ᠰᠢ ᠶᠢᠨ ᠫᠢᠩ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠡᠳᠦᠷ ᠲᠤᠲᠤᠮ ᠳᠤ ᠠᠭᠤᠰᠤᠯᠴᠠᠭᠤᠯᠵᠤ ᠪᠠᠶᠢᠩᠭᠤ ᠠᠳᠬᠤᠬᠤ ᠶᠢ ᠪᠠᠷᠢᠮᠲᠠᠯᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/9/3
     ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 30 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠢᠳᠡᠪᠬᠢᠲᠡᠢ ᠦᠷ᠎ᠡ ᠪᠦᠲᠦᠮᠵᠢ ᠣᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠳᠤ᠂ ᠡᠳᠦᠷ ᠲᠤᠲᠤᠮ ᠳᠤ ᠠᠭᠤᠰᠤᠯᠴᠠᠭᠤᠯᠵᠤ ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠭᠦᠯ ᠬᠤᠷᠢᠶᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠃ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠵᠤ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠪᠠᠶᠢᠩᠭᠤ ᠶᠢᠨ ᠴᠢᠨᠠᠷ ᠪᠠ ᠲᠥᠪᠯᠡᠷᠡᠩᠭᠦᠢ ᠴᠢᠨᠠᠷ ᠢ ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ᠂ ᠪᠠᠲᠤᠯᠠᠨ ᠵᠣᠷᠢᠭᠵᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠬᠡᠷᠡᠭᠲᠡᠢ᠃ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠬᠦᠴᠦᠯᠡᠨ ᠠᠷᠢᠯᠭᠠᠵᠤ᠂ ᠨᠡᠮᠡᠭᠳᠡᠯ ᠢ ᠨᠡᠩ ᠪᠦᠲᠦᠮᠵᠢᠲᠡᠢ ᠬᠤᠷᠢᠭᠯᠠᠵᠤ᠂ ᠦᠯᠡᠳᠡᠭᠳᠡᠯ ᠢ ᠠᠷᠢᠯᠭᠠᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠭᠰᠠᠨ ᠤᠷᠢᠲᠠᠯ ᠳᠣᠣᠷ᠎ᠠ᠂ ᠰᠢᠷᠭᠠᠭᠤ ᠠᠵᠢᠯᠯᠠᠵᠤ᠂ ᠵᠣᠷᠢᠭᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠢᠳᠡᠪᠬᠢᠲᠡᠢ ᠠᠵᠢᠯᠯᠠᠬᠤ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 30 ᠤ ᠡᠳᠦᠷ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠳᠠᠢ ᠪᠤᠯᠭᠠᠬᠤ ᠶᠢ ᠠᠬᠢᠭᠤᠯᠬᠤ ᠲᠤᠬᠠᠢ ᠰᠠᠨᠠᠯ︾ ᠢ ᠬᠢᠨᠠᠨ ᠶᠠᠷᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠳ᠋ᠦᠩᠨᠡᠪᠡ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠠᠢ ᠴᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ‌ᠨᠤᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠲᠤ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ ᠶᠤᠮ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠡᠨᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠣᠳᠣᠬᠠᠨ ᠳᠤ ᠦᠨᠳᠦᠰᠦᠨ ᠳᠡᠭᠡᠨ ᠳᠠᠭᠤᠰᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠲᠤᠷᠰᠢᠯᠭ᠎ᠠ ᠰᠠᠶᠢᠨ ᠬᠢᠳᠡᠯ ᠢ ᠳ᠋ᠦᠩᠨᠡᠨ ᠬᠡᠷᠡᠭᠯᠡᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠦᠢᠯᠡᠰ ᠢ ᠠᠬᠢᠭᠤᠯᠬᠤ ᠳᠤ ᠦᠵᠡᠭᠦᠯᠭᠦ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ︽ᠨᠢᠭᠡᠳᠦᠭᠡᠷ ᠭᠠᠷ︾᠂ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠲᠤ ᠰᠠᠬᠢᠯᠭ᠎ᠠ ᠪᠠᠲᠤ ᠶᠢᠨ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠵᠢᠨ‌‍ᠬᠥ᠋ᠮᠦᠵᠢᠯ ᠢ ᠨᠠᠮ ᠤᠨ ᠭᠡᠰᠢᠭᠦᠨ᠂ ᠺᠠᠳ᠋ᠷ ᠤᠨ ᠡᠳᠦᠷ ᠲᠤᠳᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠳᠤ ᠠᠭᠤᠰᠤᠯᠴᠠᠭᠤᠯᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠬᠢ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠠᠮᠵᠢᠯᠲᠠ ᠲᠠᠢ ᠲᠤᠷᠰᠢᠯᠭ᠎ᠠ ᠶᠢ ᠠᠰᠢᠭᠯᠠᠵᠤ᠂ ᠴᠢᠨᠠᠷ ᠰᠠᠶᠢᠲᠠᠢ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠲᠦᠪᠰᠢᠨ ᠢ ᠠᠬᠢᠭᠤᠯᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠶᠢ ᠠᠬᠢᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ︽ᠲᠦᠷᠪᠡᠨ ᠵᠦᠢᠯ ᠤᠨ ᠭᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ ᠣᠨᠣᠪᠴᠢᠲᠠᠢ ᠵᠢᠷᠤᠮᠵᠢᠯ ᠲᠠᠢ ᠪᠠᠷ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠷ ᠳᠠᠮᠵᠢᠨ ᠺᠠᠳ᠋ᠷᠴᠤᠳ ᠤᠨ ᠨᠡᠩ ᠰᠠᠶᠢᠨ ᠢᠶᠠᠷ ᠠᠵᠢᠯ ᠬᠢᠵᠦ ᠦᠢᠯᠡᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠯᠢ ᠭᠠᠨ ᠵᠢᠶᠧ᠂ ᠯᠢ ᠱᠤ᠋ ᠯᠧᠢ᠂ ᠮᠦ ᠬᠤᠩ᠂ ᠵᠢᠶᠠᠩ ᠰᠢᠨ ᡁᠢ ᠬᠤᠷᠠᠯ ᠳᠤ ᠣᠷᠣᠯᠴᠠᠪᠠ᠃      ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号