ᠪᠦᠬᠦ ᠬᠤᠰᠢᠭᠤᠨ ᠤ 2024 ᠣᠨ ᠤ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ︵ᠬᠢᠨᠠᠨ ᠪᠤᠳᠤᠬᠤ᠂ ᠬᠠᠪᠰᠤᠷᠤᠨ ᠲᠡᠳᠬᠦᠬᠦ᠂ ᠬᠠᠷᠢᠴᠠᠭᠤᠯᠤᠨ ᠪᠠᠶᠢᠴᠠᠭᠠᠬᠤ︶  ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/9/5
     9 ᠰᠠᠷ᠎ᠠ ᠶᠢᠨ 4 ᠤ ᠡᠳᠦᠷ᠂ ᠪᠥᠬᠦ ᠬᠤᠰᠢᠭᠤᠨ ᠤ 2024 ᠣᠨ ᠤ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ︵ᠬᠢᠨᠠᠨ ᠪᠤᠳᠤᠬᠤ᠂ ᠬᠠᠪᠰᠤᠷᠤᠨ ᠲᠡᠳᠬᠦᠬᠦ᠂ ᠬᠠᠷᠢᠴᠠᠭᠤᠯᠤᠨ ᠪᠠᠶᠢᠴᠠᠭᠠᠬᠤ︶ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠰᠢᠭᠤ ᠺᠢᠨᠣ᠋ ᠤᠷᠳᠤᠨ ᠳᠤ ᠬᠤᠷᠠᠯᠳᠤᠪᠠ᠃      ᠬᠤᠷᠠᠯ ᠳᠤ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠦᠬᠦᠢ ᠠᠵᠢᠯ ᠢ ᠳᠠᠬᠢᠨ ᠪᠠᠶᠢᠷᠢᠯᠠᠭᠤᠯᠬᠤ ᠶᠢᠨ ᠬᠠᠮᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠦᠷᠨᠢᠬᠦᠯᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠬᠤᠷᠠᠯ ᠳᠤ ᠣᠷᠣᠯᠴᠠᠵᠤ ᠶᠠᠷᠢᠶ᠎ᠠ ᠬᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠥᠷᠡᠨ ᠬᠤᠷᠠᠯ ᠡᠷᠭᠢᠯᠡᠪᠡ᠃      ᠬᠤᠷᠠᠯ ᠠᠴᠠ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢᠨ ᠰᠠᠭᠤᠷᠢ ᠪᠠ ᠪᠠᠲᠤᠯᠠᠭ᠎ᠠ ᠮᠥᠨ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠳᠠᠯ ᠢ ᠲᠣᠳᠣᠷᠬᠠᠶ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠵᠦ ᠲᠥᠪᠯᠡᠷᠡᠭᠦᠯᠦᠨ ᠪᠠᠶᠢᠴᠠᠭᠠᠬᠤ ᠠᠵᠢᠯ ᠢ ᠨᠢᠭᠡ ᠵᠦᠶᠯ ᠤᠨ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠠᠶᠢᠲᠤᠷ ᠬᠡᠷᠡᠭᠵᠢᠭᠦᠯᠵᠦ᠂ ᠰᠠᠶᠢᠲᠤᠷ ᠲᠣᠬᠢᠷᠠᠭᠤᠯᠬᠤ ᠬᠡᠷᠡᠭᠲᠡᠶ᠃ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠳᠣᠬᠠᠨ ᠤ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠵᠠᠩᠭᠢᠯᠠᠭ᠎ᠠ ᠶᠢᠨ ᠴᠠᠭ᠂ ᠠᠵᠢᠯ ᠤᠨ ᠱᠠᠭᠠᠷᠳᠠᠯᠭ᠎ᠠ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠡᠵᠡᠮᠳᠡᠨ᠂ ᠲᠥᠪᠯᠡᠷᠡᠭᠦᠯᠦᠨ ᠬᠢᠨᠠᠨ ᠪᠠᠶᠢᠴᠠᠭᠠᠬᠤ ᠡᠯ᠎ᠡ ᠵᠦᠶᠯ ᠤᠨ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠦ ᠴᠢᠬᠤᠯᠠᠴᠢᠯᠠᠵᠠᠢ᠃      ᠳᠠᠷᠠᠭ᠎ᠠ ᠨᠢ᠂ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠤᠪᠴᠢᠶᠠᠨ ᠤ ᠭᠤᠤᠯ ᠬᠠᠷᠢᠭᠤᠴᠠᠯᠭᠠᠲᠠᠨ ᠲᠥᠪᠯᠡᠷᠡᠭᠦᠯᠦᠨ ᠪᠠᠶᠢᠴᠠᠭᠠᠬᠤ ᠰᠢᠰᠲ᠋ᠧᠮ ᠤᠨ ᠠᠵᠢᠯᠯᠠᠭ᠎ᠠ ᠵᠡᠷᠭᠡ ᠠᠭᠤᠯᠭ᠎ᠠ ᠶᠢ ᠲᠥᠪᠯᠡᠷᠡᠭᠦᠯᠦᠨ ᠪᠣᠯᠪᠠᠰᠤᠷᠠᠭᠤᠯᠵᠤ᠂ ᠲᠠᠷᠠᠭᠠᠴᠢ ᠶᠢᠨ ᠲᠥᠪᠯᠡᠷᠡᠭᠦᠯᠦᠨ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠰᠠᠭᠤᠷᠢ  ᠲᠠᠯᠪᠢᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号