ᠭᠤᠣᠯᠳᠠᠯᠭ᠎ᠠ ᠶᠢ ᠣᠨᠣᠪᠴᠢᠲᠠᠶ ᠡᠵᠡᠮᠳᠡᠵᠦ ᠪᠣᠳᠠᠲᠤ ᠦᠷ᠎ᠡ ᠪᠦᠲᠦᠮᠵᠢ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/9/7
     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠥᠷᠨᠢᠭᠦᠯᠦᠭᠰᠡᠨ ᠠᠴᠠ ᠨᠠᠰᠢ᠂ ᠮᠠᠨ ᠤ ᠬᠤᠰᠢᠭᠤ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠵᠤ᠂ ᠡᠯ᠎ᠡ ᠲᠦᠷᠦᠯ ᠤᠨ ᠠᠵᠢᠯ ᠲᠦᠷᠭᠡᠨ ᠠᠬᠢᠯᠳᠠ ᠲᠠᠢ ᠪᠤᠯᠤᠭᠰᠠᠨ ᠪᠠᠶᠢᠨ᠎ᠠ᠃      ᠬᠤᠰᠢᠭᠤ ᠠᠷᠠᠳ ᠤᠨ ᠰᠢᠭᠦᠬᠦ ᠬᠤᠷᠢᠶ᠎ᠠ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠭᠤᠣᠯ ᠰᠡᠳᠦᠪᠲᠦ ᠬᠥᠮᠦᠵᠢᠯ ᠤᠨ ᠲᠤᠷᠰᠢᠯᠭ᠎ᠠ ᠠᠷᠭ᠎ᠠ ᠬᠢᠳᠡᠯ ᠢ ᠪᠦᠬᠦ ᠲᠠᠯ᠎ᠠ ᠪᠠᠷ ᠳ᠋ᠦᠩᠨᠡᠵᠦ᠂ ᠭᠤᠣᠯ ᠰᠡᠳᠦᠪᠲᠦ ᠬᠥᠮᠦᠵᠢᠯ ᠢ ᠦᠨᠳᠦᠰᠦᠨ ᠱᠠᠲᠤ ᠲᠡᠰᠢ ᠦᠷᠭᠡᠳᠭᠡᠨ᠂ ᠣᠷᠣᠨ ᠨᠤᠲᠤᠭ ᠤᠨ ᠣᠨᠴᠠᠯᠢᠭ ᠲᠠᠢ ᠤᠯᠠᠨ ᠡᠰᠢᠴᠢᠯᠡᠭᠰᠡᠨ ᠵᠢᠭᠤᠷᠠᠭᠠᠨ ᠢ ᠰᠢᠢᠳᠪᠦᠷᠢᠯᠡᠬᠦ ᠲᠦᠷᠦᠯ ᠲᠡᠮᠳᠡᠭ ᠪᠤᠯᠬᠤ ︽ᠨᠠᠶᠢᠷᠳᠠᠢ︾ ᠵᠠᠷᠭᠤ ᠶᠢᠨ ᠦᠢᠯᠡᠴᠢᠯᠡᠭᠡᠨ ᠤ ᠠᠵᠢᠯᠯᠠᠬᠤ ᠦᠷᠦᠭᠡ ᠶᠢ ᠡᠬᠦᠳᠦᠨ ᠪᠠᠶᠢᠭᠤᠯᠵᠤ᠂ ︽ᠵᠠᠭᠠᠯᠳᠤᠬᠤ ᠠᠴᠠ ᠡᠮᠦᠨ᠎ᠡ ᠡᠶᠡᠳᠡᠭᠦᠯᠬᠦ + ᠲᠦᠷᠭᠡᠨ ᠲᠠᠰᠤᠯᠬᠤ︾᠂ ︽ᠬᠠᠤᠯᠢ ᠶᠢᠨ ᠲᠤᠰᠢᠶᠠᠯᠲᠠᠨ ᠤ ᠬᠤᠶᠠᠷ ᠢ ᠠᠬᠢᠭᠤᠯᠬᠤ ᠦᠢᠯᠡᠴᠢᠯᠡᠭᠡ︾᠂ ︽ᠲᠥᠷᠥᠯ ᠵᠦᠢᠯ ᠤᠨ ᠬᠡᠷᠡᠭ ᠢ ᠡᠮᠬᠢᠯᠡᠨ ᠨᠡᠶᠢᠯᠡᠭᠦᠯᠵᠦ ᠡᠶᠡᠳᠡᠭᠦᠯᠬᠦ︾ ᠵᠡᠷᠭᠡ ᠠᠵᠢᠯ ᠤᠨ ᠵᠠᠭᠪᠤᠷ ᠲᠤ ᠲᠦᠰᠢᠭᠯᠡᠨ᠂ 15 ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢᠨ ᠬᠠᠮᠲᠤ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠬᠠᠤᠯᠢᠴᠢ᠂ ᠨᠡᠶᠢᠭᠡᠮ ᠲᠣᠭᠤᠷᠢᠭ ᠤᠨ ᠠᠵᠢᠯᠲᠠᠨ ᠵᠡᠷᠭᠡ ᠶᠢ ᠵᠢᠭᠤᠷᠠᠯᠳᠤᠭᠠᠨ ᠢ ᠰᠢᠢᠳᠪᠦᠷᠢᠯᠡᠬᠦ ᠳᠤ ᠣᠷᠣᠯᠴᠠᠭᠤᠯᠵᠤ᠂ ᠤᠯᠠᠨ ᠠᠷᠭ᠎ᠠ ᠵᠠᠮ᠂ ᠤᠯᠠᠨ ᠲᠡᠰ ᠳᠠᠪᠬᠤᠷᠭ᠎ᠠ᠂ ᠤᠯᠠᠨ ᠲᠦᠷᠦᠯ ᠤᠨ ᠠᠷᠭ᠎ᠠ ᠮᠠᠶ᠋ᠢᠭ ᠢᠶᠠᠷ ᠤᠯᠠᠨ ᠲᠦᠮᠡᠨ ᠤ ᠵᠢᠭᠤᠷᠠᠯᠳᠤᠭᠠᠨ ᠢ ᠰᠢᠢᠳᠪᠦᠷᠢᠯᠡᠨ᠂ ᠵᠠᠷᠭᠤᠯᠳᠤᠬᠤ ᠪᠠ ᠦᠯᠦ ᠵᠠᠷᠭᠤᠯᠳᠤᠬᠤ ᠵᠢᠷᠤᠮ ᠢ ᠬᠠᠮᠲᠤ ᠪᠠᠷ ᠪᠦᠷᠢᠯᠳᠦᠭᠦᠯᠦᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠰᠢᠰᠲ᠋ᠧᠮ ᠢ ᠪᠠᠶᠢᠭᠤᠯᠵᠠᠢ᠃      ᠦᠷᠭᠡᠨᠳᠡᠯ᠎ᠡ ᠪᠠᠯᠭᠠᠰᠤᠨ ᠤ ᠪᠠᠶᠠᠨᠴᠢᠯᠠᠭᠤ ᠭᠠᠴᠠᠭᠠᠨ ᠤ ᠮᠠᠯᠴᠢᠨ ᠡᠷᠳᠡᠨᠢᠸᠠᠴᠢᠷ ᠨᠤᠲᠤᠭ ᠪᠡᠯᠴᠢᠭᠡᠷ  ᠢ ᠨᠢ ᠬᠠᠤᠯᠢ ᠪᠤᠰᠤ ᠪᠠᠷ ᠡᠵᠡᠯᠡᠭᠰᠡᠨ ᠬᠡᠷᠡᠭ ᠢᠶᠠᠷ ᠤᠯᠠᠨ ᠤᠳᠠᠭ᠎ᠠ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠠᠷᠭ᠎ᠠ ᠪᠤᠰᠤ ᠰᠢᠭᠦᠬᠦ ᠬᠤᠷᠢᠶᠠᠨ ᠤ ᠬᠠᠪᠰᠤᠷᠤᠯᠭ᠎ᠠ ᠶᠢ ᠡᠷᠢᠵᠦ᠂ ᠡᠴᠦᠰ ᠲᠡᠭᠡᠨ ︽ᠨᠠᠶᠢᠷᠳᠠᠢ︾ ᠵᠠᠷᠭᠤ ᠶᠢᠨ ᠦᠢᠯᠡᠴᠢᠯᠡᠭᠡᠨ ᠤ ᠠᠵᠢᠯ ᠤᠨ ᠲᠠᠰᠤᠭ ᠤᠨ ᠬᠠᠪᠰᠤᠷᠤᠯᠭ᠎ᠠ ᠪᠠᠷ ᠪᠡᠯᠴᠢᠭᠡᠷ ᠨᠤᠳᠤᠭ ᠢᠶᠠᠨ ᠪᠤᠴᠠᠭᠠᠨ ᠠᠪᠴᠤ ᠴᠢᠳᠠᠭᠰᠠᠨ ᠪᠠᠶᠢᠨ᠎ᠠ᠃      ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠤᠩᠬᠤᠪᠴᠢ ᠶᠢᠨ ᠦᠢᠯᠡᠴᠢᠯᠡᠭᠡᠨ ᠤ ᠶᠠᠰᠤ ᠴᠢᠨᠠᠷ ᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ︽ᠠᠷᠠᠳ ᠲᠤ ᠠᠰᠢᠭ ᠬᠦᠷᠲᠡᠭᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠭᠠᠷᠳᠠᠴᠠ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠣᠶᠢᠷ᠎ᠠ ᠶᠢᠨ ᠵᠢᠯ ᠤᠳ ᠲᠤ᠂ 233 ᠵᠦᠢᠯ ᠤᠨ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠦᠢᠯᠡᠴᠢᠯᠡᠭᠡ ᠶᠢ ᠦᠷᠭᠦᠯᠵᠢᠯᠡᠨ ᠳᠡᠯᠭᠡᠷᠡᠭᠦᠯᠵᠦ᠂ ︽ᠰᠦᠯᠵᠢᠶᠡᠨ ᠳᠡᠭᠡᠷ᠎ᠡ ᠭᠠᠶᠢᠯᠢ ᠲᠤᠰᠢᠶᠠᠬᠤ ᠪᠠᠷ ᠭᠤᠣᠯ ᠪᠣᠯᠭᠠᠵᠤ᠂ ᠥᠪᠡᠰᠦᠪᠡᠨ ᠭᠠᠶᠢᠯᠢ ᠲᠤᠰᠢᠶᠠᠬᠤ ᠪᠠᠷ ᠬᠠᠪᠰᠤᠷᠤᠮᠵᠢ ᠪᠣᠯᠭᠠᠵᠤ᠂ ︽ᠴᠤᠩᠬᠤᠪᠴᠢ ᠶᠢᠨ ᠦᠢᠯᠡᠴᠢᠯᠡᠭᠡ ᠶᠢ ᠪᠠᠳᠤᠯᠠᠬᠤ︾ ᠭᠠᠶᠢᠯᠢ ᠲᠤᠰᠢᠶᠠᠬᠤ ᠵᠠᠭᠪᠤᠷ ᠢ ᠪᠣᠶ ᠪᠣᠯᠭᠠᠵᠤ᠂ ︽ᠢᠵᠢ ᠪᠦᠷᠢᠳᠦᠭᠰᠡᠨ ᠬᠡᠯᠪᠡᠷᠢ︾ ᠶᠢᠨ ᠦᠢᠯᠡᠴᠢᠯᠡᠭᠡ ᠶᠢ ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠭᠤᠯᠬᠤ᠂ ᠬᠦᠴᠦᠨ ᠦᠬᠡᠢ ᠪᠤᠯᠭᠠᠬᠤ ᠲᠠᠰ ᠳᠠᠷᠠᠭᠠᠯᠠᠯ ᠢ ᠳᠥᠭᠦᠮᠴᠢᠯᠡᠵᠦ᠂ ᠣᠳᠣᠬᠠᠨ ᠳᠤ ᠨᠢᠭᠡᠨᠲᠡ 184 ᠭᠠᠶᠢᠯᠢ ᠲᠠᠲᠠᠪᠤᠷᠢ ᠶᠢᠨ ᠵᠦᠢᠯᠡᠰ ᠢ ︽ᠨᠢᠭᠡ ᠯᠡ ᠤᠳᠠᠭ᠎ᠠ ᠳᠤ ᠬᠦᠢᠴᠡᠳᠭᠡᠬᠦ︾ ᠶᠢ ᠪᠡᠶᠡᠯᠡᠬᠦᠯᠵᠦ᠂ ︽ᠠᠩᠬ᠎ᠠ ᠵᠥᠷᠢᠴᠡᠭᠰᠡᠨ ᠢ ᠦᠯᠦ ᠲᠣᠷᠭᠠᠬᠤ︾ ᠶᠠᠪᠤᠳᠠᠯ ᠢ ᠭᠦᠨᠵᠡᠭᠡᠢ ᠲᠦᠯᠬᠢᠨ ᠠᠬᠢᠭᠤᠯᠵᠤ᠂ 2023 ᠣᠨ ᠳᠤ ᠨᠥᠬᠦᠴᠡᠯ ᠳᠤ ᠨᠡᠶᠢᠴᠡᠭᠰᠡᠨ 94 ᠭᠠᠶᠢᠯᠢ ᠲᠤᠰᠢᠶᠠᠭᠴᠢ ᠳᠤ ᠰᠢᠳᠬᠡᠯ ᠥᠭᠬᠦ ᠦᠭᠡᠢ ᠲᠣᠭᠲᠠᠭᠠᠯ ᠭᠠᠷᠭᠠᠵᠤ᠂ ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠡᠷᠴᠢᠮ ᠲᠠᠢ ᠮᠥᠷᠲᠡᠭᠡᠨ ᠬᠠᠯᠠᠭᠤᠨ ᠳᠤᠯᠠᠭᠠᠨ ᠪᠠᠶᠢᠬᠤ ᠶᠢ ᠦᠨᠡᠨ ᠬᠦ ᠪᠡᠶᠡᠯᠡᠭᠦᠯᠪᠡ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠴᠣᠬᠤᠯᠠᠪᠤᠷᠢ  ᠶᠢᠨ ᠵᠣᠷᠢᠭ ᠰᠠᠨᠠᠭ᠎ᠠ  ᠶᠢ ᠡᠷᠡᠰ ᠲᠤᠤᠱᠯᠠᠭᠤᠯᠵᠤ᠂ ᠪᠠᠶᠢᠴᠠᠭᠠᠨ ᠰᠤᠳᠤᠯᠬᠤ ᠶᠠᠪᠤᠴᠠ  ᠶᠢ ᠠᠵᠢᠯ  ᠤᠨ ᠰᠤᠷᠲᠠᠯ ᠢᠶᠠᠨ ᠰᠠᠶᠢᠵᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠦᠢᠯᠡᠳᠦᠯᠭᠡ ᠪᠤᠯᠭᠠᠵᠤ᠂ ᠭᠠᠵᠠᠷ ᠤᠨ ᠲᠠᠰ ᠤᠨ ᠤᠳᠤᠷᠢᠳᠤᠯᠭ᠎ᠠ ᠨᠠᠷ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ 29 ᠭᠤᠤᠯᠳᠠᠯᠭ᠎ᠠ ᠲᠠᠢ ᠰᠡᠳᠦᠪ ᠢᠶᠠᠷ 112 ᠤᠳᠠᠭ᠎ᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ᠂ ᠬᠦᠳᠡᠭᠡ ᠳᠤᠰᠬᠤᠨ ᠤ ᠤᠰᠤ᠂ ᠴᠠᠬᠢᠯᠭᠠᠨ᠂ ᠰᠦᠯᠵᠢᠶᠡᠨ ᠤ ᠠᠰᠠᠭᠤᠳᠠᠯ᠂ ᠦᠨᠳᠦᠰᠦᠨ ᠱᠠᠲᠤᠨ ᠤ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠶ ᠲᠦᠯᠬᠢᠨ ᠠᠬᠢᠭᠤᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号