ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠦᠵᠡᠭᠴᠢᠳ ᠤᠯᠠᠨ  ᠢᠶᠠᠨ ᠪᠠᠶᠠᠰᠬᠠᠯ᠎ᠠ
ᠨᠡᠶᠢᠲᠡᠯᠡᠭᠰᠡᠨ ᠴᠠᠭ᠄
2024/9/26
     ︽ᠰᠥᠨᠢᠳ ᠤᠶᠠᠩᠭ᠎ᠠ︾ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠤᠶᠢᠷ᠎ᠠ ᠳᠤ ᠡᠯᠪᠡᠭ ᠬᠤᠷᠢᠶᠠᠯᠳᠠ ᠶᠢᠨ ᠪᠠᠶᠠᠷ ᠤᠨ ᠠᠵᠢᠯᠯᠠᠭ᠎ᠠ ᠳᠤ ᠦᠩᠭᠡ ᠨᠡᠮᠡᠨ᠂ ᠤᠴᠢᠷᠳᠠᠢ ᠰᠠᠶᠢᠬᠠᠨ ᠶᠠᠪᠤᠭᠳᠠᠯ᠎ᠠ᠃      ᠤᠷᠠᠨ ᠰᠠᠶᠢᠬᠠᠨ ᠤ ᠲᠣᠭᠯᠠᠯᠲᠠ ᠨᠢ ᠮᠠᠨ ᠤ ᠬᠤᠰᠢᠭᠤᠨ ᠤ ᠠᠵᠢᠯ ᠤᠨ ᠴᠢᠯᠦᠬᠡᠨ ᠤ ᠤᠷᠠᠯᠢᠭᠴᠢᠳ ᠤᠨ ᠦᠭᠡᠳᠡᠷᠡᠭ ᠲᠦᠷᠰᠦ ᠪᠠᠶᠢᠳᠠᠯ᠂ ᠠᠪᠢᠶᠠᠰ ᠪᠢᠯᠢᠭ ᠢ ᠭᠠᠶᠢᠬᠠᠭᠤᠯᠤᠨ᠂ ᠦᠵᠡᠭᠴᠢ ᠲᠦᠮᠡᠨ ᠤ ᠬᠡᠬᠡᠨ ᠮᠡᠯᠡᠮᠡᠢ ᠠᠯᠳᠠᠨ ᠰᠤᠨᠤᠷ ᠢ ᠪᠠᠶᠠᠰᠬᠠᠵᠤ᠂ ︽ᠬᠠᠨ ᠳᠡᠯᠡᠭᠡᠢ︾᠂ ︽ᠠᠴᠢᠳᠤᠠᠠᠭᠤᠯᠠ︾᠂ ︽ᠠᠰᠠᠷ︾᠂ ︽ᠰᠠᠩᠪᠤᠯᠠᠭ ᠰᠠᠶᠢᠬᠠᠨ ᠨᠤᠳᠤᠭ︾᠂ ︽ᠰᠢᠨ᠎ᠡ ᠴᠠᠭ ᠤᠨ ᠮᠠᠯᠴᠢᠨ ᠠᠷᠠᠳ ᠨᠠᠮ ᠢᠶᠠᠨ ᠳᠠᠭᠤᠯᠠᠨ᠎ᠠ︾ ᠵᠡᠷᠭᠡ ᠭᠤᠶᠢᠳᠠ ᠰᠠᠶᠢᠬᠠᠨ ᠳᠤᠭᠯᠠᠯᠳᠠ ᠨᠢ ᠬᠤᠷᠠᠭᠰᠠᠨ ᠤᠯᠠᠨ ᠳᠤ ᠰᠤᠶᠤᠯ ᠤᠶᠤᠨ ᠤ ᠬᠦᠷᠳᠡᠭᠡᠯ ᠪᠤᠯᠤᠯ᠎ᠠ᠃      ᠣᠶᠢᠯᠠᠭᠠᠭᠰᠠᠨ ᠢᠶᠠᠷ᠂ ︽ᠰᠥᠨᠢᠳ ᠤᠶᠠᠩᠭ᠎ᠠ︾ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠨᠢ ᠮᠠᠨ ᠤ ᠬᠤᠰᠢᠭᠤᠨ ᠤ ᠤᠯᠠᠮᠵᠢᠯᠠᠯᠲᠤ ᠰᠣᠶᠣᠯ ᠤᠨ ᠨᠠᠷᠠᠲᠤ ᠲᠡᠮᠳᠡᠭ ᠤᠨ ᠠᠵᠢᠯᠯᠠᠭ᠎ᠠ ᠪᠠᠶᠢᠵᠤ᠂ ᠵᠢᠯ ᠪᠤᠯᠭᠠᠨ ᠶᠠᠪᠤᠭᠳᠠᠳᠠᠭ ᠪᠠᠶᠢᠨ᠎ᠠ᠃ ᠲᠣᠰ ᠲᠣᠭᠯᠠᠯᠲᠠ ᠶᠢ ᠡᠯ᠎ᠡ ᠰᠤᠮᠤ ᠪᠠᠯᠭᠠᠰᠤᠨ ᠠᠴᠠ ᠰᠣᠩᠭᠤᠨ ᠳᠡᠪᠰᠢᠬᠦᠯᠦᠭᠰᠡᠨ ᠲᠣᠭᠯᠠᠯᠲᠠ ᠠᠴᠠ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠰᠣᠳᠣᠨ ᠪᠦᠲᠦᠭᠡᠯ ᠢ ᠰᠤᠩᠭᠤᠨ ᠭᠠᠷᠭᠠᠵᠤ᠂ ᠲᠥᠪᠯᠡᠷᠡᠭᠦᠯᠦᠨ ᠳᠡᠯᠭᠡᠨ ᠦᠵᠡᠭᠦᠯᠵᠦ ᠪᠠᠶᠢᠭ᠎ᠠ ᠶᠤᠮ᠃ ᠲᠣᠰ ᠠᠵᠢᠯᠯᠠᠭ᠎ᠠ ᠨᠢ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠦᠭᠡᠳᠡᠷᠡᠭ ᠵᠢᠪᠬᠤᠭ᠎ᠠ ᠶᠢ ᠭᠦᠶᠴᠡᠳ ᠢᠯᠡᠷᠡᠭᠦᠯᠵᠦ᠂ ᠤᠮᠠᠷᠠᠲᠤ ᠬᠢᠯᠢ ᠶᠢᠨ ᠲᠠᠯ᠎ᠠ ᠨᠤᠲᠤᠭ  ᠤᠨ ᠰᠣᠶᠣᠯ ᠢ ᠪᠠᠳᠠᠷᠠᠭᠤᠯᠵᠤ᠂ ᠰᠢᠯᠢᠳᠡᠭ ᠰᠣᠶᠣᠯ ᠤᠨ ᠰᠣᠯᠢᠯᠴᠠᠭ᠎ᠠ ᠪᠠ ᠤᠯᠠᠮᠵᠢᠯᠠᠯ ᠢ ᠠᠬᠢᠭᠤᠯᠬᠤ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠠᠵᠢᠯᠯᠠᠭ᠎ᠠ ᠶᠢ ᠬᠥᠲᠥᠯᠥᠨ ᠵᠢᠯᠣᠭᠤᠳᠬᠤ᠂ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠥᠷᠭᠡᠨ ᠳᠡᠯᠭᠡᠷ ᠭᠦᠨᠵᠡᠭᠡᠶ ᠥᠷᠨᠢᠭᠦᠯᠬᠦ ᠶᠢ ᠠᠬᠢᠭᠤᠯᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号