ᠮᠠᠨ ᠤ ᠬᠤᠰᠢᠭᠤᠨ ᠤ ᠡᠯ᠎ᠡ ᠰᠤᠷᠭᠠᠭᠤᠯᠢ ᠴᠡᠴᠡᠷᠯᠢᠭ ᠪᠦᠬᠦ ᠳᠠᠯ᠎ᠠ ᠪᠠᠷ ᠬᠢᠴᠢᠶᠡᠯ ᠡᠬᠢᠯᠡᠵᠦ᠂ ᠬᠤᠰᠢᠭᠤ | ᠰᠤᠷᠭᠠᠨ ᠬᠥᠮᠦᠵᠢᠯ ᠤᠨ ᠲᠣᠪᠴᠢᠶ᠎ᠠ ᠪᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠨ 2024 ᠣᠨ ᠤ | ᠨᠠᠮᠤᠷ ᠤᠨ ᠤᠯᠠᠷᠢᠯ ᠤᠨ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠳᠤᠰᠬᠠᠢ ᠠᠵᠢᠯᠯᠠᠭ᠎ᠠ | ᠦᠷᠨᠢᠬᠦᠯᠦᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠨᠥᠬᠦᠴᠡᠯ ᠢ | ᠴᠡᠭᠴᠡᠯᠡᠨ ᠵᠠᠰᠠᠬᠤ᠂ ᠰᠤᠷᠭᠠᠭᠤᠯᠢ ᠶᠢᠨ ᠳᠣᠲᠣᠭᠠᠳᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ | ᠰᠢᠯᠢᠳᠡᠭᠵᠢᠭᠦᠯᠬᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ᠂ ᠭᠡᠨᠡᠳᠲᠡ ᠶᠢᠨ | ᠬᠡᠷᠡᠭ ᠢ ᠠᠷᠭᠠᠴᠠᠭᠠᠬᠤ ᠪᠡᠯᠡᠳᠬᠡᠯ ᠲᠥᠰᠦᠯ ᠪᠠ ᠰᠣᠷᠢᠯᠲᠠ ᠵᠡᠷᠭᠡ ᠳᠤ ᠪᠠᠶᠢᠷᠢᠯᠠᠭᠤᠯᠤᠯᠲᠠ ᠬᠢᠵᠦ᠂ ᠰᠤᠷᠭᠠᠭᠤᠯᠢ | ᠶᠢᠨ ᠬᠦᠷᠢᠶᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤᠤ ᠪᠠᠶᠢᠨ᠎ᠠ᠃ | ᠤᠶᠢᠷ᠎ᠠ ᠶᠢᠨ ᠡᠳᠦᠷ᠂ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠳᠤ 2024 ᠣᠨ ᠤ ︽ | ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠶᠠᠪᠤᠭᠳᠠᠭᠤᠯᠵᠠᠢ᠃ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ︾ ᠲᠤᠰᠬᠠᠶ ᠠᠵᠢᠯᠯᠠᠭ᠎ᠠ | ᠪᠣᠯ ᠤᠯᠤᠰ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ | ᠪᠠᠶᠢᠷᠢᠯᠠᠭᠤᠯᠤᠯᠲᠠ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ᠂ ᠰᠤᠷᠭᠠᠨ ᠬᠥᠮᠦᠵᠢᠯ ᠤᠨ ᠡᠮᠬᠢ ᠵᠢᠷᠤᠮ | ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠬᠤᠶᠢᠰᠢᠳᠠ ︽ᠭᠤᠷᠪᠠ ᠶᠢ ᠬᠠᠮᠢᠶᠠᠷᠬᠤ ᠭᠤᠷᠪᠠ ᠶᠢ | ᠡᠷᠬᠡᠪᠰᠢ ᠬᠢᠬᠦ︾ ᠵᠠᠷᠴᠢᠮ ᠢ ᠭᠦᠨᠵᠡᠭᠡᠶ ᠲᠤᠤᠱᠯᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠤᠨ ︽ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠳᠦᠷᠢᠮ ᠢ ᠪᠦᠷᠢᠨᠰᠢᠬᠦᠯᠦᠨ | ᠳᠡᠬᠦᠯᠳᠡᠷᠵᠢᠬᠦᠯᠬᠦ︾᠂ ︽ᠲᠣᠭᠲᠠᠴᠠ ᠶᠢᠨ ᠪᠠᠶᠢᠭᠤᠯᠤᠯᠲᠠ ᠶᠢ ᠨᠠᠷᠢᠯᠢᠭᠵᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ︾᠂ ︽ᠰᠠᠯᠠᠭ᠎ᠠ ᠮᠥᠴᠢᠷ ᠬᠠᠮᠲᠤᠷᠠᠨ | ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠢ ᠭᠦᠨᠵᠡᠭᠡᠶ ᠥᠷᠨᠢᠭᠦᠯᠬᠦ︾ ᠭᠤᠷᠪᠠᠨ ᠲᠠᠯ᠎ᠠ ᠪᠠᠷ ᠭᠦᠨᠵᠡᠭᠡᠶ ᠬᠦᠴᠦ ᠣᠷᠣᠭᠤᠯᠵᠤ᠂ ᠬᠡᠦᠬᠡᠳ ᠤᠨ | ᠥᠰᠦᠨ ᠪᠣᠶᠢᠵᠢᠬᠤ ᠳᠤ ᠠᠮᠤᠷ ᠲᠦᠪᠰᠢᠨ ᠣᠷᠣᠨ ᠵᠠᠶ ᠬᠠᠩᠭᠠᠵᠤ ᠥᠭᠬᠦ ᠪᠤᠯᠤᠨ᠎ᠠ᠃ | ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠡᠬᠢᠯᠡᠯᠳᠡ ᠶᠢᠨ | ᠶᠤᠰᠤᠯᠠᠯ ᠳᠤ ᠢᠯᠡᠷᠬᠡᠶᠢᠯᠡᠬᠦ ᠳᠡᠭᠡᠨ᠂ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠦᠨ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠵᠠᠰᠠᠯᠲᠠ ᠶᠢ | ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠭᠤᠣᠯᠳᠠᠯᠭ᠎ᠠ ᠲᠠᠢ ᠣᠷᠣᠨ | ᠪᠠᠶᠢᠷᠢ ᠶᠢ ᠲᠣᠣᠷᠵᠢᠭᠤᠯᠤᠭᠰᠠᠨ ᠳᠤᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠰᠢᠰᠲ᠋ᠧᠮ ᠳᠤ ᠣᠷᠣᠭᠤᠯᠵᠤ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠪᠤᠳᠤᠯᠢᠶᠠᠨᠲᠠᠢ ᠲᠠᠯᠠᠪᠤᠷ ᠭᠠᠵᠠᠷ ᠢ | ᠴᠡᠪᠡᠷᠯᠡᠨ ᠴᠡᠭᠴᠡᠯᠡᠬᠦ ᠠᠵᠢᠯ ᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠡᠷᠲᠡᠬᠡᠨ ᠢᠯᠡᠷᠡᠭᠦᠯᠵᠦ᠂ ᠴᠠᠭ ᠲᠤᠬᠠᠢ | ᠳᠤᠨᠢ ᠴᠡᠭᠴᠡᠯᠡᠨ ᠰᠠᠶᠢᠵᠢᠷᠠᠭᠤᠯᠵᠤ᠂ ᠪᠦᠲᠦᠮᠵᠢᠲᠡᠢ ᠰᠢᠢᠳᠪᠦᠷᠢᠯᠡᠵᠦ᠂ ᠲᠣᠬᠢᠲᠠᠢ ᠰᠢᠢᠳᠪᠦᠷᠢᠯᠡᠵᠦ᠂ ᠰᠤᠷᠭᠠᠭᠤᠯᠢ | ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ ᠲᠣᠭᠲᠠᠭᠤᠨ ᠪᠠᠶᠢᠬᠤ ᠶᠢ ᠪᠠᠳᠤᠯᠠᠨ᠎ᠠ ᠭᠡᠵᠡᠢ᠃ | ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠤᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠰᠠ ᠲᠤᠬᠠᠶ ᠶᠢᠨ ᠲᠠᠯᠠᠪᠠᠢ ᠳᠤ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ | ᠲᠦᠪᠰᠢᠨ ᠤ ᠮᠡᠳᠡᠯᠭᠡ ᠪᠠ ᠣᠨᠴᠠᠭᠠᠶ ᠴᠠᠭ ᠦᠶ᠎ᠡ ᠶᠢᠨ ᠭᠠᠯ ᠤᠨ ᠠᠶᠤᠯ ᠢ ᠰᠡᠷᠭᠡᠶᠢᠯᠡᠬᠦ ᠶᠢᠨ ᠴᠢᠬᠤᠯᠠ ᠴᠢᠨᠠᠷ ᠢ | ᠲᠠᠶᠢᠯᠪᠤᠷᠢᠯᠠᠵᠤ᠂ ᠭᠠᠯ ᠤᠨ ᠭᠠᠮᠰᠢᠭ ᠡᠬᠦᠰᠬᠦ ᠰᠢᠯᠲᠠᠭᠠᠨ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠭᠠᠵᠤ ᠠᠮᠢ ᠵᠢᠭᠤᠲᠠᠬᠤ ᠵᠡᠷᠭᠡ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠠᠭᠰᠢ ᠰᠤᠷᠤᠭᠴᠢᠳ ᠤᠨ | ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠷᠮᠠᠶᠢᠨ ᠳᠡᠭᠡᠭᠰᠢᠯᠡᠭᠦᠯᠪᠡ᠃ | ᠶᠣᠰᠣᠯᠠᠯ ᠤᠨ ᠠᠬᠤᠶ ᠲᠠᠯᠠᠪᠠᠶ ᠳᠤ ᠪᠠᠰᠠ ᠠᠮᠤᠷ ᠲᠦᠪᠰᠢᠨ ᠤ ᠳᠤᠭᠤᠯᠠᠭ᠎ᠠ ᠪᠠ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠭᠠᠵᠢ ᠬᠡᠷᠡᠭᠰᠡᠯ ᠲᠠᠷᠬᠠᠭᠠᠬᠤ ᠶᠣᠰᠣᠯᠠᠯ ᠶᠠᠪᠤᠭᠳᠠᠭᠤᠯᠤᠨ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠭᠠᠵᠢ ᠬᠡᠷᠡᠭᠰᠡᠯ ᠤᠨ ᠪᠤᠯᠪᠠᠰᠤᠷᠠᠯ ᠬᠢᠵᠦ᠂ ᠭᠡᠷᠡᠭᠯᠡᠬᠦ ᠠᠷᠭ᠎ᠠ ᠶᠢ | ᠵᠢᠭᠠᠵᠠᠢ᠃ | ᠳᠠᠷᠠᠭ᠎ᠠ ᠨᠢ᠂ ᠰᠤᠷᠭᠠᠭᠤᠯᠢ ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠨ ᠬᠦᠴᠦᠷᠬᠡᠭᠯᠡᠯ ᠢ ᠰᠡᠷᠭᠡᠶᠢᠯᠡᠬᠦ | ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠣᠳᠣᠬᠠᠨ ᠤ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠲᠠᠯᠠᠪᠠᠶ | ᠶᠢᠨ ᠵᠢᠭᠠᠨ ᠰᠤᠷᠭᠠᠯᠲᠠ ᠪᠠ ᠰᠣᠯᠢᠯᠴᠠᠭ᠎ᠠ ᠪᠠᠷ ᠳᠠᠮᠵᠢᠭᠤᠯᠤᠨ᠂ ᠬᠦᠴᠦᠷᠬᠡᠭᠯᠡᠯ ᠢ ᠰᠡᠷᠭᠡᠶᠢᠯᠡᠬᠦ ᠪᠣᠯᠣᠳ ᠰᠡᠷᠡᠭᠡ᠂ | ᠪᠠᠮᠪᠠᠶ᠂ ᠴᠠᠭᠳᠠᠭᠠᠨ ᠤ ᠰᠢᠳᠠᠮ ᠵᠡᠷᠭᠡ ᠪᠠᠭᠠᠵᠢ ᠬᠡᠷᠡᠭᠰᠡᠯ ᠤᠨ ᠴᠢᠳᠠᠮᠵᠢ ᠪᠠ ᠬᠡᠷᠡᠭᠯᠡᠬᠦ ᠠᠷᠭ᠎ᠠ ᠶᠢ ᠨᠠᠷᠢᠨ | ᠲᠠᠶᠢᠯᠪᠤᠷᠢᠯᠠᠵᠤ᠂ ᠬᠡᠷᠬᠢᠨ ᠪᠠᠭᠠᠵᠢ ᠬᠡᠷᠡᠭᠰᠡᠯ ᠢ ᠠᠰᠢᠭᠯᠠᠨ ᠰᠡᠷᠭᠡᠶᠢᠯᠡᠨ ᠬᠠᠮᠠᠭᠠᠯᠠᠬᠤ ᠵᠢᠭᠰᠠᠭᠠᠯ ᠤᠨ ᠬᠡᠯᠪᠡᠷᠢ ᠶᠢ | ᠪᠦᠷᠢᠯᠳᠦᠭᠦᠯᠵᠦ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠶᠢᠨ ᠬᠠᠮᠲᠤ ᠡᠰᠡᠷᠭᠦᠴᠡᠯᠳᠦᠬᠦ ᠰᠣᠷᠢᠯᠲᠠ ᠬᠢᠬᠦ ᠶᠢ | ᠭᠤᠤᠯᠳᠠᠯᠭ᠎ᠠ ᠲᠠᠢ ᠵᠢᠯᠣᠭᠤᠳᠪᠠ᠃ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠶᠢᠨ ᠲᠥᠯᠥᠭᠡ᠂ ᠪᠣᠯᠪᠠᠰᠤᠷᠠᠯ | ᠳᠤ ᠤᠷᠤᠯᠴᠠᠭᠰᠠᠳ ᠪᠠᠰᠠ ᠲᠤᠬᠠᠶ ᠶᠢᠨ ᠲᠠᠯᠠᠪᠤᠷ ᠲᠤ ᠪᠣᠳᠠᠲᠤ ᠰᠤᠷᠭᠠᠭᠤᠯᠢᠯ ᠬᠢᠵᠡᠶ᠃ | ᠣᠶᠢᠯᠠᠭᠠᠭᠰᠠᠨ ᠢᠶᠠᠷ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠤᠯᠤᠰ ᠤᠨ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠤᠱᠯᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠢᠮᠠᠭᠲᠠ ᠰᠤᠷᠭᠠᠨ ᠬᠥᠮᠦᠵᠢᠯ | ᠤᠨ ᠠᠵᠢᠯ ᠤᠨ ᠠᠮᠢᠨ ᠰᠤᠳᠠᠰᠤ ᠪᠣᠯᠭᠠᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ | ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ︾ ᠵᠠᠷᠴᠢᠮ ᠢ ᠪᠠᠷᠢᠮᠲᠠᠯᠠᠨ᠂ ᠠᠯᠢ ᠣᠯᠠᠨ ᠯᠠᠪᠳᠠᠭᠤᠨ | ᠪᠦᠲᠦᠮᠵᠢᠲᠡᠶ ᠠᠷᠭ᠎ᠠ ᠬᠡᠮᠵᠢᠶ᠎ᠡ ᠶᠢ ᠭᠡᠷᠡᠭᠵᠢᠬᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠬᠠᠮᠢᠶᠠᠷᠤᠯᠲᠠ ᠪᠠ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠪᠠ᠃ ᠲᠦᠷᠢᠮ ᠤᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠰᠢᠰᠲ᠋ᠧᠮ᠂ ᠤᠬᠠᠭᠤᠯᠭ᠎ᠠ ᠬᠥᠮᠦᠵᠢᠯ ᠪᠠ ᠪᠣᠯᠪᠠᠰᠤᠷᠠᠯ ᠰᠤᠷᠭᠠᠯᠳᠠ᠂ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠶᠡᠷᠦᠩᠬᠡᠶᠢᠯᠡᠨ ᠵᠠᠰᠠᠬᠤ ᠪᠠ | ᠬᠠᠮᠵᠢᠯᠴᠠᠨ ᠠᠵᠢᠯᠯᠠᠬᠤ ᠵᠡᠷᠭᠡ ᠠᠵᠢᠯ ᠢᠶᠠᠷ ᠳᠡᠮᠵᠢᠨ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ | ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ | ᠣᠯᠵᠤ᠂ ᠣᠳᠣᠬᠠᠨ ᠪᠣᠯᠲᠠᠯ᠎ᠠ᠂ ᠬᠤᠰᠢᠭᠤ ᠱᠠᠲᠤᠨ ᠤ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ︾ ᠤ | ᠢᠷᠠᠭᠤ ᠠᠯᠳᠠᠷ ᠬᠦᠷᠳᠡᠭᠰᠡᠨ ᠰᠤᠷᠭᠠᠭᠤᠯᠢ 20᠂ ᠠᠶᠢᠮᠠᠭ ᠤᠨ ᠱᠠᠲᠤᠨ ᠤ ︽ᠠᠮᠤᠷ ᠠᠮᠤᠭᠤᠯᠠᠩ ᠰᠤᠷᠭᠠᠭᠤᠯᠢ | ᠶᠢᠨ ᠬᠦᠷᠢᠶᠡᠨ︾ ᠤ ᠢᠷᠠᠭᠤ ᠠᠯᠳᠠᠷ ᠬᠦᠷᠳᠡᠭᠰᠡᠨ ᠰᠤᠷᠭᠠᠭᠤᠯᠢ 6 ᠪᠠᠶᠢᠵᠤ᠂ ᠡᠭᠦᠨ ᠳᠤ ᠬᠤᠰᠢᠭᠤ ᠱᠠᠲᠤᠨ ᠤ 1 | ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠶᠢ 2024 ᠣᠨ ᠤ ᠠᠶᠢᠮᠠᠭ ᠤᠨ ᠱᠠᠲᠤᠨ ᠤ ︽ᠠᠮᠤᠷ | ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠪᠠᠷ ᠮᠡᠳᠡᠭᠦᠯᠵᠦ᠂ ᠠᠶᠢᠮᠠᠭ ᠤᠨ ᠱᠠᠲᠤᠨ ᠤ 2 ︽ᠠᠮᠤᠷ ᠠᠮᠤᠭᠤᠯᠠᠩ | ᠰᠤᠷᠭᠠᠭᠤᠯᠢ ᠶᠢᠨ ᠬᠦᠷᠢᠶ᠎ᠡ︾ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠠᠮᠤᠷ ᠠᠮᠤᠭᠤᠯᠠᠩ | ᠰᠤᠷᠭᠠᠭᠤᠯᠢ ᠶᠢᠨ ᠬᠦᠷᠢᠶ᠎ᠡ︾ ᠪᠠᠷ ᠳᠡᠭᠡᠭᠰᠢ ᠮᠡᠳᠡᠭᠦᠯᠦᠭᠡᠳ ᠪᠤᠢ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠬᠤᠯᠪᠣᠭᠳᠠᠯ | ᠪᠦᠬᠦᠢ ᠱᠠᠭᠠᠷᠳᠠᠯᠭ᠎ᠠ ᠪᠠᠷ᠂ ᠮᠠᠨ ᠤ ᠬᠤᠰᠢᠭᠤ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ | ᠢᠶᠠᠷ ᠰᠡᠷᠭᠡᠶᠢᠯᠡᠬᠦ ᠪᠠᠶᠢᠭᠤᠯᠤᠯᠲᠠ ᠶᠢ ᠴᠢᠩᠭ᠎ᠠ ᠠᠳᠬᠤᠵᠤ᠂ ︽ᠭᠤᠷᠪᠠᠨ ᠰᠡᠷᠭᠡᠶᠢᠯᠡᠬᠦ ᠶᠢ ᠨᠢᠭᠡ | ᠴᠣᠭᠴᠠᠵᠢᠭᠤᠯᠤᠭᠰᠠᠨ︾ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠬᠦᠴᠦᠯᠡᠨ ᠪᠠᠶᠢᠭᠤᠯᠪᠠ᠃ ᠣᠳᠣᠬᠠᠨ | ᠳᠤ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠲᠤᠰᠬᠠᠶ | ᠲᠤᠰᠢᠶᠠᠯᠲᠤ ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ 100 % ᠳᠤ ᠬᠦᠷᠴᠦ᠂ ᠡᠯ᠎ᠡ | ᠰᠤᠷᠭᠠᠭᠤᠯᠢ ︵ᠴᠡᠴᠡᠷᠯᠢᠭ︶ ᠨᠢ ᠠᠩᠭᠢ ᠳᠠᠭᠠᠭᠤᠯᠬᠤ ᠤᠳᠤᠷᠢᠳᠤᠯᠭ᠎ᠠ᠂ ᠭᠠᠷᠠᠭ ᠤᠨ ᠵᠢᠵᠢᠭᠦᠷ ᠤᠨ ᠪᠠᠭᠰᠢ᠂ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠬᠡᠷ ᠤᠨ ᠠᠬᠠᠮᠠᠳ ᠤᠨ ᠰᠠᠶᠢᠨ ᠳᠤᠷ᠎ᠠ ᠶᠢᠨ ᠠᠵᠢᠯᠯᠠᠭᠴᠢ | ᠵᠡᠷᠭᠡ ᠬᠥᠮᠦᠰ ᠢᠶᠠᠷ ᠪᠦᠷᠢᠯᠳᠦᠭᠰᠡᠨ ︽ᠰᠤᠷᠤᠯᠭ᠎ᠠ ᠬᠠᠮᠠᠭᠠᠯᠠᠬᠤ ᠠᠵᠢᠯ ᠤᠨ ᠪᠠᠶᠢᠷᠢ︾ ᠭᠠᠷᠭᠠᠵᠤ᠂ ︽ᠰᠤᠷᠤᠯᠭ᠎ᠠ | ᠬᠠᠮᠠᠭᠠᠯᠠᠬᠤ ᠠᠵᠢᠯ ᠤᠨ ᠪᠠᠶᠢᠷᠢ︾ ᠲᠣᠬᠢᠷᠠᠭᠤᠯᠬᠤ ᠨᠣᠷᠮ᠎ᠠ 100 % ᠳᠤ ᠬᠦᠷᠪᠡ᠃ ᠡᠯ᠎ᠡ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠴᠠᠬᠢᠯᠭᠠᠨ ᠡᠭᠦᠳᠡ ᠪᠠ ᠮᠦᠷᠭᠦᠯᠳᠡᠬᠦ ᠠᠴᠠ ᠰᠡᠷᠭᠡᠶᠢᠯᠡᠬᠦ ᠠᠮᠤᠷ | ᠲᠦᠪᠰᠢᠨ ᠤ ᠪᠠᠭᠠᠨ᠎ᠠ ᠤᠭᠰᠠᠷᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ | ᠬᠠᠮᠢᠶᠠᠷᠤᠯᠲᠠ ᠶᠢ 100 % ᠪᠠᠷ ᠪᠡᠶᠡᠯᠡᠭᠦᠯᠪᠡ᠃ ᠡᠯ᠎ᠡ ᠰᠤᠷᠭᠠᠭᠤᠯᠢ ︵ᠴᠡᠴᠡᠷᠯᠢᠭ︶ ᠶᠢᠨ ᠥᠨᠳᠥᠷ ᠪᠠᠷᠢᠯᠭ᠎ᠠ | ᠶᠢᠨ ᠴᠣᠩᠬᠤ ᠳᠤ ᠶᠢᠨ ᠳᠡᠮᠦᠷ ᠱᠠ ᠴᠣᠩᠬᠤ᠂ ᠬᠠᠯᠬᠠᠪᠴᠢ ᠬᠡᠷᠡᠰᠬᠡ ᠵᠡᠷᠭᠡ ᠠᠮᠤᠷ ᠲᠦᠪᠰᠢᠨ ᠤ ᠰᠡᠷᠭᠡᠶᠢᠯᠡᠨ | ᠬᠠᠮᠠᠭᠠᠯᠠᠬᠤ ᠵᠦᠢᠯ ᠢ ᠨᠡᠮᠡᠨ ᠤᠭᠰᠠᠷᠠᠵᠤ᠂ ᠰᠤᠷᠤᠭᠴᠢᠳ ᠤᠨ ᠦᠨᠳᠦᠷ ᠠᠴᠠ ᠤᠨᠠᠵᠤ ᠠᠳᠡᠯ ᠭᠠᠷᠬᠤ ᠠᠴᠠ | ᠪᠦᠲᠦᠮᠵᠢᠲᠡᠶ ᠰᠡᠷᠭᠡᠶᠢᠯᠡᠪᠡ᠃ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠲᠤ ᠴᠥᠮ ᠨᠢᠭᠡ ᠳᠠᠷᠤᠪᠴᠢᠲᠤ ᠲᠦᠭᠰᠢᠭᠦᠷᠢ ᠮᠡᠳᠡᠭᠦᠯᠬᠦ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ ᠤᠭᠰᠠᠷᠠᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠰᠦᠯᠵᠢᠶ᠎ᠡ ᠪᠠᠨ | ᠬᠤᠯᠪᠣᠵᠤ᠂ ᠨᠢᠭᠡ ᠳᠠᠷᠤᠪᠴᠢᠲᠤ ᠲᠦᠭᠰᠢᠭᠦᠷᠢ ᠮᠡᠳᠡᠭᠦᠯᠬᠦ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ | ᠤᠨ ᠪᠦᠷᠬᠦᠴᠡ ᠶᠢᠨ ᠨᠣᠷᠮ᠎ᠠ ᠶᠢ 100 % ᠳᠤ ᠬᠦᠷᠭᠡᠵᠡᠢ᠃ | ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠯ ᠰᠡᠷᠭᠡᠶᠢᠯᠡᠵᠦ | ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠳᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠰᠤᠷᠭᠠᠭᠤᠯᠢ ᠪᠠ ᠰᠣᠷᠣᠭᠴᠢ ᠳᠤ ᠬᠤᠯᠪᠣᠭᠳᠠᠬᠤ ᠠᠮᠤᠷ ᠲᠦᠪᠰᠢᠨ ᠤ ᠬᠡᠮ ᠰᠣᠭᠤᠭ ᠢ ᠲᠣᠭᠲᠠᠮᠠᠯ ᠬᠤᠭᠤᠴᠠᠭ᠎ᠠ | ᠲᠠᠢ ᠪᠠᠷ ᠰᠤᠳᠤᠯᠤᠨ ᠮᠠᠭᠠᠳᠯᠠᠵᠤ᠂ ᠵᠠᠳᠠᠯᠤᠨ ᠰᠢᠨᠵᠢᠯᠡᠵᠦ᠂ ᠵᠢᠭᠰᠠᠭᠠᠨ ᠪᠠᠶᠢᠴᠠᠭᠠᠵᠤ᠂ ᠰᠠᠯᠠᠭ᠎ᠠ ᠮᠥᠴᠢᠷ ᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠡᠷᠭᠡᠪᠡᠷ | ᠠᠳᠬᠤᠨ ᠬᠠᠮᠲᠤ ᠪᠠᠷ ᠬᠠᠮᠢᠶᠠᠷᠴᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ | ᠢ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠪᠠᠶᠢᠨ᠎ᠠ᠃ |