ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠵᠦ᠂ ᠬᠤᠰᠢᠭᠤ ᠨᠠᠮ ᠤᠨ ᠭᠠᠳᠠᠨᠠᠬᠢ ᠰᠡᠭᠡᠭᠡᠳᠡᠳ ᠤᠨ ᠨᠥᠬᠦᠷᠯᠡᠯ ᠤᠨ | ᠬᠤᠯᠪᠤᠭ᠎ᠠ᠂ ᠰᠢᠨ᠎ᠡ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠯᠪᠤᠭ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠨᠣᠮ ᠤᠨ ᠰᠠᠩ᠂ ᠳᠥᠷᠪᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠠᠴᠠ | ᠳᠠᠭᠠᠭᠠᠴᠢᠯᠠᠨ ᠡᠷᠭᠢᠯᠡᠭᠰᠡᠨ ︽ᠠᠨᠠᠷ ᠤᠨ ᠦᠷ᠎ᠡ ᠶᠢᠨ ᠲᠠᠭᠤᠨ︾ ᠤᠷᠠᠨ ᠤᠩᠰᠢᠯᠭ᠎ᠠ ᠶᠢᠨ ᠤᠷᠤᠯᠳᠤᠭᠠᠨ ᠤ | ᠱᠠᠩᠨᠠᠯ ᠣᠯᠭᠤᠬᠤ ᠦᠳᠡᠰᠢᠯᠡᠭᠡ 9 ᠰᠠᠷ᠎ᠠ ᠶᠢᠨ 22 ᠤ ᠡᠳᠦᠷ ᠶᠠᠪᠤᠭᠳᠠᠭᠰᠠᠨ ᠪᠠᠶᠢᠨ᠎ᠠ᠃ | ᠬᠤᠰᠢᠭᠤ ᠤᠳᠤᠷᠢᠳᠤᠯᠭ᠎ᠠ ᠮᠥᠷᠡᠨ᠂ ᠼᠦᠩ ᠮᠧᠶ᠂ ᠰᠠᠶᠢᠨᠴᠣᠭᠲᠤ᠂ ᠼᠤᠤ ᠱᠤ᠋ ᠸᠧᠨ᠂ ᠪᠦᠷᠢᠨᠳᠡᠯᠭᠡᠷ᠂ | ᠴᠢᠶᠠᠨ ᠰᠢᠦ ᠵᠢᠶᠦ᠋ᠨ ᠵᠢᠴᠢ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠶᠯᠡᠳᠪᠦᠷᠢ | ᠬᠤᠳᠠᠯᠳᠤᠭᠠᠨ ᠤ ᠬᠤᠯᠪᠣᠭ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠨᠣᠮ ᠤᠨ ᠰᠠᠩ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ | ᠨᠢᠭᠡᠳᠦᠮᠡᠯ ᠹᠷᠣᠨᠲ ᠤᠨ ᠭᠡᠰᠢᠭᠦᠨ᠂ ᠰᠠᠶᠢᠬᠠᠨᠲᠠᠯ᠎ᠠ ᠪᠠᠯᠭᠠᠰᠤᠨ ᠤ ᠨᠡᠶᠢᠭᠡᠮ ᠲᠣᠭᠤᠷᠢᠭ ᠤᠨ ᠲᠥᠯᠥᠭᠡᠯᠡᠭᠴᠢ᠂ | ᠦᠨᠳᠦᠰᠦᠲᠡᠨ ᠱᠠᠰᠢᠨ ᠰᠤᠷᠲᠠᠬᠤᠨ ᠤ ᠲᠥᠯᠥᠭᠡᠯᠡᠭᠴᠢ᠂ ᠬᠠᠷᠢᠶᠠᠲᠤ ᠨᠠᠷ ᠤᠨ ᠬᠡᠷ ᠪᠦᠯᠢ ᠶᠢᠨ ᠲᠥᠯᠥᠭᠡᠯᠡᠭᠴᠢ᠂ | ᠰᠤᠷᠤᠭᠴᠢᠳ ᠤᠨ ᠬᠡᠷ ᠤᠨ ᠠᠬᠠᠮᠠᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠰᠠᠶᠢᠨᠴᠤᠭᠲᠤ ᠱᠠᠩᠨᠠᠯ ᠬᠦᠷᠲᠡᠭᠰᠡᠳ ᠲᠤ ᠬᠠᠯᠠᠭᠤᠨ ᠪᠠᠶᠠᠷ ᠬᠦᠷᠭᠡᠵᠦ᠂ ᠣᠳᠣᠬᠠᠨ ᠳᠤ᠂ ᠪᠦᠬᠦ | ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ | ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ | ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠲᠠᠰᠤᠷᠠᠯᠲᠠ ᠦᠭᠡᠢ ᠪᠠᠶᠢᠭᠤᠯᠬᠤ ᠪᠣᠯ ᠮᠠᠨ ᠤ ︽ᠬᠢᠬᠦ︾ ᠮᠥᠷᠲᠡᠭᠡᠨ ︽ᠰᠠᠶᠢᠲᠤᠷ ᠬᠢᠬᠦ︾ ᠠᠵᠢᠯ ᠤᠨ ᠨᠢᠭᠡ | ᠪᠣᠯᠤᠨ᠎ᠠ᠃ ᠬᠤᠶᠢᠰᠢᠳᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠳᠠᠯᠢ ᠪᠤᠰᠤ ᠬᠡᠯᠪᠡᠷᠢ ᠪᠠᠷ ᠳᠤᠮᠳᠠᠳᠤ ᠶᠢᠨ | ᠰᠣᠩᠭᠤᠳᠠᠭ ᠰᠢᠯᠦᠭ ᠵᠣᠬᠢᠶᠠᠯ ᠢ ᠦᠷᠭᠦᠯᠵᠢᠯᠡᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠠᠩᠭᠢ ᠳᠤ | ᠣᠷᠣᠭᠤᠯᠵᠤ᠂ ᠰᠤᠷᠤᠭᠴᠢᠳ ᠲᠤ ᠬᠦᠷᠭᠡᠬᠦ ᠬᠡᠷᠡᠭᠲᠡᠶ᠃ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠵᠡᠷᠭᠡ ᠰᠠᠯᠠᠭ᠎ᠠ ᠮᠥᠴᠢᠷ ᠲᠦᠷᠦᠭᠦᠯᠡᠨ᠂ ᠨᠦᠬᠦᠷᠰᠡᠭ ᠬᠤᠯᠪᠤᠭ᠎ᠠ᠂ ᠰᠢᠨ᠎ᠡ ᠬᠤᠯᠪᠣᠭᠠᠲᠤ ᠬᠤᠷᠠᠯ ᠨᠢ | ᠨᠡᠶᠢᠭᠡᠮ ᠳᠤ ᠦᠶᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠶᠴᠡᠳᠬᠡᠵᠦ᠂ ᠰᠣᠩᠭᠤᠳᠠᠭ | ᠤᠩᠰᠢᠯᠭ᠎ᠠ ᠶᠢᠨ ᠤᠷᠤᠯᠳᠤᠭᠠᠨ ᠢ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ | ᠪᠠᠶᠢᠭᠤᠯᠬᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠭᠠᠵᠤ᠂ ᠰᠢᠷᠢᠰ ᠤᠷᠤᠯᠳᠤᠭᠠᠨ ᠢ ᠡᠷᠭᠢᠯᠡᠨ᠂ ︽ᠵᠢᠯ ᠵᠢᠯ ᠤᠷᠤᠯᠳᠤᠭᠠᠨ | ᠲᠠᠢ᠂ ᠲᠠᠰ ᠲᠠᠰ ᠢᠶᠠᠷ ᠳᠡᠭᠡᠭᠰᠢᠯᠡᠯᠲᠡ ᠲᠠᠢ︾ ᠠᠵᠢᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠤᠯᠭᠠᠬᠤ ᠬᠡᠷᠡᠭᠳᠡᠢ | ᠬᠡᠵᠦ ᠴᠢᠬᠤᠯᠠᠴᠢᠯᠠᠵᠠᠢ᠃ | ᠠᠵᠢᠯᠯᠠᠭ᠎ᠠ ᠳᠤᠮᠳᠠ᠂ ︽ᠳᠤᠮᠳᠠᠳᠤ ᠶᠢᠨ ᠪᠠᠭᠠᠴᠤᠳ︾᠂ ︽ᠬᠠᠮᠤᠭ ᠤᠨ ᠭᠤᠶᠤ ᠳᠤᠮᠳᠠᠳᠤ ᠤᠯᠤᠰ︾᠂ | ︽ᠦᠨᠳᠦᠰᠦᠲᠡᠨ ᠤ ᠪᠦᠯᠬᠦᠮᠳᠡᠯ ᠤᠨ ᠳᠤᠮᠳᠠᠳᠤ ᠶᠢᠨ ᠬᠦᠰᠡᠯᠡᠩ︾᠂ ︽ᠪᠠᠳᠠᠷᠠᠨ ᠳᠡᠯᠭᠡᠷᠡᠭᠰᠡᠨ ᠦᠨᠳᠦᠰᠦᠲᠡᠨ ᠤ | ᠪᠦᠯᠬᠦᠮᠳᠡᠯ ᠤᠨ ᠴᠡᠴᠡᠭ︾ ᠵᠡᠷᠭᠡ ᠨᠢᠭᠡ ᠪᠦᠯᠦᠭ ᠰᠢᠯᠢᠳᠡᠭ ᠪᠦᠲᠦᠭᠡᠯ ᠢ ᠲᠤᠬᠠᠢ ᠶᠢᠨ ᠲᠠᠯᠠᠪᠠᠢ ᠳᠤ | ᠤᠶᠠᠩᠭᠠᠯᠠᠭᠤᠯᠤᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ | ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠰᠠᠶᠢᠨ ᠰᠠᠶᠢᠬᠠᠨ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠪᠡ᠃ | ᠤᠶᠢᠯᠠᠭᠠᠭᠰᠠᠨ ᠢᠶᠠᠷ᠂ ᠠᠵᠢᠯᠯᠠᠭ᠎ᠠ ᠶᠢ 7 ᠳ᠋ᠤᠭᠠᠷ ᠰᠠᠷ᠎ᠠ ᠠᠴᠠ ᠡᠬᠢᠯᠡᠵᠦ ᠵᠤᠬᠢᠶᠠᠨ ᠪᠠᠶᠢᠭᠤᠯᠤᠨ᠂ 8 | ᠳ᠋ᠤᠭᠠᠷ ᠰᠠᠷ᠎ᠠ ᠠᠴᠠ ᠨᠡᠷ᠎ᠡ ᠮᠡᠳᠡᠭᠦᠯᠵᠦ᠂ 9 ᠰᠠᠷ᠎ᠠ ᠶᠢᠨ 7 ᠤ ᠡᠳᠦᠷ ᠠᠩᠬᠠᠨ ᠤ ᠤᠷᠤᠯᠳᠤᠭᠠᠨ᠂ 14 ᠤ ᠡᠳᠦᠷ | ᠰᠢᠢᠳᠪᠦᠷᠢᠲᠦ ᠤᠷᠤᠯᠳᠤᠭᠠᠨ ᠢᠶᠠᠨ ᠶᠠᠪᠤᠭᠳᠠᠭᠤᠯᠤᠨ᠂ ᠠᠵᠢᠯᠯᠠᠭ᠎ᠠ ᠳᠤ ᠨᠡᠶᠢᠲᠡ ᠪᠠᠭ᠎ᠠ ᠰᠤᠷᠭᠠᠭᠤᠯᠢ ᠶᠢᠨ | ᠰᠣᠷᠣᠭᠴᠢ ᠶᠢᠨ ᠳᠤᠭᠤᠶᠢᠯᠠᠩ ᠤᠨ 115 ᠪᠦᠲᠦᠭᠡᠯ ᠠᠴᠠ 50 ᠪᠦᠲᠦᠭᠡᠯ ᠨᠢ ᠰᠢᠶᠳᠪᠦᠷᠢᠲᠦ ᠤᠷᠤᠯᠳᠤᠭᠠᠨ ᠳᠤ | ᠰᠢᠯᠭᠠᠷᠠᠵᠤ᠂ ᠬᠠᠮᠤᠭ ᠤᠨ ᠰᠠᠶᠢᠨ ᠳᠠᠯᠳᠠ ᠬᠦᠴᠦᠨ ᠤ ᠱᠠᠩᠨᠠᠯ 10 ᠨᠡᠷᠡᠰ᠂ ᠵᠢᠭᠰᠠᠭᠠᠯᠲᠠ ᠳᠤ ᠤᠷᠤᠭᠰᠠᠨ | ᠱᠠᠩᠨᠠᠯ 20 ᠨᠡᠷᠡᠰ᠂ ᠰᠢᠯᠢᠳᠡᠭ ᠳᠡᠰ ᠲᠤ 18 ᠨᠡᠷᠡᠰ᠂ ᠭᠤᠷᠪᠠᠳᠤᠭᠠᠷ ᠳᠡᠰ ᠲᠤ 8᠂ ᠬᠤᠶᠠᠳᠤᠭᠠᠷ ᠳᠡᠰ ᠲᠤ | 3᠂ ᠨᠢᠭᠡᠳᠦᠭᠡᠷ ᠳᠡᠰ ᠲᠤ 1 ᠨᠡᠷ᠎ᠡ ᠶᠢ ᠳᠤᠰ ᠳᠤᠰ ᠬᠦᠬᠢᠬᠦᠯᠵᠡᠢ᠃ ᠨᠠᠰᠤᠨ ᠳᠤ ᠬᠦᠷᠦᠭᠰᠡᠳ ᠤᠨ ᠳᠤᠭᠤᠶᠢᠯᠠᠩ | ᠳᠤ 12 ᠬᠥᠮᠦᠨ ᠨᠡᠷ᠎ᠡ ᠮᠡᠳᠡᠭᠦᠯᠵᠦ᠂ ᠰᠢᠶᠳᠪᠦᠷᠢᠲᠦ ᠤᠷᠤᠯᠳᠤᠭᠠᠨ ᠢᠶᠠᠷ ᠳᠠᠮᠵᠢᠨ ᠰᠢᠯᠢᠳᠡᠭ ᠳᠡᠰ ᠲᠤ 6᠂ | ᠭᠤᠷᠪᠠᠳᠤᠭᠠᠷ ᠳᠡᠰ ᠲᠤ 3᠂ ᠬᠤᠶᠠᠳᠤᠭᠠᠷ ᠳᠡᠰ ᠲᠤ 2᠂ ᠨᠢᠭᠡᠳᠦᠭᠡᠷ ᠳᠡᠰ ᠲᠤ 1 ᠨᠡᠷ᠎ᠡ ᠶᠢ ᠱᠠᠩᠨᠠᠭᠰᠠᠨ | ᠪᠠᠶᠢᠨ᠎ᠠ᠃ | |