ᠮᠠᠨ ᠤ ᠬᠤᠰᠢᠭᠤ ᠤᠯᠠᠨ ᠰᠢᠨ᠎ᠡ ᠠᠷᠭ᠎ᠠ ᠵᠠᠮ ᠢᠶᠠᠷ ᠵᠢᠭᠤᠯᠴᠢᠯᠠᠯ ᠤᠨ ᠦᠢᠯᠡᠰ ᠢ ᠬᠦᠨᠵᠡᠭᠡᠶᠢᠷᠡᠬᠦᠯᠦᠨ ᠬᠦᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/9/7
     ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ︽ᠵᠢᠭᠤᠯᠴᠢᠯᠠᠯ + ᠰᠣᠶᠣᠯ︾᠂ ︽ᠵᠢᠭᠤᠯᠴᠢᠯᠠᠯ + ᠪᠡᠶ᠎ᠡ ᠲᠠᠮᠢᠷ︾᠂ ︽ᠵᠢᠭᠤᠯᠴᠢᠯᠠᠯ + ᠪᠡᠶ᠎ᠡ ᠰᠤᠪᠢᠯᠠᠯᠲᠠ︾ ᠵᠡᠷᠭᠡ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠡᠭᠦᠳᠴᠦ᠂ ᠳᠤᠬᠠᠢ ᠶᠢᠨ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ  ᠢ ᠬᠦᠢᠴᠡᠳ ᠠᠰᠢᠭᠯᠠᠨ᠂ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ᠂ ᠵᠢᠭᠤᠯᠴᠢᠨ ᠤᠯᠠᠨ ᠳᠤ ᠳᠠᠯ᠎ᠠ ᠨᠤᠳᠤᠭ ᠤᠨ ᠳᠠᠩᠰᠤᠭ ᠰᠤᠶᠤᠯ ᠢ ᠮᠡᠳᠡᠷᠡᠬᠦᠯᠵᠦ ᠪᠠᠶᠢᠭ᠎ᠠ ᠶᠤᠮ᠃       ᠵᠤᠭᠠᠴᠠᠨ ᠰᠡᠯᠡᠬᠦᠴᠡᠵᠦ ᠠᠮᠠᠷᠠᠵᠤ ᠰᠤᠪᠢᠯᠠᠬᠤ ᠪᠤᠯ ᠬᠦᠮᠦᠰ ᠤᠨ ᠠᠮᠠᠷᠠᠯᠳᠠ ᠶᠢᠨ ᠡᠳᠦᠷ ᠢᠶᠠᠨ ᠦᠩᠭᠡᠷᠡᠬᠦᠯᠬᠦ ᠪᠠᠰᠠ ᠨᠢᠭᠡᠨ ᠬᠡᠯᠪᠡᠷᠢ ᠪᠤᠯᠤᠭᠰᠠᠨ ᠡᠨᠡ ᠴᠠᠭ ᠲᠤ ᠰᠠᠶᠢᠬᠠᠨᠲᠠᠯ᠎ᠠ ᠬᠠᠯᠠᠭᠤᠨ ᠷᠠᠰᠢᠶᠠᠨ ᠠᠮᠠᠷᠠᠯᠳᠠ  ᠶᠢᠨ ᠭᠠᠵᠠᠷ ᠨᠢ ᠵᠢᠭᠤᠯᠴᠢᠨ ᠤᠯᠠᠨ ᠤ ᠳᠠᠭᠠᠰᠢᠶᠠᠯ ᠳᠤ ᠬᠦᠷᠴᠦ᠂ ᠷᠠᠰᠢᠶᠠᠨ ᠰᠤᠪᠢᠯᠠᠯᠳᠠ ᠬᠢᠬᠦ ᠵᠢᠭᠤᠯᠴᠢᠳ ᠵᠢᠯ  ᠠᠴᠠ ᠵᠢᠯ ᠤᠯᠠᠰᠢᠷᠠᠵᠤ ᠪᠠᠶᠢᠨ᠎ᠠ᠃      ᠬᠥᠮᠥᠨ ᠤ ᠪᠡᠶ᠎ᠡ ᠳᠤ ᠠᠰᠢᠭᠲᠠᠢ ᠡᠷᠦᠳᠡᠰᠦ ᠶᠢᠨ ᠡᠯᠧᠮᠧᠨ᠋ᠲ ᠤᠯᠠᠨᠳᠠᠢ᠂ ᠠᠯᠳᠠᠨ ᠰᠢᠷᠭᠠᠯ ᠦᠩᠭᠡᠳᠡᠢ ᠡᠨᠡᠬᠦ ᠷᠠᠰᠢᠶᠠᠨ ᠤᠬᠢᠶᠠᠯᠭ᠎ᠠ ᠨᠢ ᠵᠢᠭᠤᠯᠴᠢᠨ ᠤᠯᠠᠨ ᠳᠤ ︽ᠵᠢᠭᠤᠯᠴᠢᠯᠠᠯ + ᠪᠡᠶ᠎ᠡ ᠰᠤᠪᠢᠯᠠᠯᠲᠠ︾ ᠶᠢᠨ ᠵᠤᠭ᠎ᠠ ᠴᠡᠩᠭᠡᠯ ᠢ ᠡᠳ᠋ᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ ᠠᠮᠠᠷᠠᠯᠳᠠ ᠴᠢᠯᠦᠬᠡᠨ ᠤ ᠬᠤᠭᠤᠴᠠᠭᠠᠨ ᠳᠤ ᠮᠠᠨ ᠤ ᠬᠤᠰᠢᠭᠤ ᠦᠨᠳᠦᠰᠦᠲᠡᠨ ᠤ ᠪᠦᠯᠬᠦᠮᠳᠡᠯ ᠤᠨ ᠦᠵᠡᠭᠦᠯᠦᠯᠭᠡ ᠶᠢᠨ ᠣᠷᠳᠣᠨ᠂ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ᠂ ᠪᠢᠩᠲ᠋ᠤᠸᠠᠨ ᠤ ᠣᠨ ᠰᠠᠷ᠎ᠠ ᠶᠢᠨ ᠦᠵᠡᠭᠦᠯᠦᠯᠭᠡ ᠶᠢᠨ ᠣᠷᠳᠣᠨ ᠵᠡᠷᠭᠡ ᠬᠤᠪᠢᠰᠬᠠᠯ ᠤᠨ ᠰᠤᠷᠭᠠᠨ ᠬᠥᠮᠦᠵᠢᠯ ᠤᠨ ᠵᠤᠭᠠᠴᠠᠯ ᠤᠨ ᠡᠬᠢ ᠪᠠᠶᠠᠯᠢᠭ ᠢ ᠴᠥᠮ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠲᠠᠯ᠎ᠠ ᠨᠤᠲᠤᠭ ᠤᠨ ᠵᠤᠭᠠᠴᠠᠯ᠂ ᠨᠤᠮᠤᠭᠠᠨ ᠠᠭᠤᠯᠠ ᠶᠢᠨ ᠵᠤᠭᠠᠴᠠᠯ᠂ ᠭᠤᠪᠢ ᠭᠡᠭᠡᠷ᠎ᠡ ᠪᠠᠷ ᠠᠶᠠᠯᠠᠬᠤ ᠮᠠᠰᠢᠨ ᠳᠡᠷᠭᠡᠨ ᠤ ᠤᠷᠤᠯᠳᠤᠭᠠᠨ ᠪᠠ ︽ᠭᠠᠷᠠᠭ ᠤᠨ ᠰᠡᠭᠦᠯᠴᠢ ᠶᠢᠨ ᠰᠥᠨᠢᠳ︾ ᠮᠠᠯᠴᠢᠨ ᠡᠷᠦᠭᠡ ᠶᠢᠨ ᠪᠡᠶᠡᠴᠢᠯᠡᠨ ᠣᠶᠢᠯᠠᠭᠠᠬᠤ ᠴᠡᠭ ᠵᠡᠷᠭᠡ ᠨᠢ ᠵᠢᠭᠤᠯᠴᠢᠳ ᠲᠤ ᠲᠠᠯ᠎ᠠ ᠨᠤᠲᠤᠭ ᠤᠨ ᠠᠷᠠᠳ ᠲᠦᠮᠡᠨ ᠤ ᠠᠮᠢᠳᠤᠷᠠᠯ ᠤᠨ ᠪᠠᠶᠠᠷ ᠪᠠᠭ᠋ᠠᠳᠤᠯ ᠢ ᠪᠡᠶᠡᠴᠢᠯᠡᠨ ᠤᠶᠢᠯᠠᠭᠠᠬᠤ ᠪᠤᠯᠤᠮᠵᠢ ᠬᠠᠩᠭᠠᠬᠤ ᠪᠤᠯᠤᠨ᠎ᠠ᠃      ᠣᠶᠢᠷ᠎ᠠ ᠶᠢᠨ ᠵᠢᠯ ᠳᠤ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠨᠢ ᠪᠥᠬᠦ ᠬᠤᠰᠢᠭᠤᠨ ᠤ ᠵᠢᠭᠤᠯᠴᠢᠯᠠᠯ ᠤᠨ ᠲᠠᠯ᠎ᠠ ᠪᠠᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠷ ᠬᠡᠷᠡᠭᠯᠡᠵᠦ᠂ ︽ᠪᠥᠬᠦ ᠤᠯᠤᠰ ᠤᠨ ᠤᠤᠭᠠᠨ ᠤᠯᠠᠭᠠᠨᠮᠥ᠋ᠴᠢᠷ ᠤᠨ ᠦᠯᠦᠬᠡᠢ︾ ᠪᠠᠷ ᠭᠤᠣᠯ ᠰᠡᠳᠦᠪ ᠪᠣᠯᠭᠠᠨ᠂ ᠤᠷᠢᠳ ᠬᠤᠵᠢᠳ ᠴᠧᠩᠳᠦ᠋᠂ ᠰᠢ ᠠᠨ᠂ ᠪᠡᠭᠡᠵᠢᠩ ᠵᠡᠷᠭᠡ ᠭᠠᠵᠠᠷ ᠣᠷᠣᠨ ᠳᠤ ᠬᠦᠷᠴᠦ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠤᠬᠠᠭᠤᠯᠤᠨ ᠳᠡᠯᠭᠡᠷᠡᠬᠦᠯᠵᠦ᠂ ᠪᠥᠬᠦ ᠠᠶᠢᠮᠠᠭ ᠤᠨ ᠬᠠᠮᠢᠶᠠᠳᠠᠢ ᠠᠵᠢᠯ ᠤᠨ ᠱᠠᠭᠠᠷᠳᠠᠯᠭ᠎ᠠ ᠶᠢ  ᠳᠤᠤᠱᠯᠠᠭᠤᠯᠤᠨ ᠨᠠᠶᠢᠳᠠᠪᠤᠷᠢᠵᠢᠭᠤᠯᠵᠤ᠂ 2 ᠵᠤᠷᠪᠤᠰ ᠵᠢᠭᠤᠯᠴᠢᠯᠠᠯ ᠤᠨ ᠵᠠᠮ ᠱᠤᠭᠤᠮ ᠢ ᠲᠦᠰᠦᠪᠯᠡᠨ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠵᠢᠷᠤᠭ 10000 ᠳᠡᠪᠲᠡᠷ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠳᠡᠪᠲᠡᠷ 5000 ᠳᠡᠪᠲᠡᠷ ᠦᠢᠯᠡᠳᠦᠨ ᠰᠢᠨᠡᠳᠬᠡᠵᠦ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠤᠬᠤᠷ ᠹᠢᠯᠢᠮ 28 ᠬᠤᠭᠤᠴᠠᠭ᠎ᠠ ᠦᠢᠯᠡᠳᠦᠨ ᠨᠡᠶᠢᠳᠡᠯᠡᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯᠴᠢᠨ ᠪᠠ ᠲᠦᠷᠢᠶᠡᠰᠦᠨ ᠮᠠᠰᠢᠨ ᠲᠡᠷᠭᠡᠨ ᠤ ᠵᠢᠯᠤᠭᠤᠴᠢ ᠶᠢᠨ ᠪᠣᠯᠪᠠᠰᠤᠷᠠᠯ ᠰᠤᠷᠭᠠᠯᠳᠠ ᠡᠷᠬᠢᠯᠡᠵᠦ᠂ ᠤᠷᠢᠳ ᠬᠤᠵᠢᠳ ᠴᠢᠭᠤᠯᠤᠯᠲᠦ ᠬᠠᠭᠠᠯᠭ᠎ᠠ᠂ ᠬᠦᠪᠡᠬᠡᠳᠦ ᠰᠢᠷ᠎ᠠ ᠬᠤᠰᠢᠭᠤ᠂ ᠡᠷᠢᠶᠡᠨ ᠬᠤᠳᠠ ᠲᠠᠢ ᠬᠠᠮᠲᠤᠷᠠᠨ ᠬᠤᠶᠠᠳᠤᠭᠠᠷ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠨᠠᠭᠠᠳᠤᠮ ᠢ ᠡᠷᠬᠢᠯᠡᠨ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ᠂ ᠭᠤᠸᠠᠩᠰᠢ ᠶᠢᠨ ᠵᠣᠣ ᠫᠢᠩ ᠰᠢᠶᠠᠨ ᠲᠠᠢ ᠬᠠᠮᠲᠤᠷᠠᠨ ᠬᠤᠶᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠨᠠᠶᠢᠷᠠᠯ ᠳᠠᠭᠤᠨ ᠤ ᠨᠠᠶᠢᠷ ᠡᠷᠬᠢᠯᠡᠵᠦ᠂ ᠠᠳᠤᠭᠤᠨ ᠤ ᠳᠡᠯ ᠳᠠᠮᠠᠭ᠎ᠠ ᠶᠢᠨ ᠨᠠᠶᠢᠷ᠂ ᠮᠠᠰᠢᠨ ᠢᠶᠠᠷ ᠠᠶᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠲᠡᠮᠡᠭᠡᠨ ᠰᠣᠶᠣᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠥᠷᠨᠢᠭᠦᠯᠵᠦ᠂ ᠵᠢᠭᠤᠯᠴᠢᠯᠠᠭᠰᠠᠳ ᠤᠨ ᠲᠤᠭ᠎ᠠ 11 ᠲᠦᠮᠡᠨ ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠤᠷᠤᠯᠭ᠎ᠠ 3200 ᠲᠦᠮᠡᠨ ᠲᠥᠭᠦᠷᠢᠭ ᠲᠤ ᠬᠥᠷᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号