ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠶᠢ ᠳᠡᠯᠭᠡᠷᠡᠬᠦᠯᠦᠨ ᠭᠡᠷᠡᠭᠯᠯᠡᠵᠦ ᠤᠷᠴᠢᠨ ᠠᠬᠤᠢ ᠶᠢᠨ ᠬᠠᠮᠠᠭᠠᠠᠯᠳᠠ ᠶᠢᠨ ᠠᠮᠵᠢᠯᠳᠠ ᠳᠤ ᠬᠦᠷᠦᠯ᠎ᠡ
ᠨᠡᠶᠢᠲᠡᠯᠡᠭᠰᠡᠨ ᠴᠠᠭ᠄
2024/9/3
     ᠮᠠᠨ ᠤ ᠬᠤᠰᠢᠭᠤ ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠶᠢᠨ ᠲᠦᠭᠡᠮᠡᠯᠵᠢᠯᠲᠡ ᠪᠠ ᠬᠡᠷᠡᠭᠯᠡᠯᠲᠡ ᠶᠢ ᠢᠳᠡᠪᠬᠢᠲᠡᠶ ᠳᠡᠯᠭᠡᠷᠡᠭᠦᠯᠦᠭᠡᠳ ᠢᠯᠡᠳᠲᠡ ᠦᠷ᠎ᠡ ᠪᠦᠲᠦᠮᠵᠢ ᠣᠯᠵᠤ᠂ ᠲᠠᠷᠢᠶᠠᠯᠠᠩ ᠤᠨ ᠪᠣᠬᠢᠷᠲᠤᠯ ᠥᠬᠡᠶ ᠦᠷᠬᠦᠯᠵᠢᠯᠡᠬᠦᠶᠢᠴᠡ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃      ᠰᠠᠶᠢᠬᠠᠨᠲᠠᠯ᠎ᠠ ᠪᠠᠯᠭᠠᠰᠤᠨ ᠳᠤ᠂ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯᠲᠡᠨ ᠶᠠᠭ ᠳᠠᠷᠢᠮᠠᠯ ᠤᠨ ᠲᠤᠷᠰᠢᠯᠲᠠ ᠶᠢᠨ ᠣᠷᠣᠨ ᠳᠤ ᠳᠠᠷᠢᠵᠤ ᠪᠠᠶᠢᠭ᠎ᠠ ᠪᠠ ᠪᠤᠯᠠᠭᠰᠠᠨ ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠶᠢᠨ ᠵᠠᠳᠠᠷᠠᠭᠰᠠᠨ ᠪᠠᠶᠢᠳᠠᠯ ᠢ ᠲᠡᠮᠳᠡᠭᠯᠡᠵᠦ᠂ ᠰᠦᠯᠢᠶᠣᠣ ᠪᠦᠷᠬᠦᠪᠴᠢ ᠶᠢᠨ ᠦᠶᠯᠡᠳᠬᠦᠨ ᠤ ᠬᠥᠷᠥᠰᠥ ᠰᠢᠷᠣᠶ ᠳᠠᠬᠢ ᠴᠢᠭᠢᠭ ᠢ ᠬᠠᠮᠠᠭᠠᠯᠠᠬᠤ ᠪᠠ ᠵᠠᠳᠠᠷᠠᠭᠰᠠᠨ ᠦᠷ᠎ᠡ ᠪᠦᠲᠦᠮᠵᠢ ᠶᠢ ᠬᠠᠷᠢᠴᠠᠭᠤᠯᠤᠨ ᠵᠠᠳᠠᠯᠵᠤ ᠪᠠᠶᠢᠯ᠎ᠠ᠃ ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠪᠣᠯ ᠠᠮᠢᠳᠤ ᠪᠣᠳᠠᠰ ᠤᠨ ᠵᠠᠳᠠᠷᠠᠨ  ᠰᠢᠩᠭᠡᠬᠦ ᠮᠠᠲ᠋ᠧᠷᠢᠶᠠᠯ  ᠢᠶᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠰᠢᠨ᠎ᠡ ᠬᠡᠯᠪᠡᠷᠢ ᠶᠢᠨ ᠭᠠᠵᠠᠷ ᠤᠨ ᠪᠦᠷᠬᠦᠪᠴᠢ ᠪᠣᠯᠤᠨ᠎ᠠ᠃ ᠲᠡᠷᠡ ᠨᠢ ᠠᠮᠢᠳᠤ ᠪᠣᠳᠠᠰ ᠤᠨ ᠵᠠᠳᠠᠷᠠᠨ ᠰᠢᠩᠭᠡᠬᠦ ᠴᠢᠳᠠᠮᠵᠢ ᠲᠠᠢ᠂ ᠵᠣᠬᠢᠬᠤ ᠦᠶᠡᠯᠡᠯ ᠤᠨ ᠬᠤᠭᠤᠴᠠᠭᠠᠨ ᠳᠤ ᠮᠢᠺᠷᠣᠪ ᠢᠶᠠᠷ ᠳᠡᠮᠵᠢᠨ ᠠᠶᠠᠨᠳᠠᠭᠠᠨ ᠵᠠᠳᠠᠷᠠᠵᠤ᠂ ᠪᠣᠬᠢᠷᠲᠤᠯ ᠥᠬᠡᠶ᠂ ᠬᠥᠷᠥᠰᠥ ᠰᠢᠷᠣᠶ᠂ ᠤᠰᠤᠨ ᠰᠤᠷᠪᠤᠯᠵᠢ ᠪᠠ ᠠᠮᠢ ᠠᠬᠤᠶ  ᠶᠢᠨ ᠣᠷᠴᠢᠨ ᠲᠣᠭᠤᠷᠢᠨ ᠢ ᠬᠠᠮᠠᠭᠠᠯᠠᠵᠤ᠂ ᠪᠠᠰᠠ ᠬᠥᠷᠥᠰᠥ ᠰᠢᠷᠣᠶ ᠶᠢᠨ ᠤᠰᠤ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠦᠷ᠎ᠡ ᠳ᠋ᠦᠩ ᠳᠤ ᠬᠦᠷᠴᠦ ᠴᠢᠳᠠᠨ᠎ᠠ᠃      ᠲᠠᠷᠢᠮᠠᠯ ᠤᠨ ᠡᠷᠦᠬᠡ ᠯᠢ ᠶᠦᠩ ᠵᠧᠩ᠂ ᠥᠩᠭᠡᠷᠡᠭᠰᠡᠨ ᠳᠤ ᠡᠩ ᠤᠨ ᠰᠦᠯᠢᠶᠣᠣ ᠪᠦᠷᠬᠦᠪᠴᠢ ᠭᠡᠷᠡᠭᠯᠡᠵᠦ ᠪᠠᠶᠢᠬᠤ ᠳᠤ᠂ ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠨᠢ ᠶᠡᠷᠦ ᠠᠴᠠ ᠬᠦᠴᠢᠷ ᠠᠰᠠᠭᠤᠳᠠᠯ ᠪᠣᠯᠤᠭᠰᠠᠭᠠᠷ ᠢᠷᠡᠵᠡᠶ᠃ ᠡᠨᠡ ᠵᠢᠯ᠂ ᠲᠠᠷᠢᠶᠠᠨ ᠳᠠᠭᠠᠨ ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠶᠢ ᠲᠤᠷᠰᠢᠨ ᠬᠡᠷᠡᠭᠯᠡᠵᠦ᠂ ᠪᠤᠴᠠᠵᠤ ᠬᠤᠷᠢᠶᠠᠬᠤ ᠥᠪᠡᠷ ᠤᠨ ᠥᠷᠲᠡᠭ ᠢ ᠠᠷᠪᠢᠯᠠᠵᠤ᠂ ᠤᠰᠤ ᠠᠷᠪᠢᠯᠠᠬᠤ ᠦᠷ᠎ᠡ ᠳ᠋ᠦᠩ ᠳᠤ ᠬᠦᠷᠦᠭᠰᠡᠨ ᠪᠠᠶᠢᠨ᠎ᠠ᠃      ᠤᠶᠢᠯᠠᠭᠠᠭᠰᠠᠨ ᠢᠶᠠᠷ᠂ 2021 ᠣᠨ ᠠᠴᠠ ᠨᠠᠰᠢ᠂ ᠮᠠᠨ ᠤ ᠬᠤᠰᠢᠭᠤ ᠭᠤᠤᠯᠳᠠᠯᠭ᠎ᠠ ᠲᠠᠢ ᠣᠷᠣᠨ ᠪᠦᠰᠡ ᠪᠣᠯᠤᠨ ᠲᠠᠷᠢᠮᠠᠯ ᠤᠨ ᠲᠥᠷᠥᠯ ᠵᠦᠶᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠶᠢᠨ ᠮᠡᠷᠭᠡᠵᠢᠯ ᠤᠨ ᠬᠡᠷᠡᠭᠯᠡᠭᠡᠨ ᠤ ᠴᠢᠨᠠᠷ ᠪᠣᠯᠤᠨ ᠪᠣᠯᠤᠮᠵᠢᠲᠤ ᠴᠢᠨᠠᠷ ᠢ ᠰᠦᠪᠡᠭᠴᠢᠯᠡᠪᠡ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠮᠡᠷᠭᠡᠵᠢᠯ ᠤᠨ ᠪᠤᠯᠪᠠᠰᠤᠷᠠᠯ ᠤᠨ ᠳᠡᠮᠵᠢᠯᠭᠡ ᠳᠣᠤᠷ᠎ᠠ᠂ ᠤᠯᠤᠰ ᠠᠴᠠ ᠮᠥ ᠪᠦᠷᠢ ᠳᠤ 120 ᠲᠥᠭᠦᠷᠢᠭ ᠤᠨ ᠨᠦᠬᠦᠪᠦᠷᠢ ᠦᠭᠴᠦ᠂ ᠳᠠᠷᠢᠶᠠᠴᠢᠨ ᠡᠷᠦᠬᠡ ᠶᠢᠨ ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ  ᠢ ᠳᠡᠭᠡᠭᠰᠢᠯᠡᠭᠦᠯᠦᠨ᠂ ᠲᠠᠷᠢᠶᠠᠨ ᠭᠠᠵᠠᠷ ᠤᠨ ᠴᠠᠭᠠᠨ ᠪᠣᠬᠢᠷᠲᠤᠯ ᠢ ᠪᠠᠭᠠᠰᠬᠠᠵᠤ᠂ ᠲᠠᠷᠢᠶᠠᠴᠢᠨ ᠡᠷᠦᠬᠡ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠵᠠᠢ᠃ ᠣᠳᠣᠬᠠᠨ ᠳᠤ᠂ ᠮᠠᠨ ᠤ ᠬᠤᠰᠢᠭᠤᠨ  ᠤ ᠠᠮᠢᠳᠤ ᠪᠣᠳᠠᠰ ᠤᠨ ᠵᠠᠳᠠᠷᠠᠮᠠᠯ ᠰᠦᠯᠢᠶᠣᠣ ᠪᠦᠷᠬᠦᠪᠴᠢ ᠶᠢᠨ ᠳᠡᠯᠭᠡᠷᠡᠭᠦᠯᠦᠭᠰᠡᠨ ᠲᠠᠯᠠᠪᠠᠶ ᠨᠢᠭᠡᠨᠲᠡ 2 ᠲᠦᠮᠡᠨ ᠮᠥ ᠳᠤ ᠬᠦᠷᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号