ᠳᠡᠮᠦᠷ ᠵᠠᠮ ᠤᠨ ᠨᠡᠶᠢᠬᠡᠮ ᠳᠤᠭᠤᠷᠢᠭ ︽ᠬᠡᠦᠬᠡᠳ ᠤᠨ ᠬᠡᠷ ᠦᠷᠦᠭᠡ︾ ᠶᠢ ᠴᠤᠭᠴᠠᠯᠠᠨ ᠪᠠᠭᠠᠴᠤᠳ ᠤᠨ ᠦᠰᠦᠨ ᠪᠤᠶᠢᠵᠢᠯᠳᠠ ᠳᠤ ᠤᠳᠬ᠎ᠠ ᠤᠴᠢᠷ ᠨᠡᠮᠡᠷᠢᠯᠡᠨ᠎ᠡ
ᠨᠡᠶᠢᠲᠡᠯᠡᠭᠰᠡᠨ ᠴᠠᠭ᠄
2024/9/5
     ᠬᠡᠦᠬᠡᠳ ᠲᠤ ᠠᠮᠤᠷ ᠲᠦᠪᠰᠢᠨ᠂ ᠲᠠᠭᠠᠯᠠᠮᠵᠢᠲᠠᠶ᠂ ᠡᠷᠡᠭᠦᠯ ᠦᠰᠦᠨ ᠪᠣᠶᠢᠵᠢᠬᠤ ᠣᠷᠣᠨ ᠵᠠᠶ ᠬᠠᠩᠭᠠᠵᠤ᠂ ᠥᠪᠡᠷᠮᠢᠴᠡ᠂ ᠰᠣᠨᠢᠷᠬᠠᠯᠲᠠᠶ᠂ ᠬᠡᠦᠬᠡᠳ ᠤᠨ ᠠᠮᠢᠳᠤᠷᠠᠯ ᠲᠠᠢ ᠣᠶᠢᠷᠠᠲᠤᠭᠰᠠᠨ ᠬᠡᠦᠬᠡᠳ ᠤᠨ ᠬᠡᠷ ᠦᠷᠦᠭᠡ ᠶᠢ ᠴᠣᠭᠴᠠᠯᠠᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠰᠠᠶᠢᠬᠠᠨᠲᠠᠯ᠎ᠠ ᠪᠠᠯᠭᠠᠰᠤᠨ ᠤ ᠲᠡᠮᠦᠷ ᠵᠠᠮ ᠤᠨ ᠨᠡᠶᠢᠭᠡᠮ ᠲᠣᠭᠤᠷᠢᠭ ᠲᠠᠢ ᠬᠠᠮᠲᠤᠷᠠᠨ ︽ᠪᠠᠭᠠᠴᠤᠳ ᠬᠡᠦᠬᠡᠳ ᠨᠠᠮ  ᠢᠶᠠᠨ ᠲᠠᠭᠠᠨ ᠦᠰᠦᠨ ᠪᠣᠶᠢᠵᠢᠬᠤ︾ ᠲᠡᠮᠦᠷ ᠵᠠᠮ ᠤᠨ ᠨᠡᠶᠢᠭᠡᠮ ᠲᠣᠭᠤᠷᠢᠭ ᠤᠨ ᠬᠡᠦᠬᠡᠳ ᠤᠨ ᠬᠡᠷ ᠦᠷᠦᠭᠡᠨ ᠤ ︽ᠭᠤᠶᠢᠳᠠ ᠰᠠᠶᠢᠬᠠᠨ ᠴᠠᠭ ᠮᠦᠴᠡ ᠶᠢ ᠬᠠᠮᠳᠤ ᠪᠠᠷ ᠳᠡᠮᠳᠡᠭᠯᠡᠬᠦ︾ ᠠᠵᠢᠯᠯᠠᠭ᠎ᠠ ᠥᠷᠨᠢᠭᠦᠯᠪᠡ᠃      ᠬᠤᠰᠢᠭᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠪᠣᠯᠤᠨ ᠲᠡᠮᠦᠷ ᠵᠠᠮ ᠤᠨ ᠨᠡᠶᠢᠭᠡᠮ ᠲᠣᠭᠤᠷᠢᠭ ᠤᠨ ᠠᠵᠢᠯᠳᠠᠳ ᠤᠨ ᠨᠢᠮᠪᠠᠶᠢᠯᠠᠨ ᠪᠡᠯᠡᠳᠭᠡᠭᠰᠡᠨ ᠵᠦᠢᠯᠡᠰ ᠭᠡᠦᠭᠡᠳ ᠤᠳ ᠤᠨ ᠪᠠᠬ᠎ᠠ ᠶᠢ ᠳᠠᠳᠠᠵᠤ᠂ ᠬᠡᠦᠬᠡᠳ ᠤᠳ ᠭᠡᠷ  ᠤᠨ ᠠᠬᠠᠮᠠᠳ ᠤᠨ ᠢᠶᠠᠨ ᠳᠠᠭᠠᠭᠤᠯᠭ᠎ᠠ ᠳᠣᠤᠷ᠎ᠠ᠂ ᠥᠪᠡᠷ ᠤᠨ ᠳᠤᠷᠠᠲᠠᠢ ᠭᠠᠷ ᠤᠭᠤᠲᠠ ᠪᠠᠨ ᠰᠣᠩᠭᠤᠵᠤ᠂ ᠪᠦᠲᠦᠭᠡᠯᠴᠢ ᠰᠡᠳᠬᠢᠬᠦᠢ ᠤᠷ᠎ᠠ ᠠᠪᠢᠶᠠᠰ ᠢᠶᠠᠨ ᠪᠠᠳᠠᠷᠠᠭᠤᠯᠤᠨ ᠨᠠᠭᠠᠮᠠᠯ ᠵᠢᠷᠤᠭ᠂ ᠤᠭᠰᠠᠷᠠᠳᠠᠭ ᠳᠤᠭᠯᠠᠭᠠᠮ ᠵᠡᠷᠭᠡ  ᠶᠢ ᠠᠰᠢᠭᠯᠠᠨ ᠳᠤᠷᠠᠳᠠᠢ ᠵᠦᠢᠯᠡᠰ ᠢᠶᠠᠨ ᠤᠷᠠᠯᠠᠨ ᠪᠦᠲᠦᠭᠡᠨ᠎ᠡ᠃ ᠪᠦᠬᠦᠶᠢᠯᠡ ᠠᠵᠢᠯᠯᠠᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠪᠠᠶᠠᠷ ᠬᠥᠷ ᠲᠠᠢ ᠪᠠᠶᠢᠵᠤ᠂ ᠭᠡᠷ ᠤᠨ ᠠᠬᠠᠮᠠᠳ ᠤᠨ ᠭᠡᠦᠭᠡᠳ ᠤᠨ ᠢᠶᠠᠨ ᠳᠤᠷ᠎ᠠ ᠰᠤᠨᠢᠷᠬᠠᠯ ᠢ ᠤᠯᠠᠮ ᠤᠶᠢᠯᠠᠭᠠᠬᠤ ᠶᠢ ᠠᠬᠢᠭᠤᠯᠤᠨ᠂ ᠭᠡᠦᠭᠡᠳ ᠤᠳ ᠲᠤ ᠠᠪᠢᠶᠠᠰ ᠪᠢᠯᠢᠭ ᠢᠶᠠᠨ ᠭᠠᠶᠢᠬᠠᠭᠤᠯᠬᠤ ᠪᠤᠯᠤᠮᠵᠢ ᠤᠯᠭᠤᠯ᠎ᠠ᠃      ︽ᠬᠡᠦᠭᠡᠳ ᠤᠨ ᠭᠡᠷ ᠦᠷᠦᠭᠡᠨ︾ ᠤ ᠬᠠᠨᠠᠨ ᠳᠡᠭᠡᠷ᠎ᠡ᠂ ᠬᠠᠮᠢᠶᠠᠷᠤᠯᠲᠠ ᠶᠢᠨ ᠨᠠᠷᠢᠨ ᠳᠦᠷᠢᠮ ᠢ ᠳᠤᠳᠤᠷᠬᠠᠶᠢᠯᠠᠨ᠂ ᠡᠪᠯᠡᠭᠦᠯᠳᠡᠭ ᠲᠣᠭᠯᠠᠭᠠᠮ᠂ ᠤᠭᠰᠠᠷᠠᠳᠠᠭ ᠮᠤᠳᠤᠨ ᠳᠤᠭᠯᠠᠭᠠᠮ᠂ ᠵᠢᠷᠤᠭᠳᠤ ᠳᠡᠪᠳᠡᠷ᠂ ᠦᠯᠢᠭᠡᠷ  ᠤᠨ ᠨᠤᠮ᠂ ᠡᠬᠡ ᠤᠯᠤᠰ᠂ ᠦᠨᠳᠦᠰᠦᠳᠡᠨ ᠤ ᠪᠦᠯᠬᠦᠮᠳᠡᠯ ᠤᠨ ᠰᠡᠳᠦᠪᠳᠦ ᠵᠢᠷᠤᠭ ᠤᠷᠠᠯᠠᠯ ᠵᠡᠷᠭᠡ ᠶᠢ ᠦᠷᠦᠭᠡ ᠲᠦᠭᠦᠷᠡᠩ ᠪᠡᠯᠡᠳᠭᠡᠭᠰᠡᠨ ᠨᠢ ᠬᠡᠦᠬᠡᠳ ᠤᠳ ᠲᠤ ᠪᠦᠲᠦᠭᠡᠯᠴᠢ ᠰᠡᠳᠬᠢᠬᠦᠢ ᠪᠠᠨ ᠬᠦᠭᠵᠢᠭᠡᠨ᠂ ᠳᠤᠷ᠎ᠠ ᠪᠠᠷ ᠢᠶᠠᠨ ᠳᠤᠭᠯᠠᠵᠤ ᠲᠤᠬᠢᠲᠠᠢ ᠠᠮᠠᠷᠠᠬᠤ ᠴᠢᠯᠦᠭᠡᠳᠦ ᠣᠷᠣᠨ ᠵᠠᠢ ᠬᠠᠩᠭᠠᠵᠠᠢ᠃      ᠣᠶᠢᠯᠠᠭᠠᠭᠰᠠᠨ ᠢᠶᠠᠷ᠂ ᠡᠨᠡ ᠵᠢᠯ ᠤᠨ 5 ᠰᠠᠷ᠎ᠠ ᠠᠴᠠ ᠨᠠᠰᠢ᠂ ᠲᠡᠮᠦᠷ ᠵᠠᠮ ᠤᠨ ᠨᠡᠶᠢᠭᠡᠮ ᠲᠣᠭᠤᠷᠢᠭ ᠬᠡᠷ ᠪᠦᠯᠢ ᠶᠢᠨ ᠭᠠᠷ ᠤᠷᠠᠯᠠᠯ ᠤᠨ ᠠᠵᠢᠯᠯᠠᠭ᠎ᠠ᠂ ᠬᠡᠦᠬᠡᠳ ᠤᠨ ᠪᠠᠶᠠᠷ ᠤᠨ ᠭᠤᠤᠯ ᠰᠡᠳᠦᠪᠲᠦ ᠠᠵᠢᠯᠯᠠᠭ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠡᠷ ᠪᠦᠯᠢ ᠶᠢᠨ ᠠᠵᠢᠯᠯᠠᠭ᠎ᠠ ᠵᠡᠷᠭᠡ ᠤᠴᠢᠷᠳᠠᠢ ᠠᠵᠢᠯᠯᠠᠭ᠎ᠠ ᠨᠤᠭᠤᠳ ᠢ ᠵᠠᠯᠭᠠᠭ᠎ᠠ ᠪᠠᠷ ᠥᠷᠨᠢᠭᠦᠯᠪᠡ᠃ ᠳᠠᠷᠠᠭᠠᠴᠢ ᠶᠢᠨ ᠠᠯᠬᠤᠮ ᠳᠤ᠂ ᠲᠡᠮᠦᠷ ᠵᠠᠮ ᠤᠨ ᠨᠡᠶᠢᠭᠡᠮ ᠲᠣᠭᠤᠷᠢᠭ ᠤᠨ ︽ᠬᠡᠦᠬᠡᠳ ᠤᠨ ᠬᠡᠷ ᠦᠷᠦᠭᠡ︾ ᠨᠢ ᠠᠵᠢᠯ ᠤᠨ ᠬᠦᠴᠦᠯᠡᠬᠦ ᠴᠡᠭ ᠢᠶᠠᠨ ᠠᠵᠢᠯᠯᠠᠭ᠎ᠠ ᠥᠷᠨᠢᠭᠦᠯᠬᠦ ᠪᠠ ᠵᠢᠭᠰᠠᠭᠠᠯ ᠤᠨ ᠭᠠᠵᠠᠷ ᠤᠨ ᠦᠶᠯᠡᠳᠦᠯ ᠢ ᠪᠠᠳᠠᠷᠠᠭᠤᠯᠬᠤ ᠳᠡᠭᠡᠷ᠎ᠡ ᠲᠠᠯᠪᠢᠵᠤ᠂ ᠬᠡᠷᠡᠭᠴᠡᠭᠡ ᠱᠠᠭᠠᠷᠳᠠᠯᠭ᠎ᠠ ᠳᠤ ᠦᠶᠯᠡᠴᠢᠯᠡᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠠᠰᠤᠨ ᠳᠤ ᠥᠯᠥ ᠭᠦᠷᠦᠭᠰᠡᠳ ᠤᠨ ᠡᠯᠪᠡᠭ ᠪᠠᠶᠠᠯᠢᠭ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠡᠦᠬᠡᠳ ᠤᠳ ᠤᠨ ᠬᠢᠴᠢᠶᠡᠯ ᠤᠨ ᠭᠠᠳᠠᠨᠠᠬᠢ ᠴᠠᠭ ᠮᠥᠴᠡ ᠶᠢᠨ ᠪᠠᠶᠠᠷ ᠪᠠᠶᠠᠰᠤᠯᠲᠤ ᠥᠷᠲᠡᠭᠡ ᠶᠢ ᠪᠠᠶᠢᠭᠤᠯᠬᠤ ᠪᠤᠯᠤᠨ᠎ᠠ᠃      ᠣᠶᠢᠯᠠᠭᠠᠭᠰᠠᠨ ᠢᠶᠠᠷ᠂ ᠡᠭᠦᠨ ᠠᠴᠠ ᠡᠮᠦᠨ᠎ᠡ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠥᠪᠡᠷᠲᠡᠭᠡᠨ ᠵᠠᠰᠠᠬᠤ ᠣᠷᠣᠨ ᠤ ᠲᠡᠳᠬᠦᠨ ᠳᠡᠮᠵᠢᠬᠦ ᠪᠠᠯᠠ ᠮᠥᠩᠭᠦ 2 ᠲᠦᠮᠡᠨ ᠲᠥᠭᠦᠷᠢᠭ ᠡᠷᠡᠮᠡᠯᠵᠢᠯᠡᠵᠦ᠂ 2024 ᠣᠨ ᠤ 4 ᠰᠠᠷ᠎ᠠ ᠶᠢᠨ ᠰᠡᠭᠦᠯᠴᠢ ᠪᠠᠷ ᠰᠠᠶᠢᠬᠠᠨᠲᠠᠯ᠎ᠠ ᠪᠠᠯᠭᠠᠰᠤᠨ ᠤ ᠲᠡᠮᠦᠷ ᠵᠠᠮ ᠤᠨ ᠨᠡᠶᠢᠭᠡᠮ ᠲᠣᠭᠤᠷᠢᠭ  ᠲᠤ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ︽ᠬᠡᠦᠬᠡᠳ ᠤᠨ ᠬᠡᠷ ᠦᠷᠦᠭᠡ︾ ᠶᠢ ᠭᠠᠷᠳᠠᠵᠤ ᠪᠠᠶᠢᠭᠤᠯᠤᠨ᠂ 5 ᠰᠠᠷ᠎ᠠ ᠶᠢᠨ 24 ᠤ ᠡᠳᠦᠷ ᠵᠢᠩᠬᠢᠨᠢ ᠪᠠᠷ ᠠᠰᠢᠭᠯᠠᠯᠲᠠ ᠳᠤ ᠤᠷᠤᠭᠤᠯᠵᠠᠢ᠃ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠬᠤ ᠶᠢᠨ ᠲᠥᠯᠥᠭᠡ᠂ ︽ᠬᠡᠦᠬᠡᠳ ᠤᠨ ᠭᠡᠷ ᠦᠷᠦᠭᠡᠨ︾ ᠤ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠶᠴᠡᠳ ᠪᠡᠶᠡᠯᠡᠬᠦᠯᠵᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠭᠦᠨᠵᠡᠭᠡᠶᠢᠷᠡᠨ ᠬᠥᠭᠵᠢᠬᠦ ᠶᠢ ᠪᠦᠲᠦᠮᠵᠢᠲᠡᠢ ᠠᠬᠢᠭᠤᠯᠤᠨ᠂ ︽ᠬᠡᠦᠬᠡᠳ  ᠤᠨ ᠬᠡᠷ ᠦᠷᠦᠭᠡ︾ ᠶᠢ ᠦᠨᠡᠨ ᠬᠦ ᠨᠠᠮ ᠤᠨ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠶᠯᠡᠴᠢᠯᠡᠬᠦ ︽ᠪᠠᠲᠤ ᠴᠢᠩᠭ᠎ᠠ ᠵᠢᠭᠰᠠᠭᠠᠯ ᠤᠨ ᠭᠠᠵᠠᠷ︾ ᠪᠠ ︽ᠬᠠᠯᠠᠭᠤᠨ ᠳᠤᠯᠠᠭᠠᠨ ᠬᠡᠷ ᠪᠦᠯᠢ︾ ᠪᠤᠯᠭᠠᠬᠤ ᠶᠢ ᠵᠤᠷᠢᠵᠠᠢ᠃ ᠳᠠᠷᠠᠭᠴᠢ ᠶᠢᠨ ᠠᠯᠬᠤᠮ ᠳᠤ᠂ ᠬᠤᠰᠢᠭᠤ ᠡᠮᠡᠭᠲᠡᠶᠢᠴᠦᠳ ᠤᠨ ᠬᠤᠯᠪᠣᠭ᠎ᠠ ᠦᠶᠯᠡᠴᠢᠯᠡᠭᠡᠨ ᠤ ᠣᠶᠢᠯᠠᠭᠠᠭᠳᠠᠬᠤᠨ ᠢᠶᠠᠨ ᠲᠠᠰᠤᠷᠠᠯᠲᠠ ᠦᠭᠡᠢ ᠰᠢᠨᠡᠴᠢᠯᠡᠨ᠂ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠤᠨ᠂ ᠦᠶᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠳᠡᠬᠡᠭᠰᠢᠯᠡᠬᠦᠯᠵᠦ᠂ ︽ᠬᠡᠦᠬᠡᠳ ᠤᠨ ᠭᠡᠷ ᠦᠷᠦᠬᠡ︾ ᠶᠢ ᠰᠠᠶᠢᠲᠤᠷ ᠬᠠᠮᠢᠶᠠᠷᠴᠤ ᠭᠡᠷᠡᠭᠯᠡᠨ᠂ ᠣᠯᠠᠨ ᠬᠡᠯᠪᠡᠷᠢ ᠶᠢᠨ ᠭᠤᠣᠯ ᠰᠡᠳᠦᠪᠲᠦ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠬᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ᠂ ᠠᠮᠤᠷ ᠲᠦᠪᠰᠢᠨ᠂ ᠵᠣᠯ ᠵᠢᠷᠭᠠᠯᠲᠤ ᠬᠡᠦᠬᠡᠳ  ᠤᠨ ᠣᠯᠠᠨ ᠨᠡᠶᠢᠲᠡ ᠶᠢᠨ ᠬᠥᠳᠡᠯᠭᠡᠭᠡᠨ ᠤ ᠣᠷᠣᠨ ᠵᠠᠶ ᠶᠢ ᠬᠦᠴᠦᠯᠡᠨ ᠪᠤᠢ ᠪᠤᠯᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号