ᠤᠳᠬ᠎ᠠ ᠤᠷᠠᠯᠢᠭ ᠤᠨ ᠦᠢᠯᠡᠰ ᠤᠨ ᠬᠦᠭᠵᠢᠯᠳᠡ ᠳᠤ ᠵᠢᠳᠬᠦᠵᠦ ᠶᠠᠪᠤᠭ᠎ᠠ— ᠠᠶᠢᠮᠠᠭ ᠤᠨ ᠳᠡᠰ ᠤᠨ ᠲᠡᠷᠢᠭᠦᠨ ᠤ ᠠᠵᠢᠯᠲᠠᠨ ᠵ
ᠨᠡᠶᠢᠲᠡᠯᠡᠭᠰᠡᠨ ᠴᠠᠭ᠄
2024/9/7
     ᠦᠨᠳᠦᠰᠦᠨ ᠱᠠᠲᠤᠨ ᠤ ᠤᠳᠬ᠎ᠠ ᠤᠷᠠᠯᠢᠭ ᠤᠨ ᠹᠷᠣᠨᠲ ᠤᠨ ᠠᠵᠢᠯᠲᠠᠨ᠂ ᠤᠯᠠᠭᠠᠨᠮᠥ᠋ᠴᠢᠷ ᠤᠨ ᠲᠣᠭᠯᠠᠯᠲᠠ ᠶᠢᠨ ᠠᠩᠭᠢ ᠶᠢᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠵᠠᠨ᠎ᠠ ᠢᠮᠠᠭᠲᠠ ᠨᠠᠮ ᠤᠨ ᠤᠳᠬ᠎ᠠ ᠤᠷᠠᠯᠢᠭ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠨᠡᠭᠡ ᠪᠠᠨ ᠳᠠᠭᠠᠭᠤᠯᠤᠨ ᠲᠣᠭᠯᠠᠯᠲᠠ ᠭᠠᠷᠭᠠᠵᠤ᠂ ᠵᠣᠬᠢᠶᠠᠨ ᠪᠦᠲᠦᠭᠡᠯᠭᠡ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠤᠳᠬ᠎ᠠ ᠤᠷᠠᠯᠢᠭ ᠤᠨ ᠦᠢᠯᠡᠰ ᠤᠨ ᠬᠦᠭᠵᠢᠯᠳᠡ ᠳᠤ ᠵᠢᠳᠬᠦᠭᠰᠡᠭᠡᠷ ᠶᠠᠪᠤᠭ᠎ᠠ ᠶᠤᠮ᠃       ᠬᠤᠰᠢᠭᠤ ᠤᠯᠠᠭᠠᠨᠮᠥ᠋ᠴᠢᠷ ᠤᠨ ᠬᠥᠭᠵᠢᠮ ᠤᠨ ᠪᠣᠯᠪᠠᠰᠤᠷᠠᠯ ᠤᠨ ᠲᠢᠩᠬᠢᠮ ᠳᠤ ᠣᠷᠣᠬᠤ ᠳᠤ᠂ ᠤᠯᠠᠭᠠᠨᠮᠥ᠋ᠴᠢᠷ ᠤᠨ ᠳᠠᠷᠤᠭ᠎ᠠ ᠵᠠᠨ᠎ᠠ ᠵᠤᠷᠰᠢᠯ ᠶᠤᠰᠤᠭᠠᠷ ᠠᠩᠭᠢ ᠶᠢᠨ ᠭᠡᠰᠢᠭᠦᠳ ᠲᠠᠢ ᠪᠠᠨ ᠣᠶᠢᠷ᠎ᠠ ᠶᠢᠨ ᠬᠤᠭᠤᠴᠠᠭᠠᠨ  ᠤ ᠲᠣᠭᠯᠠᠯᠲᠠ ᠪᠠᠨ ᠪᠡᠯᠡᠳᠬᠡᠵᠦ ᠪᠤᠯᠪᠠᠰᠤᠷᠠᠭᠠᠳ ᠶᠠᠭᠠᠷᠠᠨ᠎ᠠ᠃ ︽ᠰᠤᠩᠭᠤᠭᠰᠠᠨ ᠠᠵᠢᠯ ᠲᠦᠷᠦᠯ  ᠢᠶᠠᠨ ᠯᠠᠪᠳᠠᠭᠤᠨ ᠪᠠᠳᠤᠳᠠᠢ ᠰᠠᠶᠢᠳᠤᠷ ᠬᠢᠬᠦ︾ ᠪᠤᠯ ᠵᠠᠨ᠎ᠠ ᠶᠢᠨ ᠠᠵᠢᠯ ᠤᠨ ᠪᠠᠷᠢᠮᠳᠠᠯᠠᠯ᠂ ᠦᠪᠡᠷᠳᠡᠭᠡᠨ ᠳᠠᠯᠪᠢᠭᠰᠠᠨ ᠱᠠᠭᠠᠷᠳᠠᠯᠭ᠎ᠠ ᠪᠠᠶᠢᠯ᠎ᠠ᠃      ᠵᠠᠨ᠎ᠠ ᠪᠤᠯ ᠤᠯᠤᠰ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠳᠤᠭᠯᠠᠭᠴᠢ᠂ ᠭᠤᠷᠪᠠᠳᠤᠭᠠᠷ ᠳᠡᠰ ᠤᠨ ᠲᠣᠭᠯᠠᠭᠴᠢ᠃ ᠦᠨᠳᠦᠰᠦᠨ ᠱᠠᠲᠤᠨ ᠠᠴᠠ ᠦᠰᠦᠨ ᠪᠣᠶᠢᠵᠢᠭᠰᠠᠨ ᠤᠳᠬ᠎ᠠ ᠤᠷᠠᠯᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠵᠠᠨ᠎ᠠ ᠤᠯᠠᠭᠠᠨᠮᠦ᠋ᠴᠢᠷ ᠲᠤ ᠡᠯᠰᠡᠭᠳᠡᠨ ᠤᠷᠤᠵᠤ᠂ ᠨᠢᠭᠡᠨ ᠡᠩ ᠤᠨ ᠭᠡᠰᠢᠭᠦᠨ ᠠᠴᠠ ᠤᠯᠠᠭᠠᠨᠮᠥ᠋ᠴᠢᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠬᠦ ᠬᠦᠷᠲᠡᠯ᠎ᠡ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠮᠠᠯᠴᠢᠨ ᠲᠦᠮᠡᠨ ᠤ ᠵᠤᠭᠰᠤᠴᠠ ᠠᠴᠠ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠠᠵᠢᠯᠳᠠᠨ ᠬᠡᠷᠬᠢᠨ ᠤᠯᠠᠨ ᠲᠦᠮᠡᠨ ᠳᠤ ᠨᠡᠩ ᠰᠠᠶᠢᠨ ᠦᠢᠯᠡᠴᠢᠯᠡᠪᠡᠯ ᠵᠤᠬᠢᠬᠤ ᠳᠤᠬᠠᠢ ᠪᠠᠶᠢᠩᠭᠤ ᠰᠡᠳᠬᠢᠵᠦ᠂ ᠠᠵᠢᠯ ᠳᠤ ᠤᠷᠤᠭᠰᠠᠨ 18 ᠵᠢᠯ ᠤᠨ ᠲᠤᠷᠰᠢ᠂ ᠲᠡᠷᠡ ᠤᠭ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠭᠡᠰᠢᠭᠦᠳ ᠲᠠᠢ ᠪᠠᠨ ᠬᠥᠳᠡᠭᠡ ᠲᠣᠰᠬᠤᠨ᠂ ᠠᠵᠤ ᠠᠬᠤᠶᠢᠯᠠᠯ ᠦᠢᠯᠡᠳᠪᠦᠷᠢ ᠠᠭᠤᠷᠬᠠᠢ ᠵᠡᠷᠭᠡ ᠭᠠᠵᠠᠷ ᠲᠤ ᠭᠦᠨᠵᠡᠭᠡᠶᠢᠷᠡᠨ ᠳᠤᠭᠯᠠᠯᠳᠠ ᠤᠬᠠᠭᠤᠯᠭ᠎ᠠ᠂ ᠦᠢᠯᠡᠴᠢᠯᠡᠭᠡ ᠵᠢᠯᠤᠭᠤᠳᠤᠯᠭ᠎ᠠ ᠦᠷᠨᠢᠬᠦᠯᠦᠨ᠂ ᠦᠵᠡᠭᠴᠢ ᠲᠦᠮᠡᠨ ᠳᠤ ᠪᠠᠨ ᠨᠠᠮ ᠲᠦᠷᠦ ᠶᠢᠨ ᠳᠠᠭᠤᠤ ᠬᠤᠭᠤᠯᠠᠢ  ᠶᠢ ᠳᠠᠮᠵᠢᠭᠤᠯᠤᠨ᠂ ᠪᠠᠶᠠᠷ ᠪᠠᠶᠠᠰᠤᠯ ᠪᠠ ᠪᠤᠯᠪᠠᠰᠤᠨ ᠢ ᠬᠦᠷᠭᠡᠪᠡ᠃        ᠳᠤᠭᠯᠠᠯᠳᠠ ᠶᠢᠨ ᠠᠩᠭᠢ ᠪᠠᠨ ᠳᠠᠭᠠᠭᠤᠯᠤᠨ ᠲᠣᠭᠯᠠᠯᠲᠠ  ᠭᠠᠷᠭᠠᠵᠤ᠂ ᠭᠡᠰᠢᠭᠦᠳ ᠲᠠᠢ ᠪᠠᠨ ᠰᠣᠶᠣᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠭᠦᠷᠭᠡ ᠶᠢ ᠡᠭᠦᠷᠭᠡᠯᠡᠵᠦ᠂ ᠤᠳᠬ᠎ᠠ ᠤᠷᠠᠯᠢᠭ ᠤᠨ ᠦᠢᠯᠡᠴᠢᠯᠡᠭᠡ ᠵᠢᠯᠤᠭᠤᠳᠤᠯᠭ᠎ᠠ ᠦᠷᠨᠢᠬᠦᠯᠬᠦ ᠪᠤᠯ ᠵᠠᠨ᠎ᠠ ᠶᠢᠨ ᠡᠳᠦᠷ ᠳᠤᠳᠤᠮ ᠤᠨ ᠠᠵᠢᠯ ᠤᠨ ᠵᠤᠷᠰᠢᠯ ᠪᠠᠶᠢᠵᠤ᠂ ᠵᠢᠯ ᠪᠦᠷᠢ 100 ᠭᠠᠷᠤᠢ ᠤᠳᠠᠭ᠎ᠠ ᠦᠨᠳᠦᠰᠦᠨ ᠱᠠᠲᠤᠨ ᠳᠤ ᠪᠠᠭᠤᠵᠤ ᠤᠬᠠᠭᠤᠯᠭ᠎ᠠ ᠵᠢᠯᠣᠭᠤᠳᠤᠯᠭ᠎ᠠ᠂ ᠳᠤᠭᠯᠠᠯᠳᠠ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ ᠪᠠᠰᠠ ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠤᠯᠠᠨ ᠲᠦᠮᠡᠨᠴᠢ ᠤᠳᠬ᠎ᠠ ᠤᠷᠠᠯᠢᠭ ᠤᠨ ᠪᠦᠯᠬᠦᠮ᠂ ᠠᠵᠢᠯ ᠤᠨ ᠴᠢᠯᠦᠭᠡᠨ ᠤ ᠤᠳᠬ᠎ᠠ ᠤᠷᠠᠯᠢᠭ ᠤᠨ ᠵᠣᠬᠢᠶᠠᠨ ᠪᠠᠶᠢᠭᠤᠯᠤᠯᠲᠠ᠂ ᠤᠳᠬ᠎ᠠ ᠤᠷᠠᠯᠢᠭ ᠤᠨ ᠪᠠᠭ᠋ᠠᠳᠠᠳ ᠲᠤ ᠤᠷᠠᠯᠢᠭ ᠤᠨ ᠵᠢᠯᠣᠭᠤᠳᠤᠯᠭ᠎ᠠ ᠬᠠᠩᠭᠠᠳᠠᠭ᠃      ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠵᠠᠨ᠎ᠠ ᠲᠤᠬᠠᠶᠢᠯᠠᠭᠰᠠᠨ ᠠᠵᠢᠯ ᠢᠶᠠᠨ ᠰᠠᠶᠢᠳᠤᠷ ᠥᠷᠨᠢᠭᠦᠯᠬᠦ ᠶᠢᠨ ᠬᠠᠮᠲᠤ ᠪᠠᠰᠠ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠡᠳᠦᠷ ᠳᠤᠳᠤᠮ ᠤᠨ ᠠᠵᠢᠯ ᠪᠠ ᠰᠤᠷᠤᠯᠴᠠᠯᠭ᠎ᠠ ᠳᠤᠮᠳᠠ ᠪᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠰᠤᠷᠤᠯᠴᠠᠯᠭ᠎ᠠ᠂ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠦᠨᠳᠦᠰᠦᠨ ᠱᠠᠲᠤ ᠲᠡᠰᠢ ᠥᠷᠭᠡᠳᠬᠡᠬᠦ ᠶᠢ ᠠᠬᠢᠭᠤᠯᠵᠤ ᠪᠠᠶᠢᠨ᠎ᠠ᠃      ᠤᠯᠠᠭᠠᠨᠮᠦ᠋ᠴᠢᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠲᠡᠷᠡ ᠤᠷᠢᠳ ᠬᠤᠵᠢᠳ ᠬᠤᠶᠠᠷ ᠢ ᠬᠦᠷᠢᠶᠡᠯᠡᠬᠦ ᠪᠠᠷ ᠭᠤᠣᠯ ᠰᠡᠳᠦᠪ ᠪᠣᠯᠭᠠᠭᠰᠠᠨ ᠮᠣᠩᠭᠤᠯ ᠵᠦᠴᠦᠭᠡ ︽ᠵᠢᠷᠦᠬᠡ ᠶᠢᠨ ᠬᠠᠶᠢᠷ᠎ᠠ︾᠂ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠪᠥᠵᠢᠭ ︽ᠳᠤᠮᠳᠠᠳᠤ ᠶᠢᠨ ᠦᠨᠳᠦᠰᠦᠳᠡᠨ ᠨᠢᠭᠡ ᠭᠡᠷ ᠤᠨ  ᠬᠢᠨ ᠮᠡᠳᠦ ᠳᠣᠲᠣᠨᠣ︾᠂ ︽ᠠᠨᠢᠷᠬᠠᠨ ᠬᠠᠶᠢᠷ᠎ᠠ︾᠂ ︽ᠰᠣᠩᠭᠤᠳᠠᠭ ᠳᠠᠭᠤᠨ ᠤ ᠴᠦᠷᠬᠦᠯᠡᠭᠡ︾᠂ ᠸᠢᠳᠢᠤ᠋ ᠪᠢᠴᠢᠯᠬᠡ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ ᠮᠡᠳᠦ ᠳᠣᠲᠣᠨᠣ᠂ ᠰᠡᠳᠬᠢᠯ ᠢᠶᠠᠨ ᠨᠢᠭᠡᠳᠬᠡᠵᠦ ᠳᠤᠮᠳᠠᠳᠤ ᠶᠢᠨ ᠬᠦᠰᠡᠯ ᠢ ᠬᠠᠮᠲᠤᠪᠠᠷ ᠲᠡᠷᠭᠡᠯᠰᠢᠭᠦᠯᠦᠶ᠎ᠡ︾ ᠵᠡᠷᠭᠡ ᠮᠠᠯᠴᠢᠨ ᠲᠠᠷᠢᠶᠠᠴᠢᠨ ᠤ ᠪᠠᠭ᠋ᠠᠷᠬᠠᠯ ᠢ ᠣᠯᠣᠭᠰᠠᠨ᠂ ᠤᠯᠤᠰ ᠤᠷᠤᠨ ᠢᠶᠠᠨ ᠮᠠᠭᠳᠠᠨ ᠳᠠᠭᠤᠯᠠᠭᠰᠠᠨ ᠠᠷᠪᠠᠭᠠᠳ ᠪᠦᠲᠦᠭᠡᠯ ᠵᠣᠬᠢᠶᠠᠨ ᠪᠦᠲᠦᠭᠡᠵᠡᠢ᠃      ᠠᠷᠪᠠᠭᠠᠳ ᠵᠢᠯ ᠤᠨ ᠲᠤᠷᠰᠢ᠂ ᠵᠠᠨ᠎ᠠ ᠦᠷᠭᠦᠯᠵᠢ ᠤᠯᠠᠭᠠᠨᠮᠥ᠋ᠴᠢᠷ ᠢ ᠳᠠᠭᠠᠭᠤᠯᠤᠨ ᠡᠯ᠎ᠡ ᠭᠠᠵᠠᠷ ᠢᠶᠠᠷ ᠳᠤᠭᠤᠷᠢᠨ ᠲᠣᠭᠯᠠᠯᠲᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠤᠯᠠᠭᠠᠨᠮᠦ᠋ᠴᠢᠷ ᠤᠨ ᠤᠯᠠ ᠮᠥᠷ ᠢ ᠳᠠᠮᠠᠭᠠᠯᠠᠨ᠂ ᠥᠷᠭᠡᠨ ᠣᠯᠠᠨ ᠦᠵᠡᠭᠴᠢᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃      2017 ᠣᠨ ᠳᠤ᠂ ᠵᠠᠨ᠎ᠠ ᠶᠢᠨ ᠵᠣᠬᠢᠶᠠᠨ ᠪᠦᠲᠦᠭᠡᠭᠰᠡᠨ ︽ᠳᠥᠷᠪᠡᠨ ᠬᠠᠶᠢᠷᠬᠠᠨ ᠤ ᠳᠠᠯ᠎ᠠ︾ ᠠᠷᠠᠳ ᠤᠨ ᠬᠦᠭᠵᠢᠮ ᠤᠨ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠣᠬᠢᠶᠠᠨ ᠪᠦᠲᠦᠭᠡᠯᠭᠡ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠵᠦ᠂ 2020 ᠣᠨ ᠳᠤ ᠵᠣᠬᠢᠶᠠᠨ ᠪᠦᠲᠦᠭᠡᠭᠰᠡᠨ ︽ᠵᠢᠷᠦᠬᠡ ᠶᠢᠨ ᠬᠠᠶᠢᠷ᠎ᠠ︾ ᠮᠣᠩᠭᠤᠯ ᠵᠦᠴᠦᠭᠡ ᠶᠢᠨ ᠳᠠᠭᠤᠤ ᠬᠥᠭᠵᠢᠮ ᠨᠢ ᠬᠠᠲᠤᠨ ᠭᠤᠣᠯ ᠳᠠᠭᠠᠤ ᠮᠤᠵᠢ ᠣᠷᠣᠨ ᠤ ᠣᠷᠣᠨ ᠨᠤᠲᠤᠭ ᠤᠨ ᠰᠢ ᠵᠦᠴᠦᠭᠡ ᠶᠢᠨ ᠳᠠᠭᠤᠤ ᠬᠥᠭᠵᠢᠮ ᠤᠨ ᠱᠠᠩᠨᠠᠯ ᠢ ᠬᠦᠷᠳᠡᠵᠦ᠂ ᠵᠠᠨ᠎ᠠ ᠦᠪᠡᠷ ᠢᠶᠠᠨ 2017 ᠣᠨ ᠳᠤ ᠪᠥᠬᠦ ᠠᠶᠢᠮᠠᠭ ᠤᠨ ᠰᠢᠯᠢᠳᠡᠭ ᠤᠯᠠᠭᠠᠨᠮᠥ᠋ᠴᠢᠷ ᠤᠨ ᠭᠡᠰᠢᠭᠦᠨ ᠢᠶᠠᠷ ᠰᠣᠩᠭᠤᠭᠳᠠᠵᠤ᠂ 2021 ᠣᠨ ᠳᠤ ᠪᠥᠬᠦ ᠠᠶᠢᠮᠠᠭ ᠤᠨ ᠲᠡᠷᠢᠭᠦᠨ ᠤ ᠠᠵᠢᠯᠲᠠᠨ ᠢᠶᠠᠷ ᠰᠤᠩᠭᠤᠭᠳᠠᠵᠤ᠂ ᠬᠢᠭᠰᠡᠨ ᠠᠵᠢᠯ ᠤᠨ ᠢᠶᠠᠨ ᠦᠷ᠎ᠡ ᠳ᠋ᠦᠩ ᠢ ᠨᠤᠳᠠᠯᠠᠭᠤᠯᠵᠤ᠂ ᠵᠢᠳᠬᠦᠭᠰᠡᠨ ᠦᠢᠯᠡᠰ ᠲᠤ ᠪᠠᠨ ᠠᠮᠵᠢᠯᠳᠠᠳᠠᠢ ᠬᠢᠯᠠᠷᠠᠭᠤᠯᠵᠤ ᠶᠠᠪᠤᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号