ᠋
ᠨᠡᠶᠢᠲᠡᠯᠡᠭᠰᠡᠨ ᠴᠠᠭ᠄
2024/9/24
     9 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠵᠢᠷᠦᠬᠡ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ  ᠢ ᠪᠠᠶᠢᠴᠠᠭᠠᠨ ᠵᠢᠯᠣᠭᠤᠳᠪᠠ᠃      ᠸᠠᠩ ᠵᠠᠨ ᠴᠢ ᠤᠷᠢᠳ ᠬᠤᠵᠢᠳ ᠵᠢᠷᠦᠬᠡ ᠪᠠᠯᠭᠠᠰᠤᠨ ᠤ ᠦᠬᠡᠷ ᠤᠨ ᠮᠢᠬᠠᠨ ᠵᠢᠶᠠᠩ ᠤᠨ ᠦᠢᠯᠡᠳᠪᠦᠷᠢ  ᠶᠢᠨ ᠰᠠᠭᠤᠷᠢᠨ ᠭᠠᠵᠠᠷ᠂ ᠵᠢᠷᠦᠬᠡ ᠪᠠᠯᠭᠠᠰᠤᠨ ᠤ ᠰᠢ ᠴᠢᠤᠸᠠᠨ᠂ ᠬᠠᠳ᠋ᠬᠠᠤᠰᠤ ᠲᠠᠷᠢᠵᠤ ᠳᠡᠵᠢᠬᠡᠬᠦ ᠲᠤᠰᠬᠠᠶ ᠬᠤᠷᠰᠢᠶᠠᠵᠢᠯ᠂ ᠬᠠᠳ᠋ᠬᠠᠤᠰᠤ ᠲᠣᠰᠬᠤᠨ ᠤ ᠲᠦᠪ ᠲᠤ ᠬᠦᠨᠵᠡᠭᠡᠶᠢᠷᠡᠵᠦ᠂ ᠵᠢᠷᠦᠬᠡ ᠪᠠᠯᠭᠠᠰᠤᠨ ᠤ ᠠᠵᠤ ᠦᠶᠯᠡᠰ  ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠳᠠᠯ᠎ᠠ ᠪᠠᠷ ᠤᠶᠢᠯᠠᠭᠠᠭᠰᠠᠨ ᠤ ᠬᠠᠮᠳᠤ ᠡᠷᠦᠬᠡ ᠳᠤ ᠤᠷᠤᠵᠤ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠳᠠᠩᠰᠠ ᠡᠪᠬᠡᠮᠡᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠣᠳᠣᠬᠢ ᠪᠠᠶᠢᠳᠠᠯ᠂ ᠣᠷᠣᠨ ᠰᠠᠭᠤᠴᠠ ᠤᠤᠭᠤᠬᠤ ᠤᠰᠤᠨ ᠤ ᠠᠮᠤᠷ ᠲᠦᠪᠰᠢᠨ᠂ ᠡᠮ ᠡᠮᠨᠡᠯᠭᠡ ᠶᠢᠨ ᠪᠠᠲᠤᠯᠠᠭ᠎ᠠ᠂ ᠦᠷ᠎ᠡ ᠬᠡᠦᠬᠡᠳ ᠤᠨ ᠠᠵᠢᠯ ᠤᠯᠭᠤᠯᠳᠠ ᠵᠡᠷᠭᠡ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠮᠡᠳᠡᠴᠡ ᠶᠢᠨ ᠨᠣᠷᠮ᠎ᠠ ᠵᠢᠴᠢ ᠬᠠᠨᠤᠮᠵᠢ ᠶᠢᠨ ᠬᠡᠮᠵᠢᠶ᠎ᠡ ᠵᠡᠷᠭᠡ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠣᠷᠣᠰᠢᠵᠤ ᠪᠠᠶᠢᠭ᠎ᠠ ᠬᠦᠴᠢᠷᠳᠡᠯ ᠵᠢᠴᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃      ᠸᠠᠩ ᠵᠠᠨ ᠴᠢ᠂ ᠡᠨᠡ ᠵᠢᠯ ᠪᠣᠯ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠳᠥᠷᠪᠡᠳᠦᠭᠡᠷ ᠵᠢᠯ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠠᠵᠢᠯ ᠢ ᠪᠦᠲᠦᠮᠵᠢᠲᠡᠢ ᠵᠣᠯᠭᠠᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠣᠨᠣᠪᠴᠢᠲᠠᠶ ᠡᠵᠡᠮᠳᠡᠵᠦ᠂ ᠠᠯᠮᠠᠶᠢᠷᠠᠨ ᠴᠠᠯᠠᠭᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠠᠶᠢᠲᠤᠷ ᠬᠡᠷᠡᠭᠵᠢᠭᠦᠯᠵᠦ᠂ ᠰᠠᠶᠢᠲᠤᠷ ᠲᠣᠬᠢᠷᠠᠭᠤᠯᠬᠤ ᠬᠡᠷᠡᠭᠲᠡᠶ᠃ ᠣᠳᠣᠬᠠᠨ ᠤ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠠᠵᠢᠯ ᠤᠨ ᠱᠠᠭᠠᠷᠳᠠᠯᠭ᠎ᠠ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠶᠯ ᠤᠨ ᠠᠵᠢᠯ  ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠠᠬᠢᠨ ᠶᠠᠳᠠᠭᠤᠷᠠᠬᠤ ᠪᠠ ᠶᠠᠳᠠᠭᠤᠷᠠᠬᠤ ᠠᠶᠤᠯ ᠲᠦᠭᠰᠢᠭᠦᠷᠢ ᠶᠢ ᠨᠠᠷᠢᠨ ᠨᠢᠮᠪᠠᠶ ᠰᠤᠳᠤᠯᠤᠨ ᠮᠠᠭᠠᠳᠯᠠᠵᠤ᠂ ᠬᠠᠪᠰᠤᠷᠤᠨ ᠲᠡᠳᠬᠦᠬᠦ ᠡᠲᠡᠭᠡᠳ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠭᠰᠠᠨ ᠡᠰᠡᠬᠦ ᠶᠢ ᠨᠢᠭᠲᠠ ᠠᠩᠬᠠᠷᠤᠨ ᠬᠢᠨᠠᠨ ᠬᠡᠮᠵᠢᠵᠦ᠂ ︽ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ︾ ᠤᠨ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠶᠳᠪᠦᠷᠢᠯᠡᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠳᠠᠲᠤ ᠦᠷ᠎ᠡ ᠪᠦᠲᠦᠮᠵᠢ ᠪᠠᠷ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠰᠢᠯᠢᠳᠡᠭ ᠬᠠᠷᠢᠭᠤᠯᠳᠠ ᠶᠢ ᠲᠤᠰᠢᠶᠠᠬᠤ ᠬᠡᠷᠡᠭᠲᠡᠶ ᠭᠡᠵᠦ ᠵᠢᠭᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号