︽ᠤᠮᠠᠷᠠᠲᠤ ᠬᠢᠯᠢ ᠪᠠᠨ ᠳᠠᠭᠤᠷᠢᠰᠤᠭᠤᠯᠤᠨ ᠤᠴᠠᠷᠠᠯᠳᠤ ᠢᠷᠡᠭᠡᠳᠦᠶ ᠪᠠᠨ ᠬᠠᠮᠲᠤᠪᠠᠷ ᠴᠣᠭᠴᠠᠯᠠᠶ᠎ᠠ︾ ᠮᠠᠨ ᠎ ᠤ ᠬᠤᠰᠢᠭᠤᠨ ᠤ ᠴᠠᠭ ᠤᠨ ᠳᠠᠭᠤᠯᠠᠯ ᠳᠠᠭᠤᠤ ᠬᠦᠭᠵᠢᠮ ᠤᠨ ᠦᠳᠡᠰᠢᠯᠡᠭᠡ ᠠᠮᠵᠢᠯᠳᠠᠳᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2024/9/26
     9 ᠰᠠᠷ᠎ᠠ ᠶᠢᠨ 22᠎ ᠤᠨ ᠣᠷᠣᠶ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠬᠦᠷᠢᠶᠡᠨ ᠤ ᠲᠥᠯᠥᠭᠡᠯᠡᠭᠴᠢᠳ ᠤᠨ ᠵᠣᠬᠢᠶᠠᠨ ᠪᠠᠶᠢᠭᠤᠯᠤᠭᠰᠠᠨ ︽ᠤᠮᠠᠷᠠᠲᠤ ᠬᠢᠯᠢ ᠪᠠᠨ ᠳᠠᠭᠤᠷᠢᠰᠤᠭᠤᠯᠤᠨ ᠤᠴᠠᠷᠠᠯᠳᠤ ᠢᠷᠡᠭᠡᠳᠦᠶ ᠪᠠᠨ ᠬᠠᠮᠲᠤᠪᠠᠷ ᠴᠣᠭᠴᠠᠯᠠᠶ᠎ᠠ︾ ᠮᠠᠨ ᠤ ᠬᠤᠰᠢᠭᠤᠨ ᠤ ᠴᠠᠭ ᠤᠨ ᠳᠠᠭᠤᠯᠠᠯ ᠳᠠᠭᠤᠤ ᠬᠦᠭᠵᠢᠮ ᠤᠨ ᠦᠳᠡᠰᠢᠯᠡᠭᠡ ᠤᠯᠠᠭᠠᠨᠮᠥ᠋ᠴᠢᠷ ᠠᠭᠤᠳᠠᠮ ᠲᠠᠯᠠᠪᠠᠶ ᠳᠤ ᠠᠮᠵᠢᠯᠳᠠᠳᠠᠢ ᠶᠠᠪᠤᠭᠳᠠᠨ᠂ ᠦᠵᠡᠭᠴᠢ ᠲᠦᠮᠡᠨ ᠢᠶᠠᠨ ᠪᠠᠶᠠᠰᠬᠠᠭᠰᠠᠨ ᠪᠠᠶᠢᠨ᠎ᠠ᠃      ᠰᠦᠷ ᠳᠠᠯᠠᠶᠢᠴᠠᠲᠠᠶ ᠬᠡᠩᠭᠡᠷᠭᠡ ᠶᠢᠨ ᠳᠤᠭᠯᠠᠯᠳᠠ ᠪᠠᠷ ᠦᠳᠡᠰᠢᠯᠡᠭᠡ ᠶᠢᠨ ᠬᠦᠰᠢᠬᠡ ᠶᠢ ᠰᠡᠬᠦᠵᠦ᠂ ︽ᠡᠯᠪᠡᠭ ᠬᠤᠷᠢᠶᠠᠯᠲᠠ ᠶᠢᠨ ᠲᠤᠲᠤᠷᠭ᠎ᠠ ᠶᠢᠨ ᠲᠠᠷᠢᠶ᠎ᠠ︾ ᠬᠡᠬᠦ ᠪᠦᠵᠢᠭ ᠨᠢ ᠠᠯᠳᠠᠨ ᠨᠠᠮᠤᠷ ᠤᠨ ᠡᠯᠪᠡᠭ ᠬᠤᠷᠢᠶᠠᠯᠳᠠ᠂ ᠠᠷᠠᠳ ᠤᠯᠠᠨ ᠤ ᠵᠤᠯ ᠵᠢᠷᠭᠠᠯᠳᠤ ᠠᠮᠢᠳᠤᠷᠠᠯ ᠢ ᠳᠤᠰᠬᠠᠨ᠂ ᠰᠦ᠋ ᠬᠤᠩ ᠤᠨ ᠳᠠᠭᠤᠯᠠᠭᠰᠠᠨ ︽ᠮᠣᠩᠭᠤᠯ ᠮᠣᠷᠢ︾ ᠳᠠᠭᠤᠤ ᠨᠢ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠤᠯᠠᠨ ᠤ ᠤᠯᠤᠰ ᠢᠶᠠᠨ ᠬᠠᠶᠢᠷᠠᠯᠠᠬᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠮᠠᠭᠳᠠᠨ ᠳᠠᠭᠤᠯᠠᠯ᠎ᠠ᠃ ᠳᠠᠭᠤᠤ ︽ᠲᠩᠷᠢ ᠶᠢᠨ ᠬᠢᠵᠠᠭᠠᠷ︾᠂ ᠪᠦᠵᠢᠭ ︽ᠪᠤᠴᠠᠵᠤ ᠢᠷᠡᠭᠰᠡᠨ ᠭᠠᠯᠠᠭᠤ︾᠂ ︽ᠠᠨᠳᠠᠢ︾᠂ ᠰᠥᠨᠢᠳ ᠬᠤᠪᠴᠠᠰᠤ ᠵᠠᠰᠠᠯ ᠤᠨ ᠦᠵᠡᠬᠦᠯᠦᠯᠬᠡ ᠵᠡᠷᠭᠡ ᠭᠤᠶᠢᠳᠠ ᠰᠠᠶᠢᠬᠠᠨ 14 ᠲᠣᠭᠯᠠᠯᠲᠠ ᠡᠭᠡᠯᠵᠢᠯᠡᠨ ᠳᠤᠭᠯᠠᠵᠤ᠂ ᠳᠠᠯᠠᠪᠠᠢ ᠳᠤ ᠬᠤᠷᠠᠭᠰᠠᠨ ᠤᠯᠠᠨ ᠤ ᠬᠠᠯᠠᠭᠤᠨ ᠳᠠᠭᠠᠰᠢᠶᠠᠯ ᠳᠤ ᠬᠦᠷᠴᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号