ᠵᠠᠰᠠᠭ ᠤᠨ ᠣᠷᠳᠣᠨ ᠤ ᠠᠵᠢᠯ ᠤᠨ ᠢᠯᠡᠳᠭᠡᠯ | — 2024 ᠤᠨ ᠤ 1 ᠰᠠᠷ᠎ᠠ ᠶᠢᠨ 25 ᠤ ᠡᠲᠤᠷ ᠰᠥᠨᠢᠳ ᠪᠠᠷᠠᠭᠤᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠲᠠᠭᠠᠨ ᠤ | ᠬᠤᠷᠠᠯᠲᠤᠭᠠᠨ ᠲᠡᠭᠡᠷᠡᠰᠦ᠋ᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠸᠠᠩ ᠵᠠᠨ ᠴᠢ | ᠲᠦᠯᠦᠬᠡᠯᠡᠭᠴᠢᠳ ᠡ᠄ | ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠠ᠂ ᠬᠢᠨᠡᠨ ᠵᠦᠪᠯᠡᠬᠦ ᠪᠤᠯᠪᠡᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ | ᠰᠤᠯᠠ ᠤᠷᠤᠯᠴᠠᠭᠰᠠᠨ ᠨᠦᠬᠦᠳ ᠴᠦ ᠰᠠᠨᠠᠯ ᠢᠶᠠᠨ ᠲᠤᠷᠠᠳᠬᠤ ᠪᠤᠯᠪᠡᠤ᠃ | ᠨᠢᠬᠡ᠂ 2023 ᠤᠨ ᠤ ᠠᠵᠢᠯ ᠤᠨ ᠡᠷᠬᠢᠴᠠᠬᠦᠯᠦᠯ | 2023 ᠤᠨ ᠪᠤᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠣᠣᠱᠯᠠᠭᠤᠯᠬᠤ ᠡᠬᠢᠯᠡᠯᠳᠡ ᠶᠢᠨ ᠵᠢᠯ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢ | ᠬᠡᠷᠡᠭᠵᠢᠭᠦᠯᠬᠦ ᠶᠢᠨ ᠣᠷᠢᠳᠣᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠣᠨ᠎ᠠ᠂ | ᠠᠵᠣ ᠠᠬᠤᠢ ᠮᠠᠭᠤᠳᠠᠬᠤ ᠳᠠᠷᠣᠭᠠᠰᠣ ᠪᠣᠯᠣᠨ ᠲᠦᠭᠰᠢᠭᠦᠷᠢ ᠦᠷᠢᠰᠦᠯᠳᠦᠭᠡᠨ ᠨᠡᠮᠡᠭᠳᠡᠵᠦ ᠪᠠᠶᠢᠭ᠎ᠠ᠂ ᠬᠦᠭᠵᠢᠯᠳᠡ | ᠶᠢᠨ ᠡᠭᠦᠷᠭᠡ ᠬᠦᠨᠳᠦ ᠪᠠᠶᠢᠬᠤ ᠪᠣᠳᠠᠳᠣ ᠰᠢᠯᠭᠠᠯᠳᠠ ᠳᠤ ᠬᠠᠨᠳᠣᠵᠣ᠂ ᠬᠤᠰᠢᠭᠤ ᠳᠠᠶᠠᠭᠠᠷ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠣ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠢ | ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠣᠨ᠂ | ᠳᠡᠭᠡᠲᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠵᠣ᠂ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ᠂ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠲᠣᠣᠷ᠎ᠠ᠂ | ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠭᠤᠣᠯ ᠰᠢᠵᠢᠮ ᠢ | ᠪᠠᠳᠣ ᠴᠢᠩᠭ᠎ᠠ ᠡᠵᠡᠮᠳᠡᠵᠦ᠂ ᠬᠤᠶᠠᠷ ᠶᠡᠭᠡ ᠶᠠᠪᠣᠳᠠᠯ1 ᠢ ᠰᠠᠶᠢᠳᠣᠷ ᠬᠢᠬᠦ ᠳᠤ ᠠᠩᠬᠠᠷᠣᠯ ᠢᠶᠠᠨ ᠲᠦᠪᠯᠡᠷᠡᠭᠦᠯᠦᠨ᠂ | ᠪᠦᠬᠦ ᠬᠦᠴᠦ ᠪᠠᠷ ᠢᠶᠠᠨ ᠠᠵᠣ ᠠᠬᠤᠢ ᠶᠢ ᠲᠡᠮᠡᠴᠡᠵᠦ᠂ ᠰᠡᠳᠬᠢᠯ ᠢᠶᠠᠨ ᠨᠢᠭᠡᠳᠭᠡᠵᠦ ᠬᠦᠴᠦᠨ ᠢᠶᠠᠨ ᠬᠠᠮᠳᠣᠳᠬᠠᠨ | ᠨᠠᠶᠢᠳᠠᠪᠣᠷᠢᠵᠢᠭᠤᠯᠣᠯᠳᠠ ᠶᠢ ᠠᠳᠬᠤᠵᠣ᠂ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠢᠶᠠᠷ ᠲᠣᠭᠳᠠᠭᠠᠭᠰᠠᠨ ᠬᠠᠷᠠᠯᠳᠠ ᠡᠭᠦᠷᠭᠡ ᠶᠢ | ᠨᠡᠯᠢᠶᠡᠳ ᠰᠠᠶᠢᠨ ᠪᠡᠶᠡᠯᠡᠭᠦᠯᠪᠡ᠃ ᠪᠦᠬᠦ ᠵᠢᠯ ᠤᠨ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ | ᠢ 49.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 7% ᠪᠠᠷ ᠨᠡᠮᠡᠭᠳᠡᠪᠡ︔ ᠡᠩ ᠤᠨ ᠤᠯᠠᠨ ᠨᠠᠶᠢᠳᠠ ᠶᠢᠨ | ᠲᠦᠰᠦᠪ ᠤᠨ ᠤᠷᠤᠯᠭ᠎ᠠ ᠶᠢ 2.59 ᠳ᠋ᠦᠩᠰᠢᠭᠤᠷ ᠲᠦᠬᠦᠷᠢᠭ ᠪᠡᠶᠡᠯᠡᠭᠦᠯᠵᠦ᠂ 39.3% ᠪᠠᠷ ᠨᠡᠮᠡᠭᠳᠡᠵᠦ᠂ ᠵᠢᠯ | ᠤᠨ ᠡᠬᠢᠨ ᠤ ᠬᠠᠷᠠᠯᠳᠠ ᠡᠭᠦᠷᠭᠡ ᠶᠢᠨ 130% ᠶᠢ ᠪᠡᠶᠡᠯᠡᠭᠦᠯᠪᠡ︔ ᠵᠠᠷᠢᠮ ᠲᠦᠷᠦᠯ ᠵᠦᠢᠯ ᠤᠨ ᠨᠦᠯᠦᠭᠡ ᠶᠢ | ᠴᠢᠷᠮᠠᠶᠢᠨ ᠦᠭᠡᠶᠢᠰᠭᠡᠵᠦ᠂ ᠳᠠᠯᠳᠡ ᠬᠦᠴᠦᠨ ᠢ ᠬᠦᠨᠵᠡᠭᠡᠢ ᠠᠭᠤᠳᠠᠯᠠᠵᠣ᠂ ᠲᠣᠭᠳᠠᠮᠠᠯ ᠬᠦᠷᠦᠩᠭᠡ ᠶᠢᠨ ᠨᠡᠮᠡᠭᠳᠡᠯ | ᠤᠨ ᠬᠤᠷᠳᠣᠴᠠ ᠶᠢᠨ ᠪᠠᠭᠤᠷᠠᠯᠳᠠ ᠶᠢᠨ ᠬᠡᠮᠵᠢᠶ᠎ᠡ ᠲᠦᠷᠦᠬᠦᠦ ᠭᠤᠷᠪᠠᠨ ᠣᠯᠠᠷᠢᠯ ᠤᠨ ᠬᠢ ᠠᠴᠠ 14.3 ᠵᠠᠭᠤᠨ ᠤ | ᠬᠤᠪᠢ ᠶᠢᠨ ᠴᠡᠭ ᠪᠠᠭᠠᠰᠴᠣ᠂ ᠪᠦᠬᠦ ᠵᠢᠯ ᠳᠤ ᠳᠠᠷᠣᠭᠠᠰᠣ ᠶᠢ ᠰᠦᠷᠦᠨ ᠣᠷᠣᠭᠰᠢᠯᠠᠵᠣ᠂ 12 ᠳ᠋ᠦᠩᠰᠢᠭᠤᠷ | ᠲᠦᠭᠦᠷᠢᠭ ᠢ ᠪᠡᠶᠡᠯᠡᠭᠦᠯᠪᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ ᠲᠤᠰᠪᠤᠷᠢ 47061 ᠲᠦᠬᠦᠷᠢᠭ ᠪᠡ 18084 | ᠲᠦᠬᠦᠷᠢᠭ ᠪᠡᠶᠡᠯᠡᠬᠦᠯᠵᠦ᠂ 5.5% ᠪᠤᠯᠤᠨ 6.4% ᠪᠠᠷ ᠨᠡᠮᠡᠭᠳᠡᠪᠡ︔ ᠨᠡᠶᠢᠬᠡᠮ ᠤᠨ ᠭᠡᠷᠡᠭᠯᠡᠭᠡᠨ ᠤ ᠲᠡᠸᠡᠷ ᠤᠨ | ᠵᠢᠵᠢᠭᠯᠡᠨ ᠪᠤᠷᠤᠯᠠᠭᠤᠯᠭ᠎ᠠ ᠶᠢᠨ ᠶᠡᠷᠦᠩᠭᠡᠢ ᠦᠨ᠎ᠡ ᠶᠢ 9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 4.5% ᠪᠠᠷ | ᠨᠡᠮᠡᠭᠳᠡᠵᠦ᠂ ᠠᠵᠣ ᠠᠬᠤᠢ ᠶᠢᠨ ᠡᠷᠬᠢᠯᠳᠡ ︽ᠬᠡᠮᠵᠢᠶ᠎ᠡ︾ ᠶᠢᠨ ᠪᠠᠳᠣᠯᠠᠭ᠎ᠠ ᠲᠠᠢ ᠮᠦᠷᠳᠡᠭᠡᠨ ︽ᠴᠢᠨᠠᠷ︾ ᠤᠨ | ᠳᠡᠭᠡᠭᠰᠢᠯᠡᠯᠳᠡ ᠲᠠᠢ ᠪᠣᠯᠵᠣ᠂ ᠠᠵᠣ ᠠᠬᠤᠢ ᠶᠢᠨ ᠬᠦᠭᠵᠢᠯᠳᠡ ᠵᠣᠬᠢᠰᠳᠠᠢ ᠪᠠᠶᠢᠬᠤ ᠶᠢ ᠪᠠᠳᠣᠯᠠᠪᠠ᠃ | ᠨᠢᠬᠡ ᠵᠢᠯ ᠤᠨ ᠲᠤᠷᠰᠢ᠂ ᠪᠢᠳᠡ ᠪᠡᠯᠡ ᠣᠷᠣᠭᠤᠯᠣᠯᠳᠠ ᠶᠢ ᠨᠡᠮᠡᠭᠳᠡᠭᠦᠯᠵᠦ᠂ ᠠᠵᠣ ᠠᠬᠤᠶᠢᠯᠠᠯ ᠳᠤ | ᠬᠠᠷᠠᠭᠠᠯᠵᠠᠯ ᠦᠵᠡᠭᠦᠯᠦᠨ ᠬᠡᠯᠬᠢᠶ᠎ᠡ ᠶᠢ ᠦᠷᠭᠦᠯᠵᠢᠯᠡᠭᠦᠯᠵᠦ᠂ ᠬᠦᠭᠵᠢᠯᠳᠡ ᠶᠢᠨ ᠬᠦᠳᠡᠯᠭᠡᠬᠦ ᠬᠦᠴᠦᠨ ᠢ ᠲᠦᠷᠭᠡᠨ | ᠪᠦᠷᠢᠯᠳᠦᠭᠦᠯᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢᠨ ᠲᠤᠭ᠎ᠠ ᠬᠡᠮᠵᠢᠶ᠎ᠡ ᠪᠠ ᠶᠠᠰᠣ ᠴᠢᠨᠠᠷ ᠢ | ᠵᠡᠷᠭᠡᠪᠡᠷ ᠳᠡᠭᠡᠭᠰᠢᠯᠡᠭᠦᠯᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠪᠡᠯᠡ ᠣᠷᠣᠭᠤᠯᠣᠯᠳᠠ ᠶᠢ | ᠠᠬᠢᠭᠤᠯᠬᠤ᠂ ᠨᠡᠮᠡᠭᠳᠡᠯ ᠢ ᠲᠣᠭᠳᠠᠪᠣᠷᠢᠵᠢᠭᠤᠯᠬᠤ ᠶᠢᠨ ᠬᠦᠳᠡᠯᠭᠡᠬᠦ ᠬᠦᠴᠦᠨ ᠪᠣᠯᠭᠠᠬᠤ ᠶᠢ ᠪᠠᠷᠢᠮᠳᠠᠯᠠᠵᠣ᠂ ᠬᠤᠰᠢᠭᠤ | ᠱᠠᠳᠣᠨ ᠤ ᠣᠳᠣᠷᠢᠳᠣᠯᠭ᠎ᠠ ᠳᠠᠭᠠᠭᠠᠴᠢᠯᠠᠨ ᠠᠬᠢᠭᠤᠯᠵᠣ᠂ 16 ᠰᠠᠯᠠᠭ᠎ᠠ ᠮᠦᠴᠢᠷ ᠲᠦᠪᠯᠡᠷᠡᠭᠦᠯᠦᠨ ᠬᠤᠯᠪᠣᠭᠠᠯᠠᠵᠣ | ᠬᠢᠨᠠᠨ ᠵᠦᠪᠰᠢᠶᠡᠷᠡᠵᠦ᠂ ᠠᠶᠢᠮᠠᠭ ᠬᠤᠰᠢᠭᠤ ᠬᠤᠶᠠᠷ ᠱᠠᠳᠣᠨ ᠤ ᠭᠤᠣᠯᠳᠠᠯᠭ᠎ᠠ ᠲᠠᠢ 37 ᠲᠦᠷᠦᠯ ᠵᠦᠢᠯ ᠢ ᠴᠠᠭ | ᠲᠣᠬᠠᠢ ᠳᠤᠨᠢ ᠠᠵᠢᠯ ᠡᠬᠢᠯᠡᠭᠦᠯᠵᠦ ᠪᠦᠲᠦᠭᠡᠨ ᠪᠠᠶᠢᠭᠤᠯᠵᠣ᠂ ᠠᠵᠣ ᠠᠬᠤᠢ ᠶᠢᠨ ᠨᠡᠮᠡᠭᠳᠡᠯ ᠢ ᠳᠠᠶᠢᠴᠢᠯᠠᠬᠤ ᠳᠤ | ᠰᠢᠨ᠎ᠡ ᠬᠦᠳᠡᠯᠭᠡᠬᠦ ᠬᠦᠴᠦᠨ ᠨᠡᠮᠡᠪᠡ᠃ 3 ᠲᠣᠰᠬᠠᠢ ᠲᠦᠷᠦᠯ ᠤᠨ ᠦᠷᠢ ᠰᠢᠷᠢ ᠶᠢᠨ ᠲᠦᠷᠦᠯ ᠵᠦᠢᠯ ᠨᠢ ᠣᠯᠣᠰ | ᠤᠨ ᠦᠭᠡᠷᠡᠴᠢᠯᠡᠯᠳᠡ ᠪᠡ ᠬᠦᠭᠵᠢᠭᠦᠯᠦᠯᠳᠡ ᠶᠢᠨ ᠵᠦᠪᠯᠡᠯ ᠤᠨ ᠬᠢᠨᠠᠨ ᠬᠠᠷᠭᠤᠭᠤᠯᠳᠠ ᠪᠠᠷ ᠪᠠᠳᠣᠯᠠᠭᠳᠠᠵᠣ᠂ | 7800 ᠲᠦᠮᠡᠨ ᠲᠦᠭᠦᠷᠢᠭ ᠤᠨ ᠪᠡᠯᠡ ᠮᠦᠩᠭᠦ ᠶᠢ ᠨᠠᠶᠢᠳᠠᠪᠣᠷᠢᠵᠢᠭᠤᠯᠪᠠ᠃ ᠠᠷᠠᠳ ᠤᠨ ᠬᠤᠭᠤᠷᠣᠨᠳᠣᠬᠢ ᠪᠡᠯᠡ | ᠣᠷᠣᠭᠤᠯᠣᠯᠳᠠ᠂ ᠠᠵᠣ ᠦᠢᠯᠡᠳᠪᠦᠷᠢ ᠶᠢᠨ ᠪᠡᠯᠡ ᠣᠷᠣᠭᠤᠯᠣᠯᠳᠠ ᠲᠣᠰᠪᠦᠷᠢ 324% ᠪᠠ 5.5% ᠪᠠᠷ | ᠨᠡᠮᠡᠭᠳᠡᠪᠡ᠃ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠠᠵᠢᠯ ᠢ ᠰᠠᠶᠢᠳᠣᠷ ᠠᠬᠢᠭᠤᠯᠪᠠ᠃ ᠬᠤᠰᠢᠭᠤ ᠨᠠᠮ ᠤᠨ | ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠣᠯᠣᠰ ᠲᠦᠷᠦ ᠶᠢᠨ | ᠵᠦᠪᠯᠡᠯᠭᠡᠨ ᠠᠴᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠣ᠂ ᠲᠣᠰᠬᠠᠢ ᠠᠩᠭᠢ ᠪᠦᠷᠢᠯᠳᠦᠭᠦᠯᠵᠦ᠂ ᠬᠤᠳᠠᠯᠳᠤᠭ᠎ᠠ | ᠪᠠᠷ ᠠᠷᠠᠯᠵᠢᠶᠠᠴᠢᠨ ᠣᠷᠢᠬᠤ᠂ ᠠᠵᠣ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠣᠷᠢᠬᠤ ᠳᠤ ᠴᠦᠮ ᠢᠳᠡᠪᠬᠢᠳᠠᠢ | ᠣᠷᠣᠯᠴᠠᠵᠣ᠂ ︽ᠪᠣᠬᠢᠷᠳᠣᠯ ᠦᠭᠡᠢ ᠴᠠᠬᠢᠯᠭᠠᠨ + ᠲᠡᠷᠢᠭᠦᠨ ᠤ ᠰᠢᠯᠢᠳᠡᠭ ᠠᠴᠢᠶᠠᠯᠠᠬᠤ ᠴᠢᠳᠠᠪᠣᠷᠢ︾ ᠪᠣᠯᠣᠨ ︽ | ᠭᠤᠷᠪᠠᠳᠣᠭᠠᠷ ᠬᠤᠭᠤᠴᠠᠭᠠᠨ ᠤ ᠵᠢᠷᠦᠭᠡ ᠪᠣᠬᠢᠷᠳᠣᠯ ᠦᠭᠡᠢ ᠰᠢᠨ᠎ᠡ ᠡᠨᠧᠷᠬᠢ + ᠠᠵᠣ ᠦᠢᠯᠡᠰ︾ ᠤᠨ | ᠠᠷᠠᠯᠵᠢᠶᠠᠴᠢᠨ ᠣᠷᠢᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠳᠠᠳᠠᠢ ᠡᠷᠬᠢᠯᠡᠵᠦ᠂ ᠪᠦᠬᠦ ᠵᠢᠯ ᠳᠤ 101 ᠠᠵᠣ | ᠠᠬᠤᠶᠢᠯᠠᠯ ︵ᠣᠳᠠᠭ᠎ᠠ︶ ᠢ ᠵᠣᠯᠭᠠᠭᠤᠯᠵᠣ᠂ 20 ᠬᠤᠪᠢ ᠬᠡᠯᠡᠯᠴᠡᠭᠡᠷ ᠲᠣᠭᠳᠠᠵᠣ᠂ 229 ᠳ᠋ᠦᠩᠰᠢᠭᠤᠷ | ᠲᠦᠭᠦᠷᠢᠭ ᠤᠨ ᠬᠡᠷ᠎ᠡ ᠲᠣᠭᠳᠠᠵᠣ᠂ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠪᠦᠬᠦ ᠲᠠᠯ᠎ᠠ ᠳᠤ ᠬᠦᠴᠦᠨ ᠴᠢᠳᠠᠯ | ᠬᠤᠷᠠᠮᠳᠣᠭᠤᠯᠪᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠲᠡᠭᠦᠯᠳᠡᠷ ᠪᠠᠶᠢᠨ᠎ᠠ᠃ | ᠭᠠᠶᠢᠯᠢ ᠶᠢ ᠪᠣᠴᠠᠭᠠᠵᠣ ᠭᠠᠶᠢᠯᠢ ᠶᠢ ᠪᠠᠭᠠᠰᠬᠠᠨ ᠰᠦᠢᠳᠭᠡᠯ ᠢ ᠪᠠᠭᠤᠷᠠᠭᠤᠯᠬᠤ᠂ ᠠᠵᠢᠯ ᠤᠨ ᠪᠠᠶᠢᠷᠢ ᠶᠢ | ᠲᠣᠭᠳᠠᠪᠣᠷᠢᠵᠢᠭᠤᠯᠣᠨ ᠨᠦᠬᠦᠪᠦᠷᠢ ᠦᠭᠬᠦ ᠵᠡᠷᠭᠡ ᠠᠵᠣ ᠠᠬᠤᠢ ᠶᠢ ᠲᠣᠭᠳᠠᠪᠣᠷᠢᠵᠢᠭᠤᠯᠬᠤ ᠲᠦᠷᠦ ᠶᠢᠨ ᠪᠣᠳᠣᠯᠭ᠎ᠠ | ᠶᠢᠨ ᠠᠷᠭ᠎ᠠ ᠬᠡᠮᠵᠢᠶ᠎ᠡ ᠶᠢ ᠬᠦᠨᠵᠡᠭᠡᠢ ᠨᠠᠶᠢᠳᠠᠪᠣᠷᠢᠵᠢᠭᠤᠯᠵᠣ᠂ ᠵᠠᠰᠠᠭ ᠪᠠᠩᠭᠢ ᠠᠵᠣ ᠠᠬᠤᠶᠢᠯᠠᠯ ᠢ ᠵᠣᠯᠭᠠᠭᠤᠯᠬᠤ | ᠠᠵᠢᠯ ᠢ ᠪᠠᠶᠢᠩᠭᠤ ᠶᠢᠨ ᠴᠢᠨᠠᠷᠳᠠᠢ ᠨᠠᠷᠢᠯᠢᠭ ᠣᠨᠣᠪᠴᠢᠳᠠᠢ ᠦᠷᠨᠢᠭᠦᠯᠵᠦ᠂ ᠠᠵᠣ ᠠᠬᠤᠶᠢᠯᠠᠯ ᠤᠨ ᠦᠪᠡᠷ ᠤᠨ | ᠦᠷᠳᠡᠭ ᠢ ᠬᠠᠮᠤᠭ ᠶᠡᠭᠡ ᠬᠡᠮᠵᠢᠶᠡᠨ ᠳᠤ ᠪᠠᠭᠤᠷᠠᠭᠤᠯᠵᠣ ᠦᠷ᠎ᠡ ᠠᠰᠢᠭ ᠢ ᠨᠡᠮᠡᠭᠳᠡᠭᠦᠯᠪᠡ᠃ ᠭᠠᠶᠢᠯᠢ ᠶᠢ | ᠬᠦᠩᠭᠡᠯᠡᠵᠦ ᠰᠦᠢᠳᠭᠡᠯ ᠢ ᠪᠠᠭᠤᠷᠠᠭᠤᠯᠬᠤ ᠳᠤ 3610 ᠲᠦᠮᠡᠨ ᠲᠦᠭᠦᠷᠢᠭ ᠵᠠᠷᠣᠴᠠᠭᠤᠯᠵᠣ᠂ ᠮᠦᠩᠭᠦᠨ | ᠭᠦᠢᠯᠭᠡᠭᠡᠨ ᠤ ᠪᠠᠶᠢᠭᠤᠯᠣᠮᠵᠢ ᠶᠢᠨ ᠵᠢᠭᠡᠯᠡᠯᠭᠡ ᠶᠢᠨ ᠦᠯᠡᠳᠡᠪᠦᠷᠢ 17.6% ᠪᠠᠷ ᠨᠡᠮᠡᠭᠳᠡᠵᠦ᠂ ᠪᠠᠭ᠎ᠠ ᠵᠢᠵᠢᠭ ᠠᠵᠣ | ᠠᠬᠤᠶᠢᠯᠠᠯ ᠳᠤ ᠲᠠᠯᠪᠢᠭᠰᠠᠨ ᠵᠢᠭᠡᠯᠡᠯᠭᠡ 19% ᠪᠠᠷ ᠨᠡᠮᠡᠭᠳᠡᠪᠡ᠃ ︽ᠲᠠᠷᠠᠬᠠᠢ ᠪᠣᠳᠠᠷᠬᠠᠢ ᠬᠤᠳᠠᠯᠳᠣᠭᠠᠴᠢᠳ ᠢ | ᠵᠠᠬ᠎ᠠ ᠳᠡᠯᠭᠡᠭᠦᠷ ᠲᠤ ᠣᠷᠣᠭᠤᠯᠣᠨ ᠲᠦᠪᠯᠡᠷᠡᠭᠦᠯᠦᠨ ᠡᠵᠡᠩᠨᠡᠯᠳᠡ ᠬᠢᠯᠬᠡᠬᠦ︾ ︽ᠬᠤᠪᠢ ᠶᠢᠨ ᠡᠵᠡᠩᠨᠡᠯᠳᠡ ᠠᠴᠠ | ᠠᠵᠣ ᠠᠬᠤᠶᠢᠯᠠᠯ ᠳᠡᠰᠢ ᠬᠤᠪᠢᠷᠠᠭᠤᠯᠬᠤ︾ ︽ᠳᠣᠮᠳᠠ ᠪᠠᠭ᠎ᠠ ᠠᠵᠣ ᠠᠬᠤᠶᠢᠯᠠᠯ ᠤᠨ ᠬᠡᠯᠪᠡᠷᠢ ᠶᠢ ᠨᠢ | ᠬᠤᠪᠢᠷᠠᠭᠤᠯᠣᠨ ᠬᠡᠪᠴᠢᠶᠡᠵᠢᠯ ᠠᠴᠠ ᠳᠡᠭᠡᠭᠰᠢᠬᠢ ᠠᠵᠣ ᠠᠬᠤᠶᠢᠯᠠᠯ ᠪᠣᠯᠭᠠᠬᠤ︾ ᠠᠵᠢᠯ ᠢ ᠢᠳᠡᠪᠬᠢᠳᠠᠢ ᠠᠬᠢᠭᠤᠯᠵᠣ᠂ | ᠵᠠᠬ᠎ᠠ ᠳᠡᠯᠭᠡᠭᠦᠷ ᠤᠨ ᠭᠤᠣᠯ ᠴᠣᠭᠴᠠ 1084 ᠡᠷᠦᠭᠡ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ | ᠶᠢᠨ ᠠᠵᠣ ᠠᠬᠤᠶᠢᠯᠠᠯ 3 ᠡᠷᠦᠭᠡ ᠶᠢ ᠰᠢᠨ᠎ᠡ ᠪᠠᠷ ᠨᠡᠮᠡᠵᠦ᠂ 3 ᠬᠤᠪᠢ ᠶᠢᠨ ᠦᠢᠯᠡᠳᠪᠦᠷᠢ ᠬᠤᠳᠠᠯᠳᠣᠭᠠᠨ ᠤ | ᠡᠷᠦᠭᠡ ᠶᠢ ᠠᠵᠣ ᠠᠬᠤᠶᠢᠯᠠᠯ ᠪᠣᠯᠭᠠᠨ ᠳᠡᠰ ᠳᠡᠪᠰᠢᠭᠦᠯᠵᠦ᠂ ᠠᠯᠳᠠ ᠵᠡᠰ ᠬᠤᠶᠠᠷ ᠠᠭᠤᠷᠬᠠᠢ ᠶᠢᠨ ᠠᠵᠢᠯ ᠢ | ᠭᠠᠳᠠᠭᠰᠢ ᠨᠠᠶᠢᠳᠠᠵᠣ ᠪᠠᠶᠢᠭᠰᠠᠨ ᠠᠴᠠ ᠦᠪᠡᠷᠳᠡᠭᠡᠨ ᠮᠠᠯᠳᠠᠬᠤ ᠪᠣᠯᠵᠣ᠂ ᠪᠦᠬᠦ ᠬᠤᠰᠢᠭᠤᠨ ᠤ ᠪᠦᠬᠦᠶᠢᠯᠡ ᠭᠠᠶᠢᠯᠢ | ᠶᠢᠨ ᠣᠷᠣᠯᠭ᠎ᠠ 58.8% ᠪᠠᠷ ᠨᠡᠮᠡᠭᠳᠡᠪᠡ᠃ | ᠨᠢᠭᠡ ᠵᠢᠯ ᠤᠨ ᠲᠣᠷᠰᠢ᠂ ᠪᠢᠳᠡ ᠴᠢᠨᠠᠷ ᠪᠣᠯᠣᠨ ᠦᠷ᠎ᠡ ᠠᠰᠢᠭ ᠢ ᠵᠡᠷᠭᠡᠪᠡᠷ ᠴᠢᠬᠤᠯᠠᠴᠢᠯᠠᠵᠣ᠂ ᠪᠣᠬᠢᠷᠳᠣᠯ | ᠦᠭᠡᠢ ᠳᠡᠰᠢ ᠬᠦᠭᠵᠢᠭᠦᠯᠵᠦ᠂ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠪᠡ᠃ ᠰᠢᠨ᠎ᠡ | ᠡᠨᠧᠷᠬᠢ ᠶᠢᠨ ᠠᠵᠣ ᠦᠢᠯᠡᠰ ᠤᠨ ᠣᠳᠣᠬᠢᠴᠢᠯᠠᠯᠳᠠ᠂ ᠰᠦᠷᠦᠭᠵᠢᠯᠳᠡ᠂ ᠠᠭᠤᠰᠣᠯᠴᠠᠭᠤᠯᠣᠯᠳᠠ ᠨᠢ ᠰᠢᠨ᠎ᠡ | ᠬᠦᠭᠵᠢᠯᠳᠡ ᠶᠢᠨ ᠱᠠᠳᠣᠨ ᠳᠤ ᠣᠷᠣᠪᠠ᠃ ᠰᠠᠯᠬᠢᠨ ᠬᠦᠴᠦᠨ ᠤ ᠴᠠᠬᠢᠯᠭᠠᠨ ᠪᠣᠯᠣᠨ ᠨᠠᠷᠠᠨ ᠤ ᠡᠨᠧᠷᠬᠢ ᠶᠢᠨ | ᠴᠠᠬᠢᠯᠭᠠᠨ ᠤ ᠠᠵᠣ ᠦᠢᠯᠡᠰ ᠬᠦᠴᠦᠷᠭᠡᠭᠵᠢᠪᠡ᠃ ᠭᠥᠸᠧ ᠲᠢᠶᠠᠨ ᠵᠢᠷᠦᠭᠡ 10 ᠰᠠᠶ᠎ᠠ ᠸᠠᠲ ᠤᠨ ︽ᠬᠦᠳᠡᠭᠡ | ᠲᠣᠰᠬᠤᠨ ᠢ ᠬᠦᠭᠵᠢᠭᠦᠯᠦᠨ ᠮᠠᠨᠳᠣᠭᠤᠯᠬᠤ + ᠬᠠᠮᠳᠣ ᠶᠢᠨ ᠠᠵᠣ ᠠᠬᠤᠢ︾ ᠶᠢᠨ ᠲᠠᠷᠠᠬᠠᠢ ᠬᠡᠯᠪᠡᠷᠢ ᠶᠢᠨ ᠰᠠᠯᠬᠢᠨ | ᠬᠦᠴᠦᠨ ᠤ ᠴᠠᠬᠢᠯᠭᠠᠨ᠂ ᠵᠢᠶᠠ ᠰᠢᠩ ᠤᠨ ᠢᠦᠢ ᠱᠦ ᠲᠣᠰᠬᠤᠨ ᠤ 800 ᠺᠢᠯᠣᠸᠠᠲ ᠤᠨ ᠲᠠᠷᠬᠠᠯᠳᠠ ᠶᠢᠨ | ᠬᠡᠯᠪᠡᠷᠢ ᠲᠠᠢ ᠨᠠᠷᠠᠨ ᠤ ᠡᠨᠧᠷᠬᠢ ᠶᠢᠨ ᠴᠠᠬᠢᠯᠭᠠᠨ᠂ ᠬᠤᠸᠠ ᠶᠧᠦ ᠡᠷᠢᠶᠡᠨ ᠺᠣᠮᠫᠠᠨᠢ ᠶᠢᠨ 0.8 ᠲᠦᠮᠡᠨ ᠺᠢᠯᠣᠸᠠᠲ | ᠤᠨ ᠪᠦᠬᠦ ᠲᠤᠭ᠎ᠠ ᠪᠠᠷ ᠨᠢ ᠦᠪᠡᠷᠳᠡᠭᠡᠨ ᠴᠠᠬᠢᠯᠭᠠᠨ ᠬᠠᠩᠭᠠᠨ ᠦᠪᠡᠷᠳᠡᠭᠡᠨ ᠬᠡᠷᠡᠭᠯᠡᠬᠦ ᠵᠡᠷᠭᠡ ᠨᠢᠭᠡ ᠪᠦᠯᠦᠭ ᠰᠢᠨ᠎ᠡ | ᠡᠨᠧᠷᠬᠢ ᠶᠢᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ᠰᠢᠨ᠎ᠡ ᠡᠨᠧᠷᠬᠢ ᠶᠢᠨ ᠮᠠᠰᠢᠨ | ᠴᠣᠭᠴᠠᠯᠠᠪᠣᠷᠢ 116.14 ᠲᠦᠮᠡᠨ ᠺᠢᠯᠣᠸᠠᠲ ᠲᠤ ᠬᠦᠷᠴᠦ᠂ ᠪᠦᠬᠦ ᠵᠢᠯ ᠳᠤ 25.5 ᠳ᠋ᠦᠩᠰᠢᠭᠤᠷ ᠭᠷᠠᠳᠦ᠋ᠰ | ᠴᠠᠬᠢᠯᠭᠠᠨ ᠬᠠᠩᠭᠠᠵᠣ᠂ 24.6% ᠪᠠᠷ ᠨᠡᠮᠡᠭᠳᠡᠵᠦ᠂ ᠰᠦᠷᠦᠭᠵᠢᠯ ᠤᠨ ᠦᠷ᠎ᠡ ᠠᠰᠢᠭ ᠡᠳᠦᠷ ᠢᠷᠡᠭᠦᠶ᠎ᠡ | ᠲᠣᠪᠣᠶᠢᠮ᠎ᠠ ᠪᠣᠯᠪᠠ᠃ ᠰᠢᠨ᠎ᠡ ᠪᠠᠷ ᠲᠡᠮᠡᠴᠡᠨ ᠣᠯᠣᠭᠰᠠᠨ ᠰᠠᠯᠬᠢᠨ ᠬᠦᠴᠦᠨ ᠪᠠ ᠨᠠᠷᠠᠨ ᠤ ᠡᠨᠧᠷᠬᠢ ᠶᠢᠨ ᠴᠠᠬᠢᠯᠭᠠᠨ | ᠤ ᠲᠦᠷᠦᠯ ᠵᠦᠢᠯ ᠤᠨ ᠭᠦᠢᠴᠡᠳᠭᠡᠯ ᠲᠤᠭ᠎ᠠ ᠵᠠᠭᠤᠨ ᠲᠦᠮᠡ ᠶᠢ ᠳᠠᠪᠠᠵᠣ᠂ ᠰᠢᠨ᠎ᠡ ᠡᠨᠧᠷᠬᠢ ᠶᠢᠨ ᠵᠠᠬ᠎ᠠ ᠳᠡᠯᠭᠡᠭᠦᠷ | ᠢ ᠨᠡᠭᠡᠭᠡᠨ ᠠᠰᠢᠭᠯᠠᠬᠤ ᠬᠠᠨᠳᠣᠰᠢ ᠮᠠᠰᠢ ᠰᠠᠶᠢᠨ ᠪᠠᠶᠢᠨ᠎ᠠ᠃ ︽ᠪᠣᠬᠢᠷᠳᠣᠯ ᠦᠭᠡᠢ ᠴᠠᠬᠢᠯᠭᠠᠨ + ᠴᠢᠨᠠᠷ ᠰᠠᠶᠢᠳᠠᠢ | ᠦᠨᠳᠦᠷ ᠠᠴᠢᠶᠠᠯᠠᠬᠤ ᠴᠢᠳᠠᠪᠣᠷᠢ︾ ᠶᠢᠨ ᠲᠣᠬᠢᠶᠠᠯ ᠢ ᠠᠳᠬᠤᠨ ᠬᠦᠭᠵᠢᠭᠦᠯᠬᠦ ᠠᠷᠭ᠎ᠠ ᠪᠣᠳᠣᠯᠭ᠎ᠠ ᠶᠢ | ᠰᠦᠪᠡᠭᠴᠢᠯᠡᠪᠡ᠃ 3 ᠲᠡᠮᠦᠷ ᠤᠨ ᠬᠠᠶᠢᠯᠣᠰᠢ ᠶᠢᠨ ᠲᠦᠷᠦᠯ ᠵᠦᠢᠯ ᠦᠪᠡᠷᠳᠡᠭᠡᠨ ᠵᠠᠰᠠᠬᠤ ᠣᠷᠣᠨ ᠤ ᠦᠨᠡᠯᠡᠨ | ᠵᠢᠱᠢᠯᠳᠡ ᠶᠢ ᠳᠠᠮᠵᠢᠨ ᠪᠠᠳᠣᠯᠠᠭᠳᠠᠵᠣ᠂ ᠲᠦᠷᠦ ᠶᠢᠨ ᠪᠣᠳᠣᠯᠭ᠎ᠠ ᠳᠤ ᠬᠠᠮᠣᠷᠣᠭᠳᠠᠪᠠ᠃ ᠵᠢᠯ ᠤᠨ ᠭᠠᠷᠣᠯᠳᠠ 10 | ᠲᠦᠮᠡᠨ ᠲᠣᠨ ᠬᠦᠷᠬᠦ ᠪᠢᠯᠢᠭ ᠲᠣᠶᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠣ᠂ ᠰᠢᠨ ᠮᠧᠩ ᠰᠢᠨ ᠮᠠᠲ᠋ᠧᠷᠢᠶᠠᠯ᠂ ᠬᠤᠸᠠ ᠰᠢᠩ ᠠᠵᠣ ᠦᠢᠯᠡᠰ ᠤᠨ ᠬᠠᠶᠠᠭᠳᠠᠮᠠᠯ ᠭᠡᠢ ᠪᠠᠷ ᠴᠠᠬᠢᠯᠭᠠᠨ | ᠭᠠᠷᠭᠠᠬᠤ ᠲᠦᠷᠦᠯ ᠵᠦᠢᠯ ᠢ ᠪᠠᠶᠢᠭᠤᠯᠵᠣ ᠳᠠᠭᠤᠰᠬᠠᠨ ᠠᠰᠢᠭᠯᠠᠯᠳᠠ ᠳᠤ ᠣᠷᠣᠭᠤᠯᠵᠣ᠂ ︽ᠭᠠᠳᠠᠭᠰᠢᠯᠠᠭᠤᠯᠣᠯᠳᠠ | ᠶᠢ ᠪᠠᠭᠠᠰᠬᠠᠨ ᠨᠡᠭᠦᠷᠡᠰᠦᠳᠦ᠋ᠷᠦᠭᠴᠢ ᠶᠢ ᠪᠠᠭᠠᠰᠬᠠᠬᠤ︾ ᠢᠳᠡᠪᠬᠢᠳᠠᠢ ᠠᠬᠢᠴᠠ ᠲᠠᠢ ᠪᠣᠯᠪᠠ᠃ 20 ᠲᠦᠮᠡᠨ | ᠺᠢᠯᠣᠸᠠᠲ ᠤᠨ ᠴᠠᠬᠢᠯᠭᠠᠨ ᠲᠣᠣᠷ ᠤᠨ ᠪᠡᠶ᠎ᠡ ᠪᠠᠨ ᠳᠠᠭᠠᠭᠰᠠᠨ ᠡᠨᠧᠷᠬᠢ ᠨᠦᠭᠡᠴᠡᠯᠡᠬᠦ ᠵᠢᠱᠢᠶ᠎ᠡ ᠦᠵᠡᠭᠦᠯᠬᠦ ᠲᠦᠷᠦᠯ | ᠵᠦᠢᠯ ᠤᠨ ᠭᠦᠢᠴᠡᠳᠭᠡᠯ ᠲᠤᠭ᠎ᠠ ᠵᠦᠪᠰᠢᠶᠡᠷᠡᠯ ᠣᠯᠵᠣ᠂ ᠪᠦᠬᠦ ᠣᠷᠣᠨ ᠤ ᠰᠢᠨ᠎ᠡ ᠬᠡᠯᠪᠡᠷᠢ ᠶᠢᠨ ᠡᠨᠧᠷᠬᠢ | ᠨᠦᠭᠡᠴᠡᠯᠡᠬᠦ ᠲᠦᠷᠦᠯ ᠵᠦᠢᠯ ᠳᠤ ᠲᠦᠷᠭᠡᠨ ᠣᠷᠣᠪᠠ᠃ ᠲᠣᠨᠣᠭᠯᠠᠯ ᠦᠢᠯᠡᠳᠬᠦ ᠠᠵᠣ ᠦᠢᠯᠡᠰ ᠪᠡᠯᠡᠳᠭᠡᠯ ᠲᠠᠢ ᠪᠠᠷ | ᠣᠷᠣᠭᠰᠢᠯᠠᠪᠠ᠃ ᠪᠦᠬᠦ ᠣᠯᠣᠰ ᠤᠨ ᠣᠳᠣᠬᠠᠨ ᠤ ᠡᠭᠡ ᠬᠠᠭᠤᠷᠠᠢ ᠳᠡᠭᠡᠷᠡᠬᠢ ᠰᠠᠯᠬᠢᠨ ᠬᠦᠷᠳᠦᠨ ᠤ ᠰᠡᠩᠰᠡᠨ ᠤ | ᠣᠷᠳᠣ ᠪᠠᠷ ᠨᠢᠭᠡᠳᠦᠭᠡᠷ ᠲᠤ ᠣᠷᠣᠬᠤ ︽ᠰᠠᠨ ᠢ ᠺᠣᠮᠫᠠᠨᠢ ᠶᠢᠨ ᠪᠣᠬᠢᠷᠳᠣᠯ ᠦᠭᠡᠢ ᠣᠶᠣᠨᠴᠢ ᠪᠠᠷ ᠦᠢᠯᠡᠳᠬᠦ | ᠠᠵᠣ ᠦᠢᠯᠡᠰ ᠤᠨ ᠲᠣᠭᠤᠷᠢᠭ︾ ᠵᠠᠭᠤᠨ ᠡᠳᠦᠷ ᠲᠤ ᠠᠵᠢᠯ ᠡᠬᠢᠯᠡᠭᠦᠯᠬᠦ ᠶᠢ ᠪᠡᠶᠡᠯᠡᠭᠦᠯᠵᠦ᠂ ᠪᠦᠬᠦ ᠠᠶᠢᠮᠠᠭ ᠤᠨ | ᠦᠵᠦᠭᠦᠷ ᠳᠡᠰ ᠤᠨ ᠰᠠᠯᠬᠢᠨ ᠬᠦᠴᠦᠨ ᠤ ᠮᠠᠰᠢᠨ ᠴᠣᠭᠴᠠᠯᠠᠪᠣᠷᠢ ᠶᠢ ᠦᠢᠯᠡᠳᠬᠦ ᠬᠤᠭᠤᠰᠣᠨ ᠢ ᠨᠦᠬᠦᠪᠦᠷᠢᠯᠡᠪᠡ᠃ | ᠵᠦᠩ ᠴᠠ ᠰᠢᠨ᠎ᠡ ᠡᠨᠧᠷᠬᠢ ᠶᠢᠨ ᠬᠦᠨᠳᠦ ᠠᠵᠣ ᠦᠢᠯᠡᠳᠪᠦᠷᠢ ᠶᠢᠨ ᠴᠠᠬᠢᠯᠭᠠᠨ ᠬᠦᠳᠡᠯᠭᠡᠭᠦᠷᠲᠦ ᠣᠶᠣᠨᠴᠢ | ᠢᠨᠵᠧᠨᠧᠷᠢᠩ ᠤᠨ ᠲᠣᠨᠣᠭᠯᠠᠯ ᠦᠢᠯᠡᠳᠬᠦ ᠲᠦᠷᠦᠯ ᠵᠦᠢᠯ ᠲᠣᠰ ᠵᠢᠯ ᠳᠡᠭᠡᠨ ᠠᠵᠢᠯ ᠡᠬᠢᠯᠡᠭᠦᠯᠦᠨ᠂ ᠠᠵᠢᠯ ᠢᠶᠠᠨ | ᠳᠠᠭᠤᠰᠬᠠᠵᠣ᠂ ᠠᠰᠢᠭᠯᠠᠯᠳᠠ ᠳᠤ ᠣᠷᠣᠭᠤᠯᠬᠤ ᠶᠢ ᠴᠦᠮ ᠪᠡᠶᠡᠯᠡᠭᠦᠯᠵᠦ᠂ ᠰᠢᠨ᠎ᠡ ᠡᠨᠧᠷᠬᠢ ᠶᠢᠨ ᠬᠡᠯᠬᠢᠶ᠎ᠡ | ᠦᠵᠦᠭᠦᠷ ᠳᠡᠰ ᠳᠡᠰᠢ ᠦᠷᠭᠦᠯᠵᠢᠯᠡᠬᠦ ᠶᠢ ᠠᠬᠢᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ | ᠬᠦᠴᠢᠷ ᠢ ᠳᠠᠪᠠᠨ ᠣᠷᠣᠭᠰᠢᠯᠠᠪᠠ᠃ ᠬᠡᠪᠴᠢᠶᠡᠵᠢᠯ ᠠᠴᠠ ᠳᠡᠭᠡᠭᠰᠢᠬᠢ 23 ᠠᠵᠣ ᠦᠢᠯᠡᠳᠪᠦᠷᠢ ᠶᠢᠨ ᠠᠵᠣ | ᠠᠬᠤᠶᠢᠯᠠᠯ 32.5 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠢ ᠪᠡᠶᠡᠯᠡᠭᠦᠯᠵᠦ᠂ 13.8% | ᠪᠠᠷ ᠨᠡᠮᠡᠭᠳᠡᠵᠦ᠂ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠣᠴᠠ ᠠᠳᠠᠯᠢ ᠬᠤᠭᠤᠴᠠᠭᠠᠨ ᠤ ᠬᠢ ᠠᠴᠠ 10. | 3% ᠪᠠᠷ ᠦᠰᠪᠡ᠃ ᠶᠢᠨ ᠰᠢ ᠠᠯᠳᠠᠨ ᠤ ᠠᠭᠤᠷᠬᠠᠢ ᠦᠢᠯᠡᠳᠪᠦᠷᠢᠯᠡᠯ ᠢᠶᠠᠨ ᠦᠷᠭᠡᠳᠭᠡᠨ ᠦᠷ᠎ᠡ ᠠᠰᠢᠭ ᠢᠶᠠᠨ | ᠨᠡᠮᠡᠭᠳᠡᠭᠦᠯᠵᠦ᠂ ᠦᠢᠯᠡᠳᠪᠦᠷᠢᠯᠡᠯ ᠤᠨ ᠦᠷᠳᠡᠭ ᠢᠶᠠᠨ ᠵᠢᠯ ᠤᠨ ᠡᠬᠢᠨ ᠤ ᠲᠦᠯᠦᠪᠯᠡᠭᠡ ᠠᠴᠠ ᠲᠠᠬᠢᠨ ᠢᠶᠠᠷ | ᠨᠡᠮᠡᠭᠳᠡᠭᠦᠯᠬᠦ ᠶᠢ ᠪᠡᠶᠡᠯᠡᠭᠦᠯᠵᠦ᠂ ᠪᠢᠯᠢᠭᠡ ᠠᠭᠤᠷᠬᠠᠢ ᠶᠢᠨ ᠲᠣᠭᠤᠷᠢᠭ ᠬᠠᠶᠢᠨ ᠰᠢᠨᠵᠢᠯᠡᠵᠦ ᠪᠠᠶᠢᠭᠰᠠᠨ ᠠᠴᠠ ᠪᠠᠨ | ᠨᠡᠭᠡᠭᠡᠨ ᠠᠰᠢᠭᠯᠠᠬᠤ ᠪᠣᠯᠣᠭᠰᠠᠨ ᠭᠠᠷ ᠭᠦᠢᠴᠡᠳᠭᠡᠯ ᠢᠶᠠᠨ ᠠᠮᠵᠢᠯᠳᠠᠳᠠᠢ ᠭᠦᠢᠴᠡᠳᠭᠡᠵᠦ᠂ ᠡᠬᠢ ᠪᠠᠶᠠᠯᠢᠭ ᠤᠨ | ᠳᠠᠪᠠᠭᠤᠯᠢᠭ ᠢ ᠠᠵᠣ ᠠᠬᠤᠢ ᠶᠢᠨ ᠳᠠᠪᠠᠭᠤᠯᠢᠭ ᠪᠣᠯᠭᠠᠬᠤ ᠶᠢ ᠣᠯᠠᠮ ᠨᠢᠭᠡ ᠠᠯᠬᠤᠮ ᠠᠬᠢᠭᠤᠯᠪᠠ᠃ ᠵᠢᠩ ᠳ᠋ᠦᠩ | ᠹᠠᠩ ᠣᠶᠣᠨᠳᠣ ᠡᠨᠧᠷᠬᠢ ᠶᠢᠨ 20 ᠲᠦᠮᠡᠨ ᠺᠢᠯᠣᠸᠠᠲ ᠤᠨ ᠨᠠᠷᠠᠨ ᠤ ᠡᠨᠧᠷᠬᠢ ᠨᠦᠭᠡᠴᠡᠯᠡᠬᠦ ᠶᠡᠷᠦᠩᠭᠡᠶᠢᠯᠡᠭᠰᠡᠨ | ᠵᠢᠱᠢᠶ᠎ᠡ ᠦᠵᠡᠭᠦᠯᠬᠦ ᠲᠦᠷᠦᠯ ᠵᠦᠢᠯ ᠢ ᠲᠣᠭᠳᠠᠭᠰᠠᠨ ᠬᠤᠭᠤᠴᠠᠭᠠᠨ ᠳᠠᠭᠠᠨ ᠲᠦᠯᠦᠪᠵᠢᠭᠦᠯᠭᠡ ᠳᠤ ᠣᠷᠣᠭᠤᠯᠣᠨ᠂ | ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ 3.6 ᠵᠠᠭᠤᠨ ᠤ ᠬᠤᠪᠢ ᠶᠢᠨ ᠴᠡᠭ | ᠢᠶᠠᠷ ᠳᠡᠭᠡᠭᠰᠢᠯᠡᠭᠦᠯᠪᠡ᠃ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ | ᠦᠷᠳᠡᠭ ᠤᠨ ᠨᠡᠮᠡᠭᠳᠡᠯ ᠤᠨ ᠬᠤᠷᠳᠣᠴᠠ ᠢᠶᠠᠷ ᠪᠦᠬᠦ ᠠᠶᠢᠮᠠᠭ ᠲᠤ ᠵᠢᠷᠭᠤᠳᠣᠭᠠᠷ ᠲᠤ ᠣᠷᠣᠪᠠ᠃ ᠮᠠᠯ ᠠᠵᠣ | ᠠᠬᠤᠢ ᠶᠢᠨ ᠨᠡᠷ᠎ᠡ ᠲᠡᠮᠳᠡᠭᠵᠢᠯᠳᠡ᠂ ᠬᠡᠪᠴᠢᠶᠡᠵᠢᠭᠦᠯᠦᠯᠳᠡ᠂ ᠠᠵᠣ ᠦᠢᠯᠡᠰᠵᠢᠯᠳᠡ ᠰᠢᠨ᠎ᠡ ᠰᠢᠪᠳᠣᠯᠣᠯᠳᠠ ᠶᠢ | ᠪᠡᠶᠡᠯᠡᠭᠦᠯᠪᠡ᠃ ᠨᠡᠷᠡᠲᠦ ᠲᠡᠮᠳᠡᠭ ᠤᠨ ᠳᠠᠭᠠᠭᠤᠯᠭ᠎ᠠ ᠪᠠᠷ ᠮᠠᠯ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ | ᠬᠦᠭᠵᠢᠭᠦᠯᠵᠦ᠂ ︽ᠰᠦᠨᠢᠳ ᠢᠩᠭᠡᠨ ᠤ ᠰᠦ︾ ᠶᠢ ᠪᠦᠬᠦ ᠣᠯᠣᠰ ᠤᠨ ᠨᠡᠷᠡᠲᠦ ᠣᠨᠴᠠᠯᠢᠭᠳᠣ ᠰᠢᠯᠢᠳᠡᠭ ᠮᠠᠯ ᠤᠨ | ᠠᠰᠢᠭ ᠰᠢᠮ᠎ᠡ ᠶᠢᠨ ᠨᠡᠷᠡᠰ ᠤᠨ ᠳᠡᠮᠳᠡᠭᠯᠡᠯ ᠳᠤ ᠣᠷᠣᠭᠤᠯᠵᠣ᠂ ᠶᠠᠩ ᠶᠠᠩ ᠮᠠᠯᠵᠢᠯ ᠤᠨ ᠦᠢᠯᠡᠰ᠂ ᠮᠧᠩ ᠭᠥᠸᠧ | ᠯᠧ ᠮᠢᠬᠠᠨ ᠤ ᠦᠢᠯᠡᠰ ᠦᠪᠡᠷᠳᠡᠭᠡᠨ ᠵᠠᠰᠠᠬᠤ ᠣᠷᠣᠨ ᠤ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠲᠦ | ᠲᠡᠮᠳᠡᠭ ᠤᠨ ︽ᠦᠪᠦᠷ ᠮᠣᠩᠭᠤᠯ︾ ᠱᠣᠰᠢᠭ᠎ᠠ ᠳᠡᠮᠳᠡᠭ ᠤᠨ ᠬᠡᠷᠡᠴᠢᠯᠡᠭᠡ ᠶᠢ ᠬᠦᠷᠳᠡᠵᠦ᠂ ᠮᠧᠩ ᠭᠥᠸᠧ ᠯᠧ | ᠮᠢᠬᠠᠨ ᠤ ᠦᠢᠯᠡᠰ ᠲᠤ ᠰᠢᠯᠢ ᠶᠢᠨ ᠭᠤᠣᠯ ᠤᠨ ᠬᠤᠨᠢ ᠶᠢᠨ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ | ᠲᠦᠷᠦᠯ ᠲᠡᠮᠳᠡᠭ ᠢ ᠬᠡᠷᠡᠭᠯᠡᠬᠦ ᠡᠷᠭᠡ ᠶᠢ ᠣᠯᠭᠤᠪᠠ᠃ ᠵᠢᠯ ᠤᠨ ᠲᠣᠳᠣᠷ᠎ᠠ 2 ᠲᠦᠮᠡᠨ ᠬᠤᠨᠢᠨ ᠤ ᠢᠷᠡᠯᠳᠡ ᠶᠢ | ᠮᠦᠷᠳᠡᠬᠦ ᠠᠵᠢᠯ ᠢ ᠬᠡᠷᠡᠭᠵᠢᠭᠦᠯᠵᠦ᠂ ᠪᠦᠲᠦᠭᠡᠭᠳᠡᠭᠦᠨ ᠤ ᠶᠡᠷᠦᠩᠭᠡᠢ ᠦᠨ᠎ᠡ ᠦᠰᠦᠭᠡᠳ 5% ᠳᠤ ᠬᠦᠷᠪᠡ᠃ ︽ | ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠦᠭᠡᠷ ᠦᠰᠭᠡᠬᠦ︾ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ | ᠲᠡᠮᠡᠭᠡ ᠦᠰᠭᠡᠬᠦ︾ ᠦᠷ᠎ᠡ ᠠᠰᠢᠭ ᠢ ᠦᠷᠭᠦᠯᠵᠢᠯᠡᠨ ᠪᠠᠳᠣᠳᠬᠠᠵᠣ᠂ ᠮᠠᠯᠵᠢᠯ ᠤᠨ ᠣᠨ ᠳᠤ 8.98 ᠲᠦᠮᠡᠨ | ᠢᠳᠡᠰᠢᠨ ᠤ ᠦᠭᠡᠷ᠂ 97.46 ᠲᠦᠮᠡᠨ ᠢᠳᠡᠰᠢᠨ ᠤ ᠬᠤᠨᠢ ᠮᠠᠯᠵᠢᠵᠣ᠂ ᠬᠤᠣᠰ ᠪᠦᠬᠦᠳᠦ ᠲᠡᠮᠡᠭᠡ 1 ᠲᠦᠮᠡ ᠶᠢ | ᠳᠠᠪᠠᠪᠠ᠃ ᠰᠦᠨᠢᠳ ᠬᠤᠨᠢᠨ ᠤ ᠡᠭᠦᠯᠳᠡᠷ ᠢ ᠰᠠᠶᠢᠵᠢᠷᠠᠭᠤᠯᠬᠤ ᠬᠠᠷᠢᠴᠠᠯ 85% ᠪᠠᠶᠢᠭᠰᠠᠨ ᠠᠴᠠ 92% | ᠪᠣᠯᠳᠠᠯ᠎ᠠ ᠳᠡᠭᠡᠭᠰᠢᠯᠡᠵᠦ᠂ ᠰᠢᠯᠢᠳᠡᠭ ᠡᠭᠦᠯᠳᠡᠷ ᠤᠨ ᠢᠳᠡᠰᠢᠨ ᠤ ᠦᠭᠡᠷ ᠤᠨ ᠬᠠᠷᠢᠴᠠᠯ 97% ᠳᠤ ᠬᠦᠷᠪᠡ᠃ | ᠰᠦᠨᠢᠳ ᠬᠤᠨᠢᠨ ᠤ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠠᠯᠠᠪᠠᠢ 14 ᠳᠤ ᠬᠦᠷᠴᠦ᠂ ᠭᠤᠣᠯ ᠰᠦᠷᠦᠭ ᠢ | 132 ᠪᠣᠯᠭᠠᠨ ᠬᠦᠭᠵᠢᠭᠦᠯᠵᠦ᠂ 42 ᠰᠦᠨᠢᠳ ᠬᠤᠴᠠ ᠲᠦᠪᠯᠡᠷᠡᠭᠦᠯᠦᠨ ᠬᠠᠮᠢᠶᠠᠷᠬᠤ ᠴᠡᠭ ᠢ ᠪᠠᠳᠣᠳᠬᠠᠨ | ᠳᠡᠭᠡᠭᠰᠢᠯᠡᠭᠦᠯᠵᠦ᠂ 1398 ᠢᠩᠭᠡ ᠠᠴᠠ ᠵᠢᠯ ᠳᠤ 1048 ᠲᠣᠨ ᠰᠦ ᠰᠠᠭᠠᠵᠣ᠂ ᠳᠡᠭᠡᠷ᠎ᠡ ᠵᠢᠯ ᠠᠴᠠ ᠲᠠᠬᠢᠨ | ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃ ᠣᠯᠣᠰ ᠤᠨ ᠲᠠᠯ᠎ᠠ ᠨᠣᠳᠤᠭ ᠤᠨ ᠢᠳᠡᠰᠢᠨ ᠤ ᠬᠤᠨᠢᠨ ᠤ ᠳᠠᠪᠠᠭᠤᠯᠢᠭ | ᠣᠨᠴᠠᠯᠢᠭᠳᠣ ᠠᠵᠣ ᠦᠢᠯᠡᠰ ᠤᠨ ᠰᠦᠷᠦᠭᠵᠢᠯ ᠪᠣᠯᠣᠨ ᠰᠦᠨᠢᠳ ᠬᠤᠨᠢᠨ ᠤ ᠣᠳᠣᠮᠰᠢᠯ ᠤᠨ ᠡᠬᠢ ᠪᠠᠶᠠᠯᠢᠭ ᠢ | ᠬᠠᠮᠠᠭᠠᠯᠠᠨ ᠠᠰᠢᠭᠯᠠᠬᠤ ᠵᠢᠴᠢ ᠭᠤᠣᠯ ᠦᠷᠡᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ | ᠢ ᠡᠬᠢᠯᠡᠨ ᠬᠡᠷᠡᠭᠵᠢᠭᠦᠯᠵᠦ᠂ ᠰᠦᠨᠢᠳ ᠬᠤᠨᠢᠨ ᠤ ᠣᠯᠠᠨ ᠣᠳᠠᠭ᠎ᠠ ᠠᠷᠪᠢᠨ ᠲᠦᠯ ᠲᠣᠰᠬᠤ ᠰᠢᠨ᠎ᠡ ᠡᠭᠦᠯᠳᠡᠷ ᠢ | ᠪᠣᠶᠢᠵᠢᠭᠤᠯᠬᠤ ᠪᠠ ᠦᠷᠡᠵᠢᠯ ᠤᠨ ᠲᠣᠷᠰᠢᠯᠳᠡ ᠶᠢᠨ ᠴᠡᠭ ᠢ ᠬᠤᠯᠪᠣᠭᠠᠯᠠᠬᠤ ᠠᠵᠢᠯ ᠢ ᠦᠷᠨᠢᠭᠦᠯᠵᠦ᠂ ᠰᠦᠨᠢᠳ | ᠬᠤᠨᠢᠨ ᠤ ᠪᠣᠳᠠᠭᠠᠯᠢ ᠪᠡᠶ᠎ᠡ ᠶᠢᠨ ᠲᠦᠯᠯᠡᠬᠦ ᠴᠢᠳᠠᠪᠣᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃ | ᠦᠢᠯᠡᠴᠢᠯᠡᠭᠡᠨ ᠤ ᠦᠢᠯᠡᠰ ᠤᠨ ᠶᠠᠰᠣ ᠴᠢᠨᠠᠷ᠂ ᠣᠯᠠᠨ ᠡᠰᠢᠵᠢᠯᠳᠡ᠂ ᠲᠦᠭᠦᠮᠴᠢᠯᠡᠯᠳᠡ ᠰᠢᠨ᠎ᠡ ᠪᠠᠶᠢᠳᠠᠯ ᠢ | ᠢᠯᠡᠷᠡᠭᠦᠯᠪᠡ᠃ ᠰᠣᠶᠣᠯ ᠵᠢᠭᠤᠯᠴᠢᠯᠠᠯ ᠤᠨ ᠠᠵᠣ ᠦᠢᠯᠡᠰ ᠢ ᠬᠦᠭᠵᠢᠭᠦᠯᠬᠦ ᠪᠠᠷ ᠣᠯᠠᠮᠵᠢᠯᠠᠯᠳᠣ ᠦᠢᠯᠡᠴᠢᠯᠡᠭᠡᠨ ᠤ | ᠦᠢᠯᠡᠰ ᠢ ᠰᠡᠷᠭᠦᠭᠡᠨ ᠬᠦᠭᠵᠢᠭᠡᠵᠦ᠂ ︽ᠲᠦᠮᠡᠨ ᠭᠠᠵᠠᠷ ᠤᠨ ᠴᠠᠢ ᠶᠢᠨ ᠵᠠᠮ᠂ ᠴᠢᠭᠤᠯᠣᠯᠳᠣ ᠬᠠᠭᠠᠯᠭ᠎ᠠ — | ᠬᠦᠷᠢᠶ᠎ᠡ ᠠᠷᠠᠯᠵᠢᠶᠠᠨ ᠤ ᠵᠠᠮ︾ ᠲᠣᠭᠤᠢ ᠣᠨᠣᠬᠤ ᠠᠵᠢᠯᠯᠠᠭ᠎ᠠ᠂ ᠮᠠᠰᠢᠨ ᠲᠡᠷᠭᠡ ᠪᠠᠷ ᠲᠣᠭᠤᠷᠢᠨ ᠵᠣᠭᠠᠴᠠᠬᠤ | ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ ᠠᠩᠬᠠᠳᠣᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ | ᠰᠠᠨᠠᠭ᠎ᠠ ᠬᠤᠨᠳᠠᠭᠠᠳᠣ︾ ᠳᠣᠮᠳᠠᠳᠣ ᠣᠯᠣᠰ ᠤᠨ ᠠᠳᠣᠭᠤᠨ ᠰᠣᠶᠣᠯ ᠤᠨ ᠲᠦᠪ ᠰᠢᠯᠢ ᠶᠢᠨ ᠭᠤᠣᠯ ᠤᠨ ᠮᠣᠩᠭᠤᠯ | ᠮᠣᠷᠢᠨ ᠤ ᠬᠤᠯᠪᠣᠭᠠᠳᠣ ᠣᠷᠣᠯᠳᠣᠭᠠᠨ ᠤ ᠰᠦᠨᠢᠳ ᠪᠠᠷᠠᠭᠤᠨ ᠬᠤᠰᠢᠭᠤᠨ ᠤ ᠦᠷᠳᠡᠭᠡᠨ ᠤ ᠣᠷᠣᠯᠳᠣᠭᠠᠨ ᠢ | ᠠᠮᠵᠢᠯᠳᠠᠳᠠᠢ ᠡᠷᠬᠢᠯᠡᠵᠦ᠂ ᠵᠢᠭᠤᠯᠴᠢᠯᠠᠭᠰᠠᠳ ᠤᠨ ᠲᠤᠭ᠎ᠠ 10 ᠲᠦᠮᠡ ᠳᠤ ᠬᠦᠷᠴᠦ᠂ 3200 ᠲᠦᠮᠡᠨ | ᠲᠦᠭᠦᠷᠢᠭ ᠤᠨ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠵᠣ᠂ ᠲᠣᠰᠪᠦᠷᠢ 10% ᠪᠠ 6.7% ᠪᠠᠷ ᠨᠡᠮᠡᠭᠳᠡᠵᠦ᠂ | ᠵᠠᠰᠠᠮᠠᠯ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ︽ᠬᠤᠣᠰ ᠳᠡᠭᠡᠭᠰᠢᠯᠡᠯᠳᠡ︾ ᠶᠢ ᠪᠡᠶᠡᠯᠡᠭᠦᠯᠪᠡ᠃ | ᠰᠢᠶᠠᠨ ᠤ ᠬᠡᠪᠴᠢᠶᠡᠨ ᠤ ᠬᠤᠳᠠᠯᠳᠣᠭᠠᠨ ᠤ ᠶᠠᠪᠣᠳᠠᠯ ᠤᠨ ᠰᠢᠰᠲ᠋ᠧᠮ ᠤᠨ ᠪᠠᠶᠢᠭᠤᠯᠣᠯᠳᠠ ᠶᠢ ᠲᠠᠰᠣᠷᠠᠯᠳᠠ ᠦᠭᠡᠢ | ᠬᠦᠨᠵᠡᠭᠡᠶᠢᠷᠡᠭᠦᠯᠵᠦ᠂ ᠰᠣᠮᠣ ᠪᠠᠯᠭᠠᠰᠣᠨ ᠤ ᠵᠠᠮ ᠬᠠᠷᠢᠯᠴᠠᠭ᠎ᠠ ᠰᠢᠣᠳᠠᠨ ᠢ ᠠᠭᠤᠰᠣᠯᠴᠠᠭᠤᠯᠣᠭᠰᠠᠨ ᠵᠢᠱᠢᠶ᠎ᠡ | ᠦᠵᠡᠭᠦᠯᠬᠦ 2 ᠴᠡᠭ ᠢ ᠦᠭᠡᠷᠡᠴᠢᠯᠡᠨ ᠪᠠᠶᠢᠭᠤᠯᠵᠣ᠂ ᠭᠤᠷᠪᠠᠳᠣᠭᠠᠷ ᠳᠡᠰ ᠤᠨ ᠪᠠᠷᠠᠭᠠᠨ ᠤ ᠭᠦᠢᠯᠭᠡᠭᠡ ᠶᠢᠨ | ᠲᠣᠬᠢᠷᠠᠭᠤᠯᠣᠨ ᠬᠦᠷᠭᠡᠬᠦ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠵᠢᠯ ᠤᠨ ᠲᠣᠳᠣᠷ᠎ᠠ ᠮᠠᠯᠵᠢᠬᠤ | ᠲᠠᠷᠢᠶᠠᠯᠠᠬᠤ ᠣᠷᠣᠨ ᠤ ᠲᠦᠷᠭᠡᠨ ᠬᠦᠷᠭᠡᠯᠳᠡ ᠶᠢ 12.4 ᠲᠦᠮᠡᠨ ᠬᠤᠪᠢ ᠲᠣᠬᠢᠷᠠᠭᠤᠯᠣᠨ ᠬᠦᠷᠭᠡᠬᠦ ᠶᠢ | ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠳᠣ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ | ᠪᠦᠲᠦᠭᠡᠭᠳᠡᠭᠦᠨ ᠢ 20.6 ᠲᠦᠮᠡᠨ ᠬᠤᠪᠢ ᠭᠤᠪᠢᠭᠤᠯᠵᠣ᠂ ᠲᠣᠰᠪᠦᠷᠢ 10% ᠪᠠ 15% ᠪᠠᠷ ᠨᠡᠮᠡᠭᠳᠡᠪᠡ᠃ | ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠠᠶᠢᠵᠢᠷᠠᠵᠣ᠂ ︽ᠰᠦᠨᠢᠳ ᠪᠠᠷᠠᠭᠤᠨ ᠬᠤᠰᠢᠭᠤᠨ ᠤ | 2023 ᠰᠦᠯᠵᠢᠶᠡᠨ ᠳᠡᠭᠡᠷ᠎ᠡ ᠴᠠᠭᠠᠨ ᠰᠠᠷ᠎ᠠ ᠶᠢᠨ ᠪᠠᠷᠠᠭ᠎ᠠ ᠬᠤᠳᠠᠯᠳᠣᠨ ᠠᠪᠬᠤ ᠠᠵᠢᠯᠯᠠᠭ᠎ᠠ︾ ︽ᠲᠠᠪᠣᠨ ᠰᠠᠷ᠎ᠠ | ᠶᠢᠨ ᠨᠢᠭᠡᠨ︾ ᠤ ᠪᠠᠶᠠᠷ ᠢᠶᠠᠨ ᠪᠡᠯᠭᠡᠯᠡᠬᠦ ᠠᠵᠢᠯᠯᠠᠭ᠎ᠠ ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠵᠣ᠂ ᠨᠡᠶᠢᠳᠡ 171.3 ᠲᠦᠮᠡᠨ ᠲᠦᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠪᠡ᠃ ︽ | ᠢᠨᠲ᠋ᠧᠷᠨᠧᠲ ᠰᠦᠯᠵᠢᠶ᠎ᠡ +︾ ᠬᠡᠷᠡᠭᠯᠡᠭᠡᠨ ᠤ ᠰᠢᠰᠲ᠋ᠧᠮ ᠢ ᠲᠠᠰᠣᠷᠠᠯᠳᠠ ᠦᠭᠡᠢ ᠬᠦᠨᠵᠡᠭᠡᠶᠢᠷᠡᠭᠦᠯᠵᠦ᠂ ᠡᠯᠧᠺᠲᠷᠣᠨ | ᠬᠤᠳᠠᠯᠳᠣᠭᠠᠨ ᠤ ᠶᠠᠪᠣᠳᠠᠯ ᠤᠨ ᠠᠷᠠᠯᠵᠢᠶ᠎ᠠ ᠶᠢᠨ ᠮᠦᠩᠭᠦ 6 ᠳ᠋ᠦᠩᠰᠢᠭᠤᠷ ᠲᠦᠭᠦᠷᠢᠭ ᠲᠤ ᠬᠦᠷᠴᠦ᠂ 15% ᠪᠠᠷ | ᠨᠡᠮᠡᠭᠳᠡᠪᠡ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠮᠦᠩᠭᠦᠨ ᠭᠦᠢᠯᠭᠡᠭᠡᠨ ᠤ ᠳᠠᠭᠠᠳᠬᠠᠯ᠂ ᠪᠠᠭᠤᠳᠠᠯ | ᠢᠳᠡᠭᠡᠨ ᠣᠮᠳᠠᠭᠠᠨ ᠵᠡᠷᠭᠡ ᠣᠯᠠᠮᠵᠢᠯᠠᠯᠳᠣ ᠦᠢᠯᠡᠴᠢᠯᠡᠭᠡᠨ ᠤ ᠦᠢᠯᠡᠰ ᠲᠣᠭᠳᠠᠭᠤᠨ ᠢᠶᠠᠷ ᠬᠦᠭᠵᠢᠵᠦ᠂ ᠪᠦᠬᠦ | ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ 6.5% ᠪᠠᠷ ᠨᠡᠮᠡᠭᠳᠡᠵᠦ᠂ ᠠᠵᠣ ᠠᠬᠤᠢ ᠶᠢᠨ | ᠨᠡᠮᠡᠭᠳᠡᠯ ᠢ 3.3 ᠵᠠᠭᠤᠨ ᠤ ᠬᠤᠪᠢ ᠶᠢᠨ ᠴᠡᠭ ᠢᠶᠠᠷ ᠳᠡᠭᠡᠭᠰᠢᠯᠡᠭᠦᠯᠪᠡ᠃ | ᠨᠢᠭᠡ ᠵᠢᠯ ᠤᠨ ᠲᠣᠷᠰᠢ᠂ ᠪᠢᠳᠡ ᠴᠢᠷᠮᠠᠶᠢᠨ ᠠᠵᠢᠯᠯᠠᠵᠣ᠂ ᠶᠡᠷᠦᠩᠭᠡᠶᠢᠯᠡᠨ ᠵᠠᠰᠠᠨ ᠴᠡᠭᠴᠡᠯᠡᠵᠦ᠂ ᠠᠮᠢ | ᠠᠬᠤᠢ ᠶᠢᠨ ᠬᠠᠯᠬᠠᠪᠴᠢ ᠶᠢ ᠲᠠᠰᠣᠷᠠᠯᠳᠠ ᠦᠭᠡᠢ ᠴᠣᠭᠴᠠᠯᠠᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ | ᠭᠠᠵᠡᠷ ᠢ ᠵᠠᠰᠠᠨ ᠰᠡᠷᠬᠦᠭᠡᠵᠦ ᠢᠯᠠᠯᠳᠠ ᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ ︽ᠰᠦᠨᠢᠳ ᠪᠠᠷᠠᠭᠤᠨ | ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ ᠵᠠᠰᠠᠨ ᠰᠡᠷᠭᠦᠭᠡᠵᠦ ᠢᠯᠠᠯᠳᠠ ᠣᠯᠬᠤ | ᠲᠦᠯᠦᠪᠵᠢᠭᠦᠯᠭᠡ ᠶᠢᠨ ᠲᠦᠰᠦᠯ︾ ᠢ ᠨᠠᠶᠢᠷᠠᠭᠤᠯᠣᠨ ᠪᠢᠴᠢᠵᠦ᠂ ᠪᠦᠬᠦ ᠠᠶᠢᠮᠠᠭ ᠲᠤ ᠬᠠᠮᠤᠭ ᠲᠡᠷᠢᠭᠦᠨ ᠳᠤ | ᠨᠡᠭᠦᠳᠡᠯ ᠡᠯᠡᠰᠦᠨ ᠳᠤ ᠬᠠᠯᠬᠠᠪᠴᠢ ᠲᠣᠬᠢᠷᠠᠭᠤᠯᠬᠤ ᠣᠨ ᠤ ᠡᠭᠦᠷᠭᠡ ᠶᠢ ᠪᠡᠶᠡᠯᠡᠭᠦᠯᠵᠦ᠂ ᠪᠦᠬᠦ ᠠᠶᠢᠮᠠᠭ ᠲᠠᠢ | ᠵᠡᠷᠭᠡᠪᠡᠷ ᠨᠠᠮᠣᠷ ᠤᠨ ᠣᠯᠠᠷᠢᠯ ᠤᠨ ᠡᠯᠡᠰᠦ ᠶᠢ ᠵᠠᠰᠠᠬᠤ ᠠᠵᠢᠯ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠦᠳᠡᠯᠮᠦᠷᠢ | ᠬᠦᠴᠦ ᠭᠠᠷᠭᠠᠬᠤ ᠠᠯᠪᠠᠨ ᠵᠢᠷᠣᠮ ᠤᠨ ᠬᠦᠳᠡᠯᠮᠦᠷᠢ ᠶᠢᠨ ᠠᠵᠢᠯᠯᠠᠭ᠎ᠠ ᠶᠢ ᠡᠬᠢᠯᠡᠭᠦᠯᠵᠦ᠂ ᠡᠯᠡᠰᠦᠷᠭᠡᠭ ᠭᠠᠵᠠᠷ ᠢ | ᠵᠠᠰᠠᠬᠤ᠂ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠨᠢᠭᠡᠳᠦᠯᠳᠠᠢ ᠲᠦᠯᠦᠪᠯᠡᠵᠦ᠂ 8.9 ᠲᠦᠮᠡᠨ ᠮᠣ᠋ ᠭᠠᠵᠠᠷ | ᠤᠨ ᠡᠯᠡᠰᠦ ᠶᠢ ᠵᠠᠰᠠᠬᠤ᠂ 11.4 ᠲᠦᠮᠡᠨ ᠮᠣ᠋ ᠲᠠᠴᠢᠷᠰᠢᠭᠰᠡᠨ ᠲᠠᠯ᠎ᠠ ᠨᠣᠳᠤᠭ ᠤᠨ ᠠᠮᠢ ᠠᠬᠤᠢ ᠶᠢ ᠰᠡᠷᠭᠦᠭᠡᠬᠦ᠂ | 1 ᠲᠦᠮᠡᠨ ᠮᠣ᠋ ᠣᠢ ᠰᠢᠭᠤᠢ ᠶᠢᠨ ᠠᠮᠢ ᠠᠬᠤᠢ ᠶᠢ ᠪᠦᠲᠦᠭᠡᠨ ᠪᠠᠶᠢᠭᠤᠯᠬᠤ ᠶᠢ ᠪᠡᠶᠡᠯᠡᠭᠦᠯᠪᠡ᠃ ︽ᠬᠦᠳᠡᠯᠮᠦᠷᠢ | ᠪᠠᠷ ᠳᠡᠳᠭᠦᠮᠵᠢ ᠶᠢ ᠣᠷᠣᠯᠠᠭᠤᠯᠬᠤ︾ ᠪᠠᠷ ᠬᠦᠳᠡᠯᠮᠦᠷᠢ ᠬᠦᠴᠦ ᠭᠠᠷᠭᠠᠵᠣ᠂ ᠲᠦᠷᠢᠶᠡᠰᠦᠯᠡᠭᠦᠯᠦᠭᠰᠡᠨ ᠣᠷᠣᠯᠭ᠎ᠠ | 17 ᠲᠦᠮᠡᠨ ᠲᠦᠭᠦᠷᠢᠭ ᠲᠤ ᠬᠦᠷᠴᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠪᠦᠬᠦ ᠠᠷᠠᠳ | ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠪᠡ᠃ ᠨᠡᠭᠡᠭᠡᠨ ᠠᠰᠢᠭᠯᠠᠬᠤ | ᠬᠤᠭᠤᠴᠠᠭᠠᠨ ᠳᠤ ᠪᠠᠶᠢᠭ᠎ᠠ ᠠᠭᠤᠷᠬᠠᠢ ᠨᠡᠶᠢᠳᠡ 2046 ᠲᠦᠮᠡᠨ ᠲᠦᠭᠦᠷᠢᠭ ᠤᠨ ᠪᠡᠯᠡ ᠣᠷᠣᠭᠤᠯᠵᠣ᠂ 2.13 | ᠳᠡᠭᠰᠢ ᠳᠦᠷᠪᠡᠯᠵᠢᠨ ᠺᠢᠯᠣᠮᠧᠲᠷ ᠤᠨ ᠲᠠᠯᠠᠪᠠᠢ ᠶᠢ ᠵᠠᠰᠠᠵᠣ᠂ ᠣᠨ ᠤ ᠡᠭᠦᠷᠭᠡ ᠶᠢᠨ 177% ᠶᠢ ᠪᠡᠶᠡᠯᠡᠭᠦᠯᠪᠡ᠃ | 4.54 ᠳᠡᠭᠰᠢ ᠳᠦᠷᠪᠡᠯᠵᠢᠨ ᠺᠢᠯᠣᠮᠧᠲᠷ ᠤᠨ ᠡᠵᠡᠨ ᠦᠭᠡᠢ ᠬᠠᠶᠠᠭᠳᠠᠮᠠᠯ ᠠᠭᠤᠷᠬᠠᠢ ᠶᠢᠨ ᠨᠦᠭᠡ ᠶᠢ ᠵᠠᠰᠠᠬᠤ | ᠲᠦᠷᠦᠯ ᠵᠦᠢᠯ ᠡᠴᠦᠰ ᠤᠨ ᠪᠠᠶᠢᠴᠠᠭᠠᠯᠳᠠ ᠪᠠᠨ ᠪᠡᠶᠡᠯᠡᠭᠦᠯᠵᠦ᠂ ᠪᠦᠬᠦ ᠠᠶᠢᠮᠠᠭ ᠲᠤ ᠬᠠᠮᠤᠭ ᠲᠡᠷᠢᠭᠦᠨ ᠳᠤ ᠪᠦᠬᠦ | ᠣᠷᠣᠨ ᠪᠦᠰᠡ ᠶᠢ ᠪᠦᠬᠦᠨ ᠢ ᠵᠠᠰᠠᠨ ᠴᠡᠭᠴᠡᠯᠡᠬᠦ ᠬᠠᠷᠠᠯᠳᠠ ᠶᠢ ᠪᠡᠶᠡᠯᠡᠭᠦᠯᠪᠡ᠃ ᠡᠷᠭᠡᠪᠰᠢ ᠭᠦᠢᠴᠡᠳᠭᠡᠬᠦ | ᠬᠢᠵᠠᠭᠠᠷᠯᠠᠯ ᠢ ᠲᠠᠰᠣᠷᠠᠯᠳᠠ ᠦᠭᠡᠢ ᠴᠢᠩᠭᠠᠳᠬᠠᠪᠠ᠃ ᠮᠠᠨ ᠤ ᠣᠯᠣᠰ ᠤᠨ ᠣᠮᠠᠷᠠᠳᠣ ᠶᠢᠨ ᠴᠢᠬᠤᠯᠠ ᠠᠮᠢ ᠠᠬᠤᠢ | ᠶᠢᠨ ᠠᠮᠣᠷ ᠳᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠣᠯᠣᠰ ᠲᠦᠷᠦ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ︽ᠭᠤᠷᠪᠠᠨ ᠣᠷᠣᠨ᠂ ᠭᠤᠷᠪᠠᠨ ᠱᠣᠭᠤᠮ︾2 ᠢ ᠴᠢᠩᠭ᠎ᠠ ᠰᠠᠬᠢᠵᠣ᠂ ︽ | ᠭᠤᠷᠪᠠᠨ ᠬᠤᠷᠢᠭ᠎ᠠ ᠱᠣᠭᠤᠮ ᠨᠢᠭᠡ ᠨᠠᠷᠢᠨ ᠳᠠᠩᠰᠠ︾ 3 ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠲᠣᠭᠤᠷᠢᠭ ᠬᠤᠪᠢᠶᠠᠨ ᠬᠠᠮᠢᠶᠠᠷᠣᠨ ᠡᠵᠡᠮᠳᠡᠬᠦ ᠶᠢ ᠴᠢᠩᠭᠠᠳᠬᠠᠵᠣ᠂ ᠦᠨᠳᠦᠰᠦᠨ ᠲᠠᠯ᠎ᠠ ᠨᠣᠳᠤᠭ ᠢ ᠬᠤᠪᠢᠶᠠᠷᠢᠯᠠᠨ | ᠲᠣᠭᠳᠠᠭᠠᠬᠤ ᠪᠠ ᠲᠣᠬᠢᠷᠠᠭᠤᠯᠣᠯᠳᠠ ᠬᠢᠭᠰᠡᠨ ᠦᠷ᠎ᠡ ᠪᠦᠲᠦᠮᠵᠢ ᠨᠢ ᠦᠪᠡᠷᠳᠡᠭᠡᠨ ᠵᠠᠰᠠᠬᠤ ᠣᠷᠣᠨ ᠤ ᠰᠢᠯᠭᠠᠨ | ᠬᠤᠷᠢᠶᠠᠯᠳᠠ ᠪᠠᠷ ᠪᠠᠳᠣᠯᠠᠭᠳᠠᠪᠠ᠃ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠬᠦᠨ ᠮᠠᠯᠵᠢᠬᠤ᠂ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠪᠠ ᠨᠣᠳᠤᠭ ᠪᠡᠯᠴᠢᠭᠡᠷ ᠢ ᠬᠠᠮᠠᠭᠠᠯᠠᠬᠤ ᠦᠨᠳᠦᠰᠦᠨ ᠲᠦᠷᠢᠮ ᠢ ᠴᠢᠩᠭ᠎ᠠ ᠬᠡᠷᠡᠭᠵᠢᠭᠦᠯᠵᠦ᠂ | ᠰᠡᠯᠬᠦᠨ ᠮᠠᠯᠵᠢᠬᠤ ᠠᠵᠢᠯ ᠪᠦᠬᠦ ᠠᠶᠢᠮᠠᠭ ᠲᠤ ᠭᠤᠷᠪᠠᠳᠣᠭᠠᠷ ᠲᠤ ᠣᠷᠣᠪᠠ᠃ ︽ᠬᠤᠣᠰ ᠨᠡᠭᠦᠷᠡᠰᠦᠳᠦ᠋ᠷᠦᠭᠴᠢ︾ | ᠶᠢᠨ ᠬᠠᠷᠠᠯᠳᠠ ᠶᠢ ᠲᠣᠭᠳᠠᠪᠣᠷᠢᠵᠢᠭᠤᠯᠵᠣ᠂ ᠡᠨᠧᠷᠬᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ | ᠢᠶᠠᠷ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠣᠯᠳᠠ ᠶᠢᠨ ᠬᠤᠣᠰ ᠡᠵᠡᠮᠳᠡᠯ ᠳᠡᠰᠢ ᠬᠤᠪᠢᠷᠠᠭᠤᠯᠬᠤ ᠶᠢ | ᠠᠬᠢᠭᠤᠯᠵᠣ᠂ ᠡᠨᠧᠷᠬᠢ ᠶᠢᠨ ᠬᠤᠷᠣᠭᠳᠠᠯ ᠤᠨ ᠶᠡᠷᠦᠩᠭᠡᠢ ᠬᠡᠮᠵᠢᠶ᠎ᠡ ᠪᠣᠯᠣᠨ ᠡᠷᠴᠢᠮ ᠤᠨ ︽ᠬᠤᠣᠰ ᠪᠠᠭᠤᠷᠠᠯᠳᠠ︾ | ᠶᠢ ᠪᠡᠶᠡᠯᠡᠭᠦᠯᠪᠡ᠃ ︽ᠰᠦᠨᠢᠳ ᠪᠠᠷᠠᠭᠤᠨ ᠬᠤᠰᠢᠭᠤᠨ ᠤ VCS+CCB ᠲᠠᠯ᠎ᠠ ᠨᠣᠳᠤᠭ ᠤᠨ | ᠨᠡᠭᠦᠷᠡᠰᠦᠳᠦ᠋ᠷᠦᠭᠴᠢ ᠶᠢ ᠰᠢᠩᠭᠡᠭᠡᠬᠦ ᠲᠦᠷᠦᠯ ᠵᠦᠢᠯ ᠢ ᠨᠡᠭᠡᠭᠡᠨ ᠬᠦᠭᠵᠢᠭᠦᠯᠬᠦ ᠬᠡᠷᠡᠭᠵᠢᠭᠦᠯᠵᠦ ᠪᠣᠯᠬᠤᠶᠢᠴᠠ | ᠰᠣᠳᠣᠯᠣᠯᠳᠠ ᠶᠢᠨ ᠮᠡᠳᠡᠭᠦᠯᠦᠯᠳᠡ︾4 ᠶᠢ ᠲᠣᠭᠳᠠᠭᠠᠵᠣ᠂ ᠰᠢᠨᠵᠢᠯᠡᠬᠦ ᠣᠬᠠᠭᠠᠨᠴᠢ ᠪᠠᠷ ᠪᠣᠯᠭᠤᠮᠵᠢᠳᠠᠢ ᠪᠠᠷ | ᠨᠡᠭᠦᠷᠡᠰᠦᠳᠦ᠋ᠷᠦᠭᠴᠢ ᠶᠢ ᠰᠢᠩᠭᠡᠭᠡᠬᠦ ᠠᠷᠭ᠎ᠠ ᠣᠬᠠᠭᠠᠨ ᠢ ᠰᠣᠳᠣᠯᠵᠣ᠂ ᠨᠡᠭᠦᠷᠡᠰᠦᠳᠦ᠋ᠷᠦᠭᠴᠢ ᠶᠢ | ᠲᠣᠭᠳᠠᠪᠣᠷᠢᠵᠢᠭᠤᠯᠣᠨ ᠰᠢᠩᠭᠡᠭᠡᠨ ᠠᠪᠬᠤ ᠶᠢ ᠵᠣᠷᠢᠭᠳᠠᠢ ᠲᠣᠷᠰᠢᠬᠤ ᠵᠠᠩᠭᠢᠯᠠᠭ᠎ᠠ ᠶᠢᠨ ᠠᠯᠬᠤᠮ ᠢ ᠠᠯᠬᠤᠪᠠ᠃ ︽ | ᠲᠠᠪᠤ ᠶᠢ ᠲᠣᠶᠢᠯᠪᠣᠷᠢᠳᠠᠢ ᠪᠠᠶᠢᠴᠠᠭᠠᠬᠤ ᠠᠵᠢᠯᠯᠠᠭ᠎ᠠ︾ ᠶᠢ ᠬᠦᠨᠵᠡᠭᠡᠢ ᠠᠬᠢᠭᠤᠯᠵᠣ᠂ ᠵᠦᠪᠰᠢᠶᠡᠷᠡᠭᠦᠯᠬᠦ ᠪᠠᠷ ᠪᠠᠶᠢᠭ᠎ᠠ | ᠲᠦᠷᠦᠯ ᠵᠦᠢᠯ᠂ ᠨᠦᠭᠡᠴᠡ ᠪᠡᠯᠡ ᠮᠦᠩᠭᠦ᠂ ︽ᠬᠠᠭᠠᠰ ᠳᠣᠳᠠᠭᠤ ᠬᠠᠶᠠᠭᠳᠠᠭᠰᠠᠨ︾ ᠢᠨᠵᠧᠨᠧᠷᠢᠩ᠂ ᠨᠡᠭᠡᠭᠡᠨ | ᠬᠦᠭᠵᠢᠭᠦᠯᠬᠦ ᠲᠣᠭᠤᠷᠢᠭ ᠤᠨ ᠪᠦᠲᠦᠭᠡᠨ ᠪᠠᠶᠢᠭᠤᠯᠣᠯᠳᠠ ᠶᠢᠨ 4 ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠵᠦᠪᠰᠢᠶᠡᠷᠡᠭᠰᠡᠨ ᠪᠣᠯᠪᠠᠴᠣ ᠬᠠᠩᠭᠠᠭᠠᠳᠣᠢ ᠭᠠᠵᠠᠷ ᠰᠢᠷᠣᠢ ᠶᠢ ᠴᠡᠭᠴᠡᠯᠡᠨ ᠰᠢᠢᠳᠪᠦᠷᠢᠯᠡᠬᠦ ᠪᠠ | ᠰᠣᠯᠠ ᠳᠠᠯᠪᠢᠵᠣ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠣᠨ ᠤ ᠡᠭᠦᠷᠭᠡ ᠪᠠᠨ ᠳᠠᠪᠠᠭᠤᠯᠣᠨ ᠪᠡᠶᠡᠯᠡᠭᠦᠯᠪᠡ᠃ | ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢ ᠬᠦᠨᠵᠡᠭᠡᠢ ᠠᠬᠢᠭᠤᠯᠪᠠ᠃ ᠠᠭᠠᠷ ᠮᠠᠨᠳᠠᠯ ᠤᠨ | ᠪᠣᠬᠢᠷᠳᠣᠯ ᠢ ᠶᠡᠷᠦᠩᠭᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠣ᠂ | ᠭᠤᠣᠯ ᠪᠣᠯᠬᠤ ᠪᠣᠬᠢᠷᠳᠣᠯ ᠪᠣᠳᠠᠰ ᠤᠨ ᠭᠠᠳᠠᠭᠰᠢᠯᠠᠭᠤᠯᠣᠯᠳᠠ ᠶᠢ ᠲᠣᠭᠳᠠᠭᠤᠨ ᠢᠶᠠᠷ ᠪᠠᠷᠢᠮᠵᠢᠶ᠎ᠠ ᠳᠤ ᠬᠦᠷᠭᠡᠵᠦ᠂ | ᠪᠦᠬᠦ ᠵᠢᠯ ᠤᠨ ᠣᠷᠴᠢᠨ ᠲᠣᠭᠤᠷᠢᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠪᠣᠯᠣᠭᠰᠠᠨ ᠡᠳᠦᠷ | ᠤᠨ ᠲᠤᠭ᠎ᠠ ᠶᠢᠨ ᠬᠠᠷᠢᠴᠠᠯ 91.9%᠂ PM2.5 ᠶᠢᠨ ᠳᠣᠮᠳᠠᠴᠢ ᠦᠳᠭᠡᠴᠡ 11 ᠮᠢᠺᠷᠣᠭ᠍ᠷᠠᠮ/ ᠪᠣᠰᠤᠭ᠎ᠠ | ᠳᠦᠷᠪᠡᠯᠵᠢᠨ ᠮᠧᠲᠷ ᠲᠤ ᠬᠦᠷᠪᠡ᠃ ᠭᠤᠣᠯ ᠨᠠᠭᠤᠷ ᠤᠨ ᠲᠠᠷᠤᠭ᠎ᠠ ᠶᠢᠨ ᠲᠦᠷᠢᠮ ᠢ ᠦᠷᠭᠦᠯᠵᠢᠯᠡᠨ | ᠬᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠣᠷᠣᠰᠬᠠᠯ ᠤᠨ ᠣᠰᠣᠨ ᠤ ᠣᠷᠴᠢᠨ ᠲᠣᠭᠤᠷᠢᠨ ᠢ ᠵᠠᠰᠠᠬᠤ ᠠᠵᠢᠯ ᠢ | ᠨᠢᠭᠡᠳᠦᠯᠳᠠᠢ ᠲᠦᠯᠦᠪᠯᠡᠵᠦ᠂ 3 ᠲᠦᠪᠯᠡᠷᠡᠭᠦᠯᠦᠭᠰᠡᠨ ᠣᠣᠭᠤᠬᠤ ᠣᠰᠣᠨ ᠤ ᠡᠬᠢ ᠰᠣᠷᠪᠣᠯᠵᠢ ᠶᠢᠨ ᠭᠠᠵᠠᠷ ᠤᠨ | ᠲᠦᠷᠢᠮᠵᠢᠭᠰᠡᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ | ᠲᠣᠭᠳᠠᠭᠤᠨ ᠢᠶᠠᠷ ᠠᠵᠢᠯᠯᠠᠵᠣ᠂ ᠮᠠᠯᠵᠢᠬᠤ ᠲᠠᠷᠢᠶᠠᠯᠠᠬᠤ ᠣᠷᠣᠨ ᠤ ᠠᠮᠢᠳᠣᠷᠠᠯ ᠤᠨ ᠪᠣᠬᠢᠷ ᠣᠰᠣ ᠶᠢ ᠵᠠᠰᠠᠬᠤ | ᠲᠦᠷᠦᠯ ᠵᠦᠢᠯ ᠨᠢ ᠦᠪᠡᠷᠳᠡᠭᠡᠨ ᠵᠠᠰᠠᠬᠤ ᠣᠷᠣᠨ ᠤ ᠲᠣᠰᠬᠠᠢ ᠲᠦᠷᠦᠯ ᠤᠨ ᠪᠡᠯᠡ ᠮᠦᠩᠭᠦᠨ ᠤ ᠲᠦᠷᠦᠯ ᠵᠦᠢᠯ | ᠤᠨ ᠨᠢᠭᠡᠴᠡ ᠶᠢᠨ ᠬᠦᠮᠦᠷᠭᠡ ᠳᠤ ᠰᠣᠩᠭᠤᠭᠳᠠᠪᠠ᠃ ᠬᠦᠷᠦᠰᠦ ᠰᠢᠷᠣᠢ ᠶᠢᠨ ᠣᠷᠴᠢᠨ ᠲᠣᠭᠤᠷᠢᠨ ᠤ ᠶᠠᠰᠣ ᠴᠢᠨᠠᠷ | ᠶᠡᠷᠦᠩᠭᠡᠢ ᠳᠡᠭᠡᠨ ᠲᠣᠭᠳᠠᠭᠤᠨ ᠪᠠᠶᠢᠵᠣ᠂ ᠠᠶᠣᠯᠳᠠᠢ ᠬᠠᠶᠠᠭᠳᠠᠮᠠᠯ ᠪᠣᠳᠠᠰ ᠲᠤ ᠬᠤᠯᠪᠣᠭᠳᠠᠬᠤ 15 ᠠᠵᠣ | ᠠᠬᠤᠶᠢᠯᠠᠯ ᠤᠨ 11 ᠠᠰᠠᠭᠤᠳᠠᠯ ᠪᠣᠯᠣᠨ ᠳᠠᠯᠳᠠ ᠭᠡᠮ ᠢ ᠪᠦᠬᠦᠨ ᠢ ᠵᠠᠰᠠᠨ ᠰᠠᠶᠢᠵᠢᠷᠠᠭᠤᠯᠵᠣ᠂ ᠠᠶᠣᠯᠳᠠᠢ | ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠨᠣᠷᠮ᠎ᠠ 100% ᠳᠤ ᠬᠦᠷᠴᠦ᠂ ᠪᠦᠬᠦ ᠵᠢᠯ ᠳᠤ ᠬᠦᠨᠳᠦ ᠶᠡᠭᠡ | ᠣᠷᠴᠢᠨ ᠲᠣᠭᠤᠷᠢᠨ ᠤ ᠪᠣᠬᠢᠷᠳᠣᠯ ᠪᠠ ᠠᠮᠢ ᠠᠬᠤᠢ ᠡᠪᠳᠡᠭᠳᠡᠭᠰᠡᠨ ᠬᠡᠷᠡᠭ ᠡᠭᠦᠰᠦᠭᠰᠡᠨ ᠦᠭᠡᠢ᠃ ᠲᠦᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠲᠣᠰᠬᠠᠭᠰᠠᠨ 15 ᠵᠦᠢᠯ | ᠤᠨ ᠠᠰᠠᠭᠤᠳᠠᠯ ᠤᠨ 10 ᠵᠦᠢᠯ ᠢ ᠨᠢᠭᠡᠨᠳᠡ ᠴᠡᠭᠴᠡᠯᠡᠨ ᠵᠠᠰᠠᠵᠣ ᠳᠠᠭᠤᠰᠬᠠᠨ᠂ ᠦᠯᠡᠳᠡᠭᠰᠡᠨ 1 ᠵᠦᠢᠯ ᠤᠨ | 2024 ᠣᠨ ᠤ ᠡᠭᠦᠷᠭᠡ ᠪᠠ 4 ᠵᠦᠢᠯ ᠤᠨ 2025 ᠣᠨ ᠤ ᠡᠭᠦᠷᠭᠡ ᠶᠢ ᠶᠠᠭ ᠲᠦᠷᠭᠡᠳᠭᠡᠨ ᠠᠬᠢᠭᠤᠯᠵᠣ | ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠡ ᠨᠢᠭᠡᠳᠦᠯᠳᠠᠢ ᠲᠦᠯᠦᠪᠯᠡᠨ ᠨᠡᠶᠢᠳᠡ ᠳᠤᠨᠢ ᠬᠠᠷᠠᠭᠠᠯᠵᠠᠵᠣ᠂ ᠬᠠᠮᠳᠣᠪᠡᠷ | ᠠᠬᠢᠭᠤᠯᠣᠨ᠂ ᠬᠤᠳᠠ ᠬᠦᠳᠡᠭᠡ ᠶᠢᠨ ᠲᠦᠷᠢ ᠲᠦᠷᠬᠦ ᠶᠢ ᠣᠯᠠᠮ ᠰᠠᠶᠢᠵᠢᠷᠠᠭᠤᠯᠪᠠ᠃ ᠬᠦᠳᠡᠭᠡ ᠲᠣᠰᠬᠤᠨ ᠢ | ᠬᠦᠭᠵᠢᠭᠦᠯᠦᠨ ᠮᠠᠨᠳᠣᠭᠤᠯᠬᠤ ᠶᠢ ᠪᠦᠬᠦ ᠲᠠᠯ᠎ᠠ ᠪᠠᠷ ᠲᠦᠷᠭᠡᠨ ᠠᠬᠢᠭᠤᠯᠪᠠ᠃ ᠠᠷᠪᠠᠨ ︽ᠲᠠᠬᠢᠨ ᠪᠠᠶᠢᠴᠠᠭᠠᠯᠳᠠ︾ | ᠶᠢᠨ ᠲᠣᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠳᠣᠳᠠᠢ ᠦᠷᠨᠢᠭᠦᠯᠵᠦ᠂ ᠲᠠᠬᠢᠨ ᠶᠠᠳᠠᠭᠤᠷᠠᠬᠤ ᠠᠴᠠ | ᠰᠡᠷᠭᠡᠶᠢᠯᠡᠬᠦ ᠬᠢᠨᠠᠨ ᠬᠡᠮᠵᠢᠯᠳᠡ ᠪᠣᠯᠣᠨ ᠬᠠᠪᠰᠣᠷᠣᠨ ᠳᠡᠳᠭᠦᠬᠦ ᠠᠵᠢᠯ ᠢ ᠣᠯᠠᠷᠢᠯ ᠢᠶᠠᠷ ᠬᠦᠳᠡᠯᠦᠩᠭᠦᠢ ᠠᠬᠢᠭᠤᠯᠵᠣ᠂ | ᠨᠡᠶᠢᠳᠡ 1.1 ᠲᠦᠮᠡᠨ ᠡᠷᠦᠭᠡ ︵ᠣᠳᠠᠭ᠎ᠠ︶ ᠳᠤ ᠬᠦᠷᠴᠦ ᠪᠠᠶᠢᠴᠠᠭᠠᠯᠳᠠ ᠬᠢᠵᠦ᠂ 16 ᠡᠷᠦᠭᠡ ᠶᠢᠨ 41 | ᠶᠠᠳᠠᠭᠤᠷᠠᠵᠣ ᠮᠡᠳᠡᠬᠦ ᠬᠦᠮᠦᠰ ᠢ ᠢᠯᠭᠠᠨ ᠲᠣᠭᠳᠠᠭᠠᠬᠤ ᠶᠢᠨ ᠬᠠᠮᠳᠣ ᠬᠠᠪᠰᠣᠷᠣᠨ ᠳᠡᠳᠭᠦᠬᠦ ᠠᠷᠭ᠎ᠠ ᠬᠡᠮᠵᠢᠶ᠎ᠡ ᠶᠢ | ᠨᠠᠷᠢᠯᠢᠭ ᠣᠨᠣᠪᠴᠢᠳᠠᠢ ᠨᠠᠶᠢᠳᠠᠪᠣᠷᠢᠵᠢᠭᠤᠯᠵᠣ᠂ ᠮᠠᠯᠵᠢᠬᠤ ᠲᠠᠷᠢᠶᠠᠯᠠᠬᠤ ᠡᠷᠦᠭᠡ ᠶᠢᠨ ᠶᠠᠳᠠᠭᠤ ᠠᠴᠠ | ᠠᠩᠭᠢᠵᠢᠷᠠᠭᠰᠠᠨ ᠬᠦᠮᠦᠨ ᠠᠮᠠ ᠶᠢ ᠪᠠᠭᠳᠠᠭᠠᠭᠰᠠᠨ 1.2 ᠲᠦᠮᠡᠨ ᠬᠦᠮᠦᠨ ᠳᠤ ᠲᠠᠬᠢᠨ ᠶᠠᠳᠠᠭᠤᠷᠠᠬᠤ ᠠᠴᠠ | ᠰᠡᠷᠭᠡᠶᠢᠯᠡᠬᠦ ᠳᠠᠭᠠᠳᠬᠠᠯ ᠲᠣᠰᠢᠶᠠᠨ ᠦᠭᠴᠦ᠂ ᠶᠡᠭᠡ ᠬᠡᠪᠴᠢᠶ᠎ᠡ ᠪᠠᠷ ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ | ᠪᠠᠶᠢᠬᠤ ᠬᠤᠷᠢᠭ᠎ᠠ ᠱᠣᠭᠤᠮ ᠢ ᠪᠠᠳᠣ ᠰᠠᠬᠢᠵᠣ᠂ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠶᠢᠨ ᠲᠣᠮᠳᠠᠴᠢ | ᠴᠡᠪᠡᠷ ᠣᠷᠣᠯᠭ᠎ᠠ 25553 ᠲᠦᠭᠦᠷᠢᠭ ᠲᠤ ᠬᠦᠷᠴᠦ᠂ ᠳᠡᠭᠡᠷ᠎ᠡ ᠵᠢᠯ ᠠᠴᠠ 8.6% ᠪᠠᠷ ᠨᠡᠮᠡᠭᠳᠡᠪᠡ᠃ ᠪᠦᠬᠦ | ᠬᠤᠰᠢᠭᠤᠨ ᠤ ᠬᠠᠪᠰᠣᠷᠣᠨ ᠳᠡᠳᠭᠦᠬᠦ ᠲᠦᠷᠦᠯ ᠵᠦᠢᠯ ᠤᠨ ᠶᠡᠷᠦᠩᠭᠡᠢ ᠡᠳ᠋ ᠬᠦᠷᠦᠩᠭᠡ ᠶᠢᠨ ᠬᠡᠪᠴᠢᠶ᠎ᠡ 7.95 | ᠳ᠋ᠦᠩᠰᠢᠭᠤᠷ ᠲᠦᠭᠦᠷᠢᠭ ᠲᠤ ᠬᠦᠷᠴᠦ᠂ ᠡᠭᠦᠨ ᠳᠤ ᠡᠵᠡᠩᠨᠡᠯᠳᠡ ᠶᠢᠨ ᠲᠦᠷᠦᠯ ᠤᠨ ᠲᠦᠷᠦᠯ ᠵᠦᠢᠯ ᠤᠨ ᠡᠳ᠋ | ᠬᠦᠷᠦᠩᠭᠡ 4 ᠳ᠋ᠦᠩᠰᠢᠭᠤᠷ ᠲᠦᠭᠦᠷᠢᠭ᠂ ᠵᠢᠯ ᠤᠨ ᠲᠣᠳᠣᠷ᠎ᠠ 1157 ᠲᠦᠮᠡᠨ ᠲᠦᠭᠦᠷᠢᠭ ᠤᠨ ᠠᠰᠢᠭ ᠣᠷᠣᠯᠭ᠎ᠠ | ᠣᠯᠵᠣ᠂ ᠪᠦᠬᠦ ᠬᠤᠰᠢᠭᠤᠨ ᠤ 2002 ᠡᠷᠦᠭᠡ ᠶᠢᠨ ᠶᠠᠳᠠᠭᠤ ᠠᠴᠠ ᠠᠩᠭᠢᠵᠢᠷᠠᠭᠰᠠᠨ 4859 ᠬᠦᠮᠦᠨ ᠠᠮᠠ ᠳᠤ | ᠬᠠᠷᠠᠭᠠᠯᠵᠠᠯ ᠬᠦᠷᠳᠡᠭᠡᠵᠦ᠂ ᠳᠣᠮᠳᠠᠴᠢ ᠠᠰᠢᠭ ᠣᠷᠣᠯᠭ᠎ᠠ ᠶᠢᠨ ᠨᠣᠷᠮ᠎ᠠ 4.76% ᠳᠤ ᠬᠦᠷᠪᠡ᠃ ᠵᠢᠯ ᠤᠨ | ᠲᠣᠳᠣᠷ᠎ᠠ ᠡᠯ᠎ᠡ ᠲᠦᠷᠦᠯ ᠤᠨ ᠵᠣᠯᠭᠠᠭᠤᠯᠬᠤ ᠪᠡᠯᠡ ᠮᠦᠩᠭᠦ᠂ ᠪᠡᠭᠡᠵᠢᠩ ᠦᠪᠦᠷ ᠮᠣᠩᠭᠤᠯ ᠤᠨ ᠬᠠᠮᠳᠣᠷᠠᠯᠴᠠᠭ᠎ᠠ | ᠪᠣᠯᠣᠨ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠣᠷᠣᠨ ᠳᠡᠳᠭᠦᠬᠦ ᠪᠡᠯᠡ ᠮᠦᠩᠭᠦ 1.32 | ᠳ᠋ᠦᠩᠰᠢᠭᠤᠷ ᠲᠦᠭᠦᠷᠢᠭ ᠢ ᠣᠷᠣᠭᠤᠯᠵᠣ᠂ 60 ᠲᠦᠷᠦᠯ ᠵᠦᠢᠯ ᠢ ᠬᠡᠷᠡᠭᠵᠢᠭᠦᠯᠵᠦ᠂ ᠬᠦᠳᠡᠭᠡ ᠲᠣᠰᠬᠤᠨ ᠤ | ᠬᠦᠭᠵᠢᠯᠳᠡ᠂ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠳᠠ᠂ ᠬᠦᠳᠡᠭᠡ ᠲᠣᠰᠬᠤᠨ ᠤ ᠵᠠᠰᠠᠯᠳᠠ ᠰᠢᠨ᠎ᠡ | ᠳᠠᠪᠰᠢᠯᠳᠠ ᠲᠠᠢ ᠪᠣᠯᠵᠣ᠂ ᠪᠡᠭᠡᠵᠢᠩ ᠦᠪᠦᠷ ᠮᠣᠩᠭᠤᠯ ᠤᠨ ᠬᠠᠮᠳᠣᠷᠠᠯᠴᠠᠭ᠎ᠠ ᠶᠢᠨ ᠵᠢᠷᠭᠤᠭᠠᠨ ︽ᠲᠠᠬᠢᠨ ᠢᠶᠠᠷ | ᠨᠡᠮᠡᠭᠳᠡᠭᠦᠯᠬᠦ ᠲᠦᠯᠦᠪᠯᠡᠭᠡ︾5 ᠪᠣᠳᠠᠳᠠᠢ ᠦᠷ᠎ᠡ ᠪᠦᠲᠦᠮᠵᠢ ᠣᠯᠵᠣ᠂ ᠳᠣᠮᠳᠠᠳᠣ ᠣᠯᠣᠰ ᠤᠨ ᠠᠭᠠᠷ ᠠᠶᠠᠯᠠᠯ ᠤᠨ | ᠪᠦᠯᠦᠭᠯᠡᠯ ᠤᠨ ︽ᠠᠭᠠᠷ ᠠᠶᠠᠯᠠᠯ +︾ ᠬᠠᠪᠰᠣᠷᠣᠨ ᠳᠡᠳᠭᠦᠬᠦ ᠰᠢᠰᠲ᠋ᠧᠮ ᠢ ᠲᠠᠰᠣᠷᠠᠯᠳᠠ ᠦᠭᠡᠢ | ᠬᠦᠨᠵᠡᠭᠡᠶᠢᠷᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠢ ᠦᠷᠭᠦᠯᠵᠢᠯᠡᠨ ᠦᠷᠨᠢᠭᠦᠯᠵᠦ᠂ 156 ᠵᠣᠷᠯᠣᠩ ᠰᠢᠨ᠎ᠡ ᠪᠠᠷ ᠪᠠᠶᠢᠭᠤᠯᠵᠣ᠂ 135 ᠢᠵᠢ ᠲᠠᠷᠠᠬᠠᠢ | ᠬᠡᠯᠪᠡᠷᠢ ᠶᠢᠨ ᠪᠣᠬᠢᠷ ᠣᠰᠣ ᠰᠢᠢᠳᠪᠦᠷᠢᠯᠡᠬᠦ ᠲᠦᠬᠦᠭᠡᠷᠦᠮᠵᠢ ᠶᠢ ᠣᠭᠰᠠᠷᠠᠵᠣ᠂ ᠮᠠᠯᠵᠢᠬᠤ ᠲᠠᠷᠢᠶᠠᠯᠠᠬᠤ ᠣᠷᠣᠨ ᠤ | ᠠᠮᠢᠳᠣᠷᠠᠯ ᠤᠨ ᠬᠤᠭ ᠨᠣᠪᠰᠢ ᠶᠢ ᠬᠤᠷᠢᠶᠠᠨ ᠳᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠬᠦᠭᠦᠯᠦᠭᠰᠡᠨ | ᠨᠣᠷᠮ᠎ᠠ 71% ᠳᠤ ᠬᠦᠷᠪᠡ᠃ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ 3 | ᠭᠠᠴᠠᠭ᠎ᠠ ᠨᠢ ᠪᠦᠬᠦ ᠠᠶᠢᠮᠠᠭ ᠤᠨ ᠳᠣᠮᠳᠠᠬᠢ ᠬᠤᠭᠤᠴᠠᠭᠠᠨ ᠤ ᠦᠨᠡᠯᠡᠨ ᠵᠢᠱᠢᠯᠳᠡ ᠶᠢ ᠦᠩᠭᠡᠷᠡᠭᠡᠪᠡ᠃ ᠮᠠᠰᠢᠨ | ᠮᠧᠬᠠᠨᠢᠭ ᠤᠨ ᠬᠦᠮᠦᠷᠭᠡ ᠶᠢᠨ ᠪᠦᠲᠦᠭᠡᠨ ᠪᠠᠶᠢᠭᠤᠯᠣᠯᠳᠠ᠂ ᠮᠠᠰᠢᠨ ᠮᠧᠬᠠᠨᠢᠭ ᠤᠨ ᠲᠦᠬᠦᠭᠡᠷᠦᠮᠵᠢ ᠬᠤᠳᠠᠯᠳᠣᠨ | ᠠᠪᠬᠤ ᠵᠡᠷᠭᠡ ᠨᠢᠭᠡ ᠪᠦᠯᠦᠭ ᠲᠠᠷᠢᠶᠠᠯᠠᠩ ᠮᠠᠯ ᠠᠵᠣ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ | ᠤᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ | ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠳᠡᠵᠢᠭᠡᠯ ᠡᠪᠡᠰᠦ ᠪᠣᠷᠳᠤᠭ᠎ᠠ ᠨᠦᠭᠡᠴᠡᠯᠡᠨ ᠬᠦᠷᠭᠡᠬᠦ᠂ ᠬᠤᠭ | ᠨᠣᠪᠰᠢ ᠶᠢ ᠬᠤᠷᠢᠶᠠᠵᠣ ᠰᠢᠯᠵᠢᠭᠦᠯᠦᠨ ᠰᠢᠢᠳᠪᠦᠷᠢᠯᠡᠬᠦ ᠵᠡᠷᠭᠡ ᠲᠠᠯ᠎ᠠ ᠪᠠᠷ 1 ᠲᠦᠮᠡ ᠭᠠᠷᠣᠢ ᠣᠳᠠᠭᠠᠨ ᠤ | ᠦᠢᠯᠡᠴᠢᠯᠡᠭᠡᠨ ᠤ ᠠᠵᠢᠯ ᠦᠷᠨᠢᠭᠦᠯᠵᠦ᠂ 1.4 ᠲᠦᠮᠡᠨ ᠮᠠᠯᠵᠢᠬᠤ ᠲᠠᠷᠢᠶᠠᠯᠠᠬᠤ ᠡᠷᠦᠭᠡ ᠶᠢ ᠬᠠᠮᠣᠷᠪᠠ᠃ ᠲᠡᠷᠢᠭᠦᠨ | ᠤ ᠨᠡᠶᠢᠳᠡᠯᠢᠭ ᠵᠢᠱᠢᠶ᠎ᠡ ᠶᠢ ᠰᠠᠶᠢᠳᠣᠷ ᠰᠣᠩᠭᠤᠨ ᠲᠠᠨᠢᠯᠴᠠᠭᠤᠯᠵᠣ᠂ ᠡᠷᠢᠶᠡᠨᠨᠠᠭᠤᠷ ᠰᠣᠮᠣᠨ ᠤ ᠷᠠᠰᠢᠶᠠᠨᠳᠣ ᠭᠠᠴᠠᠭ᠎ᠠ | ︽ᠪᠦᠬᠦ ᠣᠷᠣᠨ ᠤ ᠨᠠᠮ ᠤᠨ ᠪᠠᠶᠢᠭᠤᠯᠣᠯᠳᠠ ᠶᠢ ᠠᠳᠬᠤᠵᠣ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ | ᠶᠢ ᠠᠬᠢᠭᠤᠯᠣᠭᠰᠠᠨ ᠲᠡᠷᠢᠭᠦᠨ ᠤ ᠬᠠᠮᠳᠣ︾ ᠶᠢᠨ ᠢᠷᠠᠭᠤ ᠠᠯᠳᠠᠷ ᠢ ᠬᠦᠷᠳᠡᠵᠦ᠂ ᠰᠠᠶᠢᠬᠠᠨᠳᠠᠯ᠎ᠠ ᠪᠠᠯᠭᠠᠰᠣᠨ ᠤ | ᠳᠦᠬᠦᠮ ᠭᠠᠴᠠᠭ᠎ᠠ 2023 ᠣᠨ ᠤ ᠪᠦᠬᠦ ᠣᠷᠣᠨ ᠤ ᠭᠠᠴᠠᠭ᠎ᠠ ᠲᠣᠰᠬᠤᠨ ᠤ ᠬᠠᠮᠳᠣ ᠶᠢᠨ ᠠᠵᠣ ᠠᠬᠤᠢ ᠶᠢᠨ | ᠬᠦᠭᠵᠢᠯᠳᠡ ᠶᠢᠨ ᠨᠡᠶᠢᠳᠡᠯᠢᠭ ᠵᠢᠱᠢᠶ᠎ᠡ ᠶᠢᠨ ᠲᠣᠰᠬᠤᠨ ᠢᠶᠠᠷ ᠦᠨᠡᠯᠡᠭᠳᠡᠵᠦ᠂ ᠵᠢᠱᠢᠶ᠎ᠡ ᠦᠵᠡᠭᠦᠯᠦᠨ ᠬᠦᠳᠦᠯᠦᠨ | ᠳᠠᠭᠠᠭᠤᠯᠬᠤ ᠦᠢᠯᠡᠳᠦᠯ ᠢ ᠰᠠᠶᠢᠳᠣᠷ ᠪᠠᠳᠠᠷᠠᠭᠤᠯᠪᠠ᠃ ᠬᠤᠳᠠ ᠪᠠᠯᠭᠠᠰᠣᠨ ᠤ ᠴᠢᠨᠠᠷ ᠴᠢᠨᠰᠠᠭ᠎ᠠ ᠶᠢ ᠶᠡᠬᠡᠪᠡᠷ | ᠳᠡᠭᠡᠭᠰᠢᠯᠡᠭᠦᠯᠪᠡ᠃ ︽ᠭᠤᠷᠪᠠᠨ ᠬᠢᠵᠠᠭᠠᠷᠯᠠᠬᠤ ᠱᠣᠭᠤᠮ︾6 ᠤᠨ ᠬᠠᠮᠢᠶᠠᠷᠣᠨ ᠡᠵᠡᠮᠳᠡᠬᠦ ᠬᠦᠴᠦᠨ ᠢ | ᠨᠡᠮᠡᠭᠳᠡᠭᠦᠯᠵᠦ᠂ ᠣᠯᠣᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠦᠯᠦᠪᠵᠢᠭᠦᠯᠭᠡ ᠵᠢᠴᠢ ᠨᠠᠷᠢᠨ | ᠲᠦᠯᠦᠪᠵᠢᠭᠦᠯᠭᠡ ᠶᠢ ᠣᠯᠠᠮ ᠨᠢᠭᠡ ᠠᠯᠬᠤᠮ ᠨᠦᠬᠦᠪᠦᠷᠢᠯᠡᠨ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ | ᠣᠷᠣᠨ ᠵᠠᠢ ᠶᠢᠨ ᠪᠠᠶᠢᠷᠢᠰᠢᠯ ᠨᠡᠩ ᠵᠦᠢ ᠵᠣᠬᠢᠰᠳᠠᠢ ᠪᠣᠯᠵᠣ᠂ ᠲᠦᠯᠦᠪᠵᠢᠭᠦᠯᠭᠡ ᠶᠢᠨ ᠰᠢᠰᠲ᠋ᠧᠮ ᠨᠡᠩ | ᠲᠡᠭᠦᠯᠳᠡᠷᠵᠢᠪᠡ᠃ ᠬᠤᠳᠠ ᠶᠢ ᠰᠢᠨᠡᠴᠢᠯᠡᠬᠦ ᠠᠵᠢᠯᠯᠠᠭ᠎ᠠ ᠶᠢ ᠶᠡᠬᠡᠪᠡᠷ ᠠᠬᠢᠭᠤᠯᠵᠣ᠂ ᠦᠢᠯᠡᠴᠢᠯᠡᠭᠡᠨ ᠤ ᠴᠢᠳᠠᠪᠬᠢ ᠶᠢ | ᠴᠢᠷᠮᠠᠶᠢᠨ ᠳᠡᠭᠡᠭᠰᠢᠯᠡᠭᠦᠯᠵᠦ᠂ ᠳᠡᠭᠡᠲᠦ ᠱᠠᠳᠣᠨ ᠤ 9148 ᠲᠦᠮᠡᠨ ᠲᠦᠭᠦᠷᠢᠭ ᠤᠨ ᠪᠡᠯᠡ ᠮᠦᠩᠭᠦ ᠶᠢ | ᠢᠳᠡᠪᠬᠢᠳᠠᠢ ᠲᠡᠮᠡᠴᠡᠨ ᠣᠯᠵᠣ᠂ ᠰᠠᠶᠢᠬᠠᠨᠳᠠᠯ᠎ᠠ ᠪᠠᠯᠭᠠᠰᠣᠨ ᠤ ᠪᠣᠬᠢᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢ | ᠦᠷᠭᠡᠳᠭᠡᠨ ᠪᠠᠶᠢᠭᠤᠯᠬᠤ᠂ ᠠᠮᠢᠳᠣᠷᠠᠯ ᠤᠨ ᠬᠤᠭ ᠨᠣᠪᠰᠢ ᠶᠢ ᠰᠢᠳᠠᠭᠠᠨ ᠰᠢᠢᠳᠪᠦᠷᠢᠯᠡᠬᠦ ᠵᠡᠷᠭᠡ ᠨᠢᠭᠡ ᠪᠦᠯᠦᠭ | ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ ᠬᠡᠷᠡᠭᠵᠢᠭᠦᠯᠵᠦ᠂ 359 ᠪᠣᠷᠣ ᠭᠡᠷ ᠤᠨ ᠲᠣᠭᠤᠷᠢᠭ ᠢ | ᠦᠭᠡᠷᠡᠴᠢᠯᠡᠬᠦ᠂ 7.1 ᠺᠢᠯᠣᠮᠧᠲᠷ ᠤᠨ ᠳᠣᠯᠠᠭᠠᠯᠭ᠎ᠠ ᠬᠠᠩᠭᠠᠬᠤ ᠬᠤᠭᠤᠯᠠᠢ ᠲᠣᠣᠷ᠂ 9.6 ᠺᠢᠯᠣᠮᠧᠲᠷ ᠤᠨ ᠣᠰᠣ | ᠬᠠᠩᠭᠠᠬᠤ ᠬᠤᠭᠤᠯᠠᠢ ᠲᠣᠣᠷ᠂ 9.3 ᠺᠢᠯᠣᠮᠧᠲᠷ ᠤᠨ ᠪᠣᠬᠢᠷ ᠣᠰᠣᠨ ᠤ ᠬᠤᠭᠤᠯᠠᠢ ᠲᠣᠣᠷ ᠢ ᠦᠭᠡᠷᠡᠴᠢᠯᠡᠨ | ᠵᠠᠰᠠᠬᠤ ᠲᠦᠷᠦᠯ ᠵᠦᠢᠯ ᠢ ᠬᠡᠷᠡᠭᠵᠢᠭᠦᠯᠪᠡ᠃ ᠬᠤᠳᠠ ᠶᠢᠨ ᠣᠯᠠᠨ ᠨᠡᠶᠢᠳᠡ ᠶᠢᠨ ᠴᠠᠬᠢᠯᠭᠠᠨ ᠴᠡᠨᠡᠭᠯᠡᠬᠦ ᠲᠡᠷᠭᠡᠨ | ᠵᠣᠭᠰᠣᠭᠠᠯ ᠤᠨ ᠲᠠᠯᠠᠪᠠᠢ᠂ ᠬᠤᠨᠢᠨ ᠪᠣᠶᠢᠯᠠᠰᠣ ᠶᠢᠨ ᠦᠵᠡᠮᠵᠢ ᠶᠢᠨ ᠪᠦᠰᠡ᠂ ᠬᠤᠳᠠ ᠶᠢᠨ ᠡᠮᠦᠨ᠎ᠡ ᠭᠡᠰᠡᠭ ᠤᠨ | ᠣᠷᠣᠴᠠ ᠶᠢᠨ ᠭᠡᠷᠡᠯᠳᠦᠭᠦᠯᠭᠡ᠂ ᠣᠰᠣ ᠪᠠᠷ ᠴᠡᠪᠡᠷᠯᠡᠬᠦ ᠵᠣᠷᠯᠣᠩ ᠤᠨ ᠦᠭᠡᠷᠡᠴᠢᠯᠡᠯᠳᠡ ᠵᠡᠷᠭᠡ ᠨᠢᠭᠡ ᠪᠦᠯᠦᠭ | ᠰᠠᠭᠤᠷᠢᠰᠢᠬᠤ ᠳᠤ ᠲᠣᠬᠢᠷᠠᠮᠵᠢᠳᠠᠢ ᠲᠦᠷᠦᠯ ᠵᠦᠢᠯ ᠢ ᠪᠦᠲᠦᠭᠡᠨ ᠪᠠᠶᠢᠭᠤᠯᠪᠠ᠃ ᠣᠯᠣᠰ ᠤᠨ ᠠᠷᠢᠭᠤᠨ ᠴᠡᠪᠡᠷ | ᠬᠤᠳᠠ ᠪᠠᠯᠭᠠᠰᠣ᠂ ᠦᠪᠡᠷᠳᠡᠭᠡᠨ ᠵᠠᠰᠠᠬᠤ ᠣᠷᠣᠨ ᠤ ᠪᠣᠯᠪᠠᠰᠣᠨ ᠰᠢᠶᠠᠨ ᠬᠤᠳᠠ ᠶᠢ ᠡᠭᠦᠳᠦᠨ ᠪᠠᠶᠢᠭᠤᠯᠣᠭᠰᠠᠨ | ᠦᠷ᠎ᠡ ᠪᠦᠲᠦᠮᠵᠢ ᠶᠢ ᠦᠷᠭᠦᠯᠵᠢᠯᠡᠨ ᠪᠠᠳᠣᠳᠬᠠᠵᠣ᠂ ᠣᠷᠴᠢᠨ ᠲᠣᠭᠤᠷᠢᠨ ᠤ ᠠᠷᠢᠭᠤᠨ ᠴᠡᠪᠡᠷ᠂ ᠴᠡᠴᠡᠷᠯᠢᠭ ᠤᠨ | ᠨᠣᠭᠤᠭᠠᠷᠠᠭᠤᠯᠣᠯᠳᠠ᠂ ᠬᠤᠳᠠ ᠶᠢᠨ ᠬᠠᠮᠢᠶᠠᠷᠣᠯᠳᠠ ᠶᠢᠨ ᠦᠢᠯᠡᠴᠢᠯᠡᠭᠡ ᠶᠢᠨ ᠰᠢᠨ᠎ᠡ ᠳᠡᠭᠡᠭᠰᠢᠯᠡᠯᠳᠡ ᠶᠢ | ᠪᠠᠶᠢᠭᠤᠯᠣᠨ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠨ ᠠᠬᠢᠭᠤᠯᠵᠣ᠂ ᠰᠠᠭᠤᠷᠢᠰᠢᠬᠤ ᠳᠤ ᠲᠣᠬᠢᠷᠠᠮᠵᠢᠳᠠᠢ᠂ ᠠᠵᠢᠯ | ᠦᠢᠯᠡᠰ ᠡᠷᠬᠢᠯᠡᠬᠦ ᠳᠤ ᠲᠣᠬᠢᠷᠠᠮᠵᠢᠳᠠᠢ ᠬᠤᠳᠠ ᠪᠠᠯᠭᠠᠰᠣᠨ ᠤ ᠣᠷᠴᠢᠨ ᠨᠦᠬᠦᠴᠡᠯ ᠢ ᠣᠯᠠᠮ ᠰᠠᠶᠢᠵᠢᠷᠠᠭᠤᠯᠪᠠ᠃ | ᠬᠤᠳᠠ ᠬᠦᠳᠡᠭᠡᠨ ᠤ ᠰᠠᠭᠤᠷᠢ ᠶᠢ ᠲᠠᠰᠣᠷᠠᠯᠳᠠ ᠦᠭᠡᠢ ᠲᠡᠭᠦᠯᠳᠡᠷᠵᠢᠭᠦᠯᠪᠡ᠃ ᠡᠷᠢᠶᠡᠨ ᠬᠤᠳᠠ ᠠᠴᠠ ᠭᠤᠸᠠᠩᠵᠸᠣ | ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠬᠤᠳᠠ ᠠᠴᠠ ᠰᠠᠶᠢᠬᠠᠨᠳᠠᠯ᠎ᠠ ᠬᠦᠷᠬᠦ ᠭᠡᠰᠡᠭ ᠢ | ᠦᠭᠡᠷᠡᠴᠢᠯᠡᠨ ᠦᠷᠭᠡᠳᠭᠡᠵᠦ ᠪᠠᠶᠢᠭᠤᠯᠬᠤ ᠲᠦᠷᠦᠯ ᠵᠦᠢᠯ ᠪᠠᠶᠢᠴᠠᠭᠠᠯᠳᠠ ᠶᠢ ᠦᠩᠭᠡᠷᠡᠭᠡᠨ ᠲᠡᠷᠭᠡ ᠨᠡᠪᠳᠡᠷᠡᠵᠦ᠂ | ᠪᠦᠬᠦ ᠬᠤᠰᠢᠭᠤᠨ ᠤ ᠦᠨᠳᠦᠷ ᠬᠤᠷᠳᠣᠴᠠᠳᠣ ᠵᠠᠰᠠᠮᠠᠯ ᠵᠠᠮ ᠤᠨ ᠣᠷᠳᠣ 210.2 ᠺᠢᠯᠣᠮᠧᠲᠷ ᠲᠤ ᠬᠦᠷᠴᠦ᠂ | ᠪᠦᠬᠦ ᠠᠶᠢᠮᠠᠭ ᠲᠤ ᠨᠢᠭᠡᠳᠦᠭᠡᠷ ᠲᠤ ᠣᠷᠣᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 118.7 | ᠺᠢᠯᠣᠮᠧᠲᠷ ᠳᠡᠪᠢᠰᠴᠦ᠂ 108 ᠺᠢᠯᠣᠮᠧᠲᠷ ᠵᠠᠮ ᠢ ᠠᠷᠠᠴᠢᠯᠠᠬᠤ ᠢᠨᠵᠧᠨᠧᠷᠢᠩ ᠢ ᠪᠡᠶᠡᠯᠡᠭᠦᠯᠵᠦ᠂ ᠪᠠᠯᠭᠠᠰᠣᠨ | ᠲᠣᠳᠣᠷᠠᠬᠢ ᠨᠡᠶᠢᠳᠡ ᠶᠢᠨ ᠮᠠᠰᠢᠨ ᠲᠡᠷᠭᠡ᠂ ᠬᠤᠳᠠ ᠬᠦᠳᠡᠭᠡ ᠶᠢᠨ ᠬᠤᠣᠰ ᠴᠢᠭᠯᠡᠯᠲᠦ ᠨᠡᠶᠢᠳᠡ ᠶᠢᠨ ᠮᠠᠰᠢᠨ ᠲᠡᠷᠭᠡ | ᠲᠣᠭᠳᠠᠭᠤᠨ ᠢᠶᠠᠷ ᠠᠵᠢᠯᠯᠠᠵᠣ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠲᠦᠪᠰᠢᠨ ᠲᠠᠰᠣᠷᠠᠯᠳᠠ | ᠦᠭᠡᠢ ᠳᠡᠭᠡᠭᠰᠢᠯᠡᠪᠡ᠃ 198 ᠺᠢᠯᠣᠮᠧᠲᠷ ᠤᠨ ᠰᠢᠨ᠎ᠡ ᠡᠨᠧᠷᠬᠢ ᠶᠢ ᠴᠠᠬᠢᠯᠭᠠᠨ ᠪᠣᠯᠭᠠᠵᠣ ᠬᠤᠪᠢᠷᠠᠭᠤᠯᠬᠤ | ᠢᠨᠵᠧᠨᠧᠷᠢᠩ ᠢ ᠪᠡᠶᠡᠯᠡᠭᠦᠯᠵᠦ᠂ 26 ᠺᠢᠯᠣᠮᠧᠲᠷ ᠤᠨ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠢ | ᠦᠭᠡᠷᠡᠴᠢᠯᠡᠨ ᠳᠡᠰ ᠳᠡᠪᠰᠢᠭᠦᠯᠵᠦ᠂ ᠣᠷᠴᠢᠮ ᠤᠨ 20 ᠵᠢᠯ ᠳᠤ ᠴᠠᠬᠢᠯᠭᠠᠨ ᠦᠭᠡᠢ ᠪᠠᠶᠢᠭᠰᠠᠨ 355 ᠮᠠᠯᠵᠢᠬᠤ | ᠡᠷᠦᠭᠡ ᠳᠤ ᠴᠠᠬᠢᠯᠭᠠᠨ ᠲᠣᠣᠷ ᠨᠡᠪᠳᠡᠷᠡᠭᠦᠯᠵᠦ ᠦᠭᠪᠡ᠃ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ | ᠠᠮᠣᠷ ᠲᠦᠪᠰᠢᠨ ᠢ ᠪᠠᠳᠣᠯᠠᠬᠤ ᠪᠠ ᠬᠢᠯᠢ ᠶᠢᠨ ᠮᠠᠯᠵᠢᠬᠤ ᠣᠷᠣᠨ ᠤ ᠲᠠᠷᠠᠬᠠᠢ ᠬᠡᠯᠪᠡᠷᠢ ᠶᠢᠨ ᠣᠰᠣ ᠬᠠᠩᠭᠠᠬᠤ | ᠪᠠᠳᠣᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 99 ᠬᠤᠳᠳᠤᠭ ᠮᠠᠯᠳᠠᠵᠣ᠂ 43 ᠣᠰᠣ ᠬᠠᠳᠠᠭᠠᠯᠠᠬᠤ | ᠵᠣᠭᠤᠷᠢ ᠶᠢ ᠰᠢᠨ᠎ᠡ ᠪᠠᠷ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ 1389 ᠬᠦᠮᠦᠨ ᠠᠮᠠ ᠳᠤ ᠣᠰᠣ | ᠬᠠᠩᠭᠠᠬᠤ ᠪᠠᠳᠣᠯᠠᠭ᠎ᠠ ᠶᠢᠨ ᠬᠢᠷᠢ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃ 4G ᠴᠢᠮᠡᠭᠡ | ᠬᠤᠯᠪᠣᠭᠠᠨ ᠤ 4 ᠰᠠᠭᠤᠷᠢ ᠦᠷᠳᠡᠭᠡ᠂ 5G ᠴᠢᠮᠡᠭᠡ ᠬᠤᠯᠪᠣᠭᠠᠨ ᠤ 148 ᠰᠠᠭᠤᠷᠢ ᠦᠷᠳᠡᠭᠡ ᠶᠢ ᠰᠢᠨ᠎ᠡ ᠪᠠᠷ | ᠪᠠᠶᠢᠭᠤᠯᠵᠣ᠂ ᠮᠠᠯᠵᠢᠬᠤ ᠣᠷᠣᠨ ᠳᠤ ᠴᠢᠮᠡᠭᠡ ᠬᠤᠯᠪᠣᠭ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ | ᠨᠢᠭᠡ ᠵᠢᠯ ᠤᠨ ᠲᠣᠷᠰᠢ᠂ ᠪᠢᠳᠡ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠨᠡᠭᠡᠭᠡᠯᠳᠡ ᠶᠢ ᠦᠷᠭᠡᠳᠭᠡᠵᠦ᠂ | ᠬᠤᠰᠢᠭᠤ ᠰᠢᠶᠠᠨ ᠤ ᠬᠡᠪᠴᠢᠶᠡᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠦᠪᠡᠷᠳᠡᠭᠡᠨ ᠵᠠᠰᠠᠬᠤ ᠣᠷᠣᠨ ᠤ 3.0 ᠭᠡᠪ | ᠤᠨ ᠨᠠᠶᠢᠳᠠᠪᠣᠷᠢᠵᠢᠭᠤᠯᠣᠯᠳᠠ ᠶᠢ ᠪᠦᠲᠦᠮᠵᠢᠳᠠᠢ ᠠᠬᠢᠭᠤᠯᠵᠣ᠂ 261 ᠲᠦᠷᠦᠯ ᠤᠨ ᠭᠤᠣᠯᠳᠠᠯᠭ᠎ᠠ ᠲᠠᠢ ᠡᠭᠦᠷᠭᠡ ᠶᠢ | ᠪᠦᠬᠦᠨ ᠢ ᠪᠡᠶᠡᠯᠡᠭᠦᠯᠬᠦ ᠶᠢᠨ ᠬᠠᠮᠳᠣ ᠦᠷᠭᠦᠯᠵᠢᠯᠡᠨ ᠰᠢᠯᠢᠳᠡᠭᠵᠢᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠦᠨᠡᠯᠡᠨ ᠰᠢᠯᠭᠠᠬᠤ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠣ᠂ ᠦᠨᠡᠯᠡᠯᠳᠡ ᠪᠠᠷ | ᠰᠢᠯᠢᠳᠡᠭᠵᠢᠭᠦᠯᠬᠦ ᠶᠢ ᠠᠬᠢᠭᠤᠯᠵᠣ᠂ ᠦᠨᠡᠯᠡᠯᠳᠡ ᠪᠠᠷ ᠰᠠᠶᠢᠵᠢᠷᠠᠭᠤᠯᠬᠤ ᠶᠢ ᠠᠬᠢᠭᠤᠯᠵᠣ᠂ 2023 ᠣᠨ ᠤ | ᠦᠪᠡᠷᠳᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠯᠳᠡ ᠶᠢ ᠮᠡᠳᠡᠭᠦᠯᠬᠦ | ᠠᠵᠢᠯ ᠤᠨ ᠡᠭᠦᠷᠭᠡ ᠶᠢ ᠠᠮᠵᠢᠯᠳᠠᠳᠠᠢ ᠪᠡᠶᠡᠯᠡᠭᠦᠯᠪᠡ᠃ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ | ᠪᠠᠶᠢᠭᠤᠯᠣᠯᠳᠠ ᠶᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠪᠣᠯᠭᠠᠨ | ᠠᠳᠬᠤᠵᠣ᠂ ᠭᠠᠷᠠᠭ ᠲᠤ ᠲᠣᠬᠢᠷᠠᠭᠤᠯᠬᠤ᠂ ᠰᠠᠷ᠎ᠠ ᠳᠤ ᠨᠡᠶᠢᠳᠡᠯᠡᠬᠦ᠂ ᠣᠯᠠᠷᠢᠯ ᠳᠤ ᠬᠢᠨᠠᠨ ᠦᠨᠡᠯᠡᠬᠦ ᠠᠵᠢᠯ ᠤᠨ | ᠵᠣᠬᠢᠴᠠᠮᠵᠢ ᠶᠢ ᠪᠠᠶᠢᠭᠤᠯᠵᠣ᠂ ᠵᠠᠰᠠᠭ ᠤᠨ ᠶᠠᠪᠣᠳᠠᠯ ᠤᠨ ᠢᠳᠡᠭᠡᠮᠵᠢ ᠶᠢᠨ ᠪᠠᠶᠢᠭᠤᠯᠣᠯᠳᠠ ᠶᠢ ᠴᠢᠩᠭᠠᠳᠬᠠᠬᠤ᠂ | ᠢᠳᠡᠭᠡᠯ ᠠᠯᠳᠠᠪᠠᠯ ᠬᠠᠣᠯᠢ ᠲᠦᠷᠢᠮ ᠶᠣᠰᠣᠭᠠᠷ ᠵᠠᠯᠬᠠᠭᠠᠨ ᠴᠡᠭᠡᠷᠯᠡᠭᠦᠯᠵᠦ᠂ ᠢᠳᠡᠭᠡᠮᠵᠢ ᠶᠢᠨ ᠮᠡᠳᠡᠭᠡ ᠵᠠᠩᠭᠢ ᠶᠢᠨ | ᠬᠡᠷᠡᠭᠯᠡᠯᠳᠡ ᠶᠢ ᠦᠷᠭᠡᠳᠭᠡᠬᠦ ᠪᠠᠷ ᠳᠠᠮᠵᠢᠨ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠢ ᠣᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠦᠬᠦ ᠣᠷᠣᠨ ᠤ 103 ᠬᠤᠰᠢᠭᠤ ᠰᠢᠶᠠᠨ ᠬᠤᠳᠠ ᠲᠣᠭᠤᠷᠢᠭ ᠤᠨ ᠲᠡᠷᠢᠭᠦᠨ ᠳᠤ | ᠵᠢᠭᠰᠠᠭᠠᠭᠳᠠᠪᠠ᠃ ︽ᠲᠦᠷᠪᠡᠨ ᠭᠦᠢᠴᠡᠳᠭᠡᠬᠦ︾ ᠠᠵᠢᠯ ᠢ ᠲᠡᠷᠢᠭᠦᠨ ᠳᠤ ᠲᠠᠯᠪᠢᠵᠣ᠂ ᠵᠢᠱᠢᠶ᠎ᠡ ᠦᠵᠡᠭᠦᠯᠵᠦ᠂ | ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠪᠣᠯᠣᠨ ᠪᠦᠬᠦ ᠶᠠᠪᠣᠴᠠ ᠶᠢ ᠰᠦᠯᠵᠢᠶᠡᠨ ᠳᠡᠭᠡᠷ᠎ᠡ | ᠭᠦᠢᠴᠡᠳᠭᠡᠵᠦ ᠪᠣᠯᠬᠤ ᠨᠣᠷᠮ᠎ᠠ ᠲᠣᠰᠪᠦᠷᠢ ᠪᠦᠬᠦ ᠠᠶᠢᠮᠠᠭ ᠤᠨ ᠳᠡᠭᠰᠢᠳᠭᠡᠭᠰᠡᠨ ᠬᠢᠷᠢ ᠲᠦᠪᠰᠢᠨ ᠠᠴᠠ 0.45 ᠪᠠ | 7.7 ᠵᠠᠭᠤᠨ ᠤ ᠬᠤᠪᠢ ᠶᠢᠨ ᠴᠡᠭ ᠢᠶᠠᠷ ᠦᠨᠳᠦᠷ ᠪᠣᠯᠪᠠ᠃ 202 ᠲᠦᠷᠦᠯ ᠤᠨ ᠵᠠᠰᠠᠭ ᠤᠨ ᠶᠠᠪᠣᠳᠠᠯ ᠤᠨ | ᠦᠢᠯᠡᠴᠢᠯᠡᠭᠡᠨ ᠤ ᠵᠦᠢᠯᠡᠰ ᠢ ︽ᠭᠠᠷ ᠣᠳᠠᠰᠣᠨ ᠳᠡᠭᠡᠷ᠎ᠡ ᠭᠦᠢᠴᠡᠳᠭᠡᠬᠦ︾ ᠶᠢ ᠪᠡᠶᠡᠯᠡᠭᠦᠯᠵᠦ᠂ ᠦᠷᠭᠦᠯᠵᠢ | ᠠᠰᠢᠭᠯᠠᠬᠤ 9 ᠬᠡᠷᠡᠭᠯᠡᠭᠡᠨ ᠢ ︽ᠮᠦᠩᠭᠡ ᠰᠣᠪᠠᠭ︾ ᠲᠤ ᠣᠷᠣᠭᠤᠯᠵᠣ᠂ ᠪᠦᠬᠦ ᠠᠶᠢᠮᠠᠭ ᠲᠤ ᠬᠠᠮᠤᠭ ᠲᠡᠷᠢᠭᠦᠨ | ᠳᠤ ︽ᠣᠶᠣᠨᠴᠢ ᠨᠠᠰᠣᠳᠠᠶᠢᠴᠣᠳ ᠢ ᠠᠰᠠᠷᠠᠬᠤ ᠲᠣᠰᠬᠠᠢ ᠲᠣᠭᠤᠷᠢᠭ︾ ᠢ ᠭᠠᠷᠭᠠᠵᠣ᠂ ︽ᠨᠢᠭᠡᠯᠡ ᠣᠳᠠᠭ᠎ᠠ ᠳᠤ | ᠭᠦᠢᠴᠡᠳᠭᠡᠬᠦ︾ ᠶᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠦᠢᠴᠡᠳᠭᠡᠭᠰᠡᠨ ᠵᠦᠢᠯ 6993 ᠬᠤᠪᠢ | ᠳᠤ ᠬᠦᠷᠴᠦ᠂ ᠨᠡᠶᠢᠳᠡ 33 ᠭᠤᠣᠯᠳᠠᠯᠭ᠎ᠠ ᠲᠠᠢ ᠲᠦᠷᠦᠯ ᠵᠦᠢᠯ᠂ 32 ᠵᠢᠵᠢᠭ ᠠᠵᠣ ᠠᠬᠤᠶᠢᠯᠠᠯ ᠳᠤ | ᠬᠠᠪᠰᠣᠷᠣᠨ ᠭᠦᠢᠴᠡᠳᠭᠡᠬᠦ᠂ ᠣᠷᠣᠯᠠᠨ ᠭᠦᠢᠴᠡᠳᠭᠡᠬᠦ᠂ ᠣᠴᠢᠵᠣ ᠦᠢᠯᠡᠴᠢᠯᠡᠬᠦ ᠦᠢᠯᠡᠴᠢᠯᠡᠭᠡ ᠬᠠᠩᠭᠠᠪᠠ︔ | ᠰᠦᠨᠢᠳ ᠣᠷᠣᠯᠠᠨ ᠭᠦᠢᠴᠡᠳᠭᠡᠬᠦ ᠣᠨᠴᠠᠯᠢᠭᠳᠣ ᠵᠠᠰᠠᠭ ᠤᠨ ᠶᠠᠪᠣᠳᠠᠯ ᠤᠨ ᠦᠢᠯᠡᠴᠢᠯᠡᠭᠡ ᠨᠢ ᠪᠦᠬᠦ ᠣᠷᠣᠨ ᠤ | ᠲᠣᠰᠬᠤᠨ ᠤ ᠳᠡᠰ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠭᠡᠬᠦ ᠨᠡᠶᠢᠳᠡᠯᠢᠭ | ᠵᠢᠱᠢᠶ᠎ᠡ ᠪᠠᠷ ᠦᠨᠡᠯᠡᠭᠳᠡᠵᠦ᠂ ᠪᠦᠬᠦ ᠠᠶᠢᠮᠠᠭ ᠤᠨ ᠲᠣᠣᠷ ᠰᠦᠯᠵᠢᠶᠡᠨ ᠤ ᠨᠡᠶᠢᠳᠡ ᠶᠢᠨ ᠠᠰᠠᠷᠠᠮᠵᠢ ᠶᠢᠨ ᠰᠢᠯᠢᠳᠡᠭ | ᠵᠢᠱᠢᠶ᠎ᠡ ᠪᠣᠯᠪᠠ᠃ 12345 ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠣᠳᠠᠰᠣ ᠨᠢ ᠨᠡᠶᠢᠳᠡ 1711 ᠬᠤᠪᠢ | ᠬᠡᠷᠡᠭ ᠢ ᠭᠦᠢᠴᠡᠳᠭᠡᠵᠦ᠂ ᠰᠢᠢᠳᠪᠦᠷᠢᠯᠡᠭᠰᠡᠨ ᠨᠣᠷᠮ᠎ᠠ ᠪᠣᠯᠣᠨ ᠬᠠᠨᠣᠮᠵᠢ ᠶᠢᠨ ᠬᠡᠮᠵᠢᠶ᠎ᠡ ᠴᠦᠮ 100% ᠳᠤ | ᠬᠦᠷᠪᠡ᠃ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠪᠡ᠃ ᠬᠤᠶᠠᠷ ᠶᠡᠭᠡ ᠶᠠᠪᠣᠳᠠᠯ ᠢ ᠰᠠᠶᠢᠳᠣᠷ ᠬᠢᠬᠦ | ᠳᠤ ᠠᠩᠬᠠᠷᠣᠯ ᠢᠶᠠᠨ ᠲᠦᠪᠯᠡᠷᠡᠭᠦᠯᠵᠦ᠂ ᠠᠰᠠᠭᠤᠳᠠᠯ ᠤᠨ ᠵᠢᠯᠣᠭᠤᠳᠣᠮᠵᠢ ᠶᠢ ᠪᠠᠳᠣ ᠪᠠᠬᠢ ᠪᠣᠢ ᠪᠣᠯᠭᠠᠵᠣ᠂ | ᠦᠭᠡᠷᠡᠴᠢᠯᠡᠯᠳᠡ ᠶᠢᠨ ᠡᠷᠴᠢ ᠬᠦᠴᠦ ᠶᠢ ᠪᠠᠳᠣᠯᠠᠵᠣ᠂ ᠠᠵᠣ ᠠᠬᠤᠢ ᠶᠢᠨ ᠬᠦᠭᠵᠢᠯᠳᠡ᠂ ᠠᠮᠢ ᠠᠬᠤᠢ ᠶᠢᠨ | ᠪᠣᠯᠪᠠᠰᠣᠨ᠂ ᠨᠡᠶᠢᠭᠡᠮ ᠤᠨ ᠵᠠᠰᠠᠯᠳᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠪᠣᠯᠣᠨ ᠵᠠᠩᠭᠢᠯᠠᠭ᠎ᠠ ᠶᠢᠨ | ᠭᠤᠭᠴᠣᠭᠠᠨ ᠳᠤ ᠦᠭᠡᠷᠡᠴᠢᠯᠡᠯᠳᠡ ᠶᠢᠨ ᠡᠭᠦᠷᠭᠡ ᠶᠢ ᠰᠦᠪᠡᠭᠴᠢᠯᠡᠵᠦ᠂ ︽ᠬᠠᠪᠰᠣᠷᠣᠨ ᠭᠦᠢᠴᠡᠳᠭᠡᠬᠦ ᠣᠷᠣᠯᠠᠨ | ᠭᠦᠢᠴᠡᠳᠭᠡᠬᠦ︾ ︽ᠣᠷᠴᠢᠨ ᠲᠣᠭᠤᠷᠢᠨ ᠢ ᠬᠠᠮᠠᠭᠠᠯᠠᠬᠤ ᠬᠠᠮᠢᠶᠠᠷᠣᠭᠴᠢ︾ ᠵᠡᠷᠭᠡ ᠨᠢᠭᠡ ᠪᠦᠯᠦᠭ ᠬᠦᠳᠦᠯᠦᠨ | ᠳᠠᠭᠠᠭᠤᠯᠬᠤ ᠴᠢᠨᠠᠷᠳᠠᠢ ᠦᠭᠡᠷᠡᠴᠢᠯᠡᠯᠳᠡ ᠶᠢᠨ ᠠᠷᠭ᠎ᠠ ᠠᠪᠴᠠᠯ ᠢ ᠲᠣᠭᠳᠠᠭᠠᠵᠣ᠂ ︽ᠰᠢᠨ᠎ᠡ ᠴᠠᠭ ᠦᠶ᠎ᠡ ᠶᠢᠨ | ᠪᠣᠯᠪᠠᠰᠣᠨ ᠦᠢᠯᠡᠳᠦᠯᠭᠡ︾ ︽ᠨᠡᠶᠢᠭᠡᠮ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠣᠯᠳᠠ︾ ᠵᠡᠷᠭᠡ ᠲᠠᠯ᠎ᠠ ᠪᠠᠷ | ᠨᠢᠭᠡ ᠪᠦᠯᠦᠭ ᠡᠭᠦᠳᠦᠯᠳᠡ ᠲᠠᠢ ᠦᠭᠡᠷᠡᠴᠢᠯᠡᠯᠳᠡ ᠶᠢᠨ ᠲᠣᠷᠰᠢᠯᠭ᠎ᠠ ᠶᠢ ᠪᠦᠷᠢᠯᠳᠦᠭᠦᠯᠵᠦ᠂ ᠦᠭᠡᠷᠡᠴᠢᠯᠡᠯᠳᠡ ᠪᠡ | ᠬᠦᠭᠵᠢᠭᠦᠯᠦᠯᠳᠡ ᠶᠢ ᠬᠦᠨᠵᠡᠭᠡᠢ ᠠᠭᠤᠰᠣᠯᠴᠠᠭᠤᠯᠬᠤ ᠶᠢ ᠴᠢᠷᠮᠠᠶᠢᠨ ᠠᠬᠢᠭᠤᠯᠪᠠ᠃ ᠭᠠᠳᠠᠭᠰᠢ ᠨᠡᠭᠡᠭᠡᠯᠳᠡ ᠬᠢᠬᠦ ᠶᠢ | ᠲᠠᠰᠣᠷᠠᠯᠳᠠ ᠦᠭᠡᠢ ᠬᠦᠨᠵᠡᠭᠡᠶᠢᠷᠡᠭᠦᠯᠪᠡ᠃ ᠣᠯᠣᠰ ᠤᠨ ᠣᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢᠨ | ᠪᠠᠶᠢᠯᠳᠣᠬᠤ ᠪᠣᠳᠣᠯᠭ᠎ᠠ ᠶᠢᠨ ᠲᠣᠯᠭᠠᠭᠤᠷᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠵᠢᠯ ᠤᠨ ᠲᠣᠳᠣᠷ᠎ᠠ | ᠭᠤᠣᠯᠳᠠᠯᠭ᠎ᠠ ᠲᠠᠢ ᠠᠵᠣ ᠠᠬᠤᠶᠢᠯᠠᠯ ᠢ 44 ︵ᠣᠳᠠᠭ᠎ᠠ︶ ᠵᠣᠬᠢᠶᠠᠨ ᠪᠠᠶᠢᠭᠤᠯᠣᠨ ᠳᠣᠮᠳᠠᠳᠣ ᠮᠣᠩᠭᠤᠯ ᠤᠨ | ᠦᠵᠡᠭᠦᠯᠦᠯᠭᠡ ᠶᠢᠨ ᠴᠣᠭᠯᠠᠭᠠᠨ᠂ ᠦᠪᠦᠷ ᠮᠣᠩᠭᠤᠯ ᠤᠨ ᠰᠢᠯᠢᠳᠡᠭ ᠲᠠᠷᠢᠶᠠᠯᠠᠩ ᠤᠨ ᠪᠦᠲᠦᠭᠡᠭᠳᠡᠭᠦᠨ ᠮᠠᠯ ᠤᠨ | ᠠᠰᠢᠭ ᠰᠢᠮ᠎ᠡ ᠶᠢᠨ ᠳᠡᠯᠭᠡᠨ ᠪᠣᠷᠣᠯᠠᠭᠤᠯᠭ᠎ᠠ ᠶᠢᠨ ᠬᠤᠷᠠᠯ᠂ ᠪᠡᠭᠡᠵᠢᠩ ᠦᠪᠦᠷ ᠮᠣᠩᠭᠤᠯ ᠤᠨ ᠬᠠᠮᠳᠣᠷᠠᠯᠴᠠᠭ᠎ᠠ ᠶᠢᠨ | ᠬᠡᠷᠡᠭᠯᠡᠭᠡ ᠪᠠᠷ ᠬᠠᠪᠰᠣᠷᠣᠨ ᠳᠡᠳᠭᠦᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠣ᠂ ᠣᠣ ᠰᠢᠤᠸᠠᠢ ᠴᠦᠨ ᠺᠣᠮᠫᠠᠨᠢ | ᠶᠢᠨ ᠪᠦᠲᠦᠭᠡᠭᠳᠡᠭᠦᠨ ᠢ ᠮᠣᠩᠭᠤᠯ ᠣᠯᠣᠰ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠬᠠᠪᠰᠣᠷᠴᠣ᠂ ᠰᠦᠨᠢᠳ ᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠪᠡᠭᠡᠵᠢᠩ ᠤᠨ 1017 ᠭᠠᠵᠠᠷ ᠵᠦᠢ ᠶᠢᠨ ᠪᠠᠶᠢᠷᠢᠰᠢᠯ | ᠤᠨ ᠣᠷᠳᠣᠨ ᠳᠤ ᠣᠷᠣᠭᠤᠯᠬᠤ ᠪᠠᠷ ᠲᠠᠨᠢᠯᠴᠠᠭᠤᠯᠵᠣ᠂ ᠪᠦᠬᠦ ᠵᠢᠯ ᠳᠤ ᠭᠠᠳᠠᠭᠠᠳᠣ ᠠᠷᠠᠯᠵᠢᠶᠠᠨ ᠤ ᠣᠷᠣᠭᠤᠯᠵᠣ | ᠭᠠᠷᠭᠠᠭᠰᠠᠨ ᠶᠡᠷᠦᠩᠭᠡᠢ ᠲᠤᠭ᠎ᠠ ᠪᠣᠯᠣᠨ ᠪᠠᠷᠠᠭᠠᠨ ᠤ ᠳᠡᠭᠡᠭᠡᠪᠦᠷᠢ ᠶᠢᠨ ᠬᠡᠮᠵᠢᠶ᠎ᠡ ᠲᠣᠰᠪᠦᠷᠢ 2878 ᠲᠦᠮᠡᠨ | ᠲᠦᠭᠦᠷᠢᠭ᠂ 652 ᠲᠣᠨ ᠢ ᠪᠡᠶᠡᠯᠡᠭᠦᠯᠵᠦ᠂ ᠬᠢᠵᠢᠭ ᠤᠨ ᠪᠠᠶᠢᠳᠠᠯ ᠡᠭᠦᠰᠬᠦ ᠠᠴᠠ ᠡᠮᠦᠨᠡᠬᠢ ᠬᠢᠷᠢ ᠲᠦᠪᠰᠢᠨ | ᠳᠡᠭᠡᠨ ᠬᠦᠷᠪᠡ᠃ ᠰᠢᠨᠵᠢᠯᠡᠭᠡ ᠮᠡᠷᠭᠡᠵᠢᠯ ᠤᠨ ᠡᠭᠦᠳᠦᠯᠳᠡ ᠶᠢᠨ ᠦᠷ᠎ᠡ ᠪᠦᠲᠦᠮᠵᠢ ᠶᠢ ᠲᠦᠷᠭᠡᠨ ᠲᠦᠪᠯᠡᠷᠡᠭᠦᠯᠪᠡ᠃ | ᠮᠠᠯ ᠤᠨ ᠡᠭᠦᠯᠳᠡᠷ ᠢ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠤᠨ ᠠᠰᠢᠭ ᠰᠢᠮ᠎ᠡ | ᠪᠠ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ᠂ ᠰᠢᠨ᠎ᠡ ᠮᠡᠲ᠋ᠧᠷᠢᠶᠠᠯ ᠤᠨ ᠠᠰᠢᠭᠯᠠᠯᠳᠠ ᠵᠡᠷᠭᠡ | ᠬᠦᠷᠢᠶ᠎ᠡ ᠴᠠᠷ᠎ᠠ ᠪᠠᠷ ᠭᠤᠣᠯᠳᠠᠯᠭ᠎ᠠ ᠪᠣᠯᠭᠠᠵᠣ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ 8 | ᠲᠦᠷᠦᠯ ᠵᠦᠢᠯ ᠢ ᠭᠤᠶᠣᠴᠢᠯᠠᠨ ᠮᠡᠳᠡᠭᠦᠯᠵᠦ᠂ ᠵᠢᠦᠢ ᠹᠧᠩ ᠵᠧᠩ ᠪᠧᠢ ᠡᠳᠦᠷ ᠤᠨ ᠲᠡᠵᠢᠭᠡᠯ ᠪᠣᠷᠳᠤᠭ᠎ᠠ ᠶᠢ | ᠬᠤᠯᠢᠵᠣ ᠲᠣᠬᠢᠷᠠᠭᠤᠯᠬᠤ ᠰᠣᠳᠣᠯᠣᠯᠳᠠ ᠵᠢᠴᠢ ᠦᠢᠯᠡᠳᠪᠦᠷᠢᠯᠡᠨ ᠲᠦᠭᠡᠮᠡᠯᠵᠢᠭᠦᠯᠬᠦ ᠲᠦᠷᠦᠯ ᠵᠦᠢᠯ ᠨᠢ ᠲᠣᠰᠬᠠᠢ | ᠮᠡᠷᠭᠡᠵᠢᠯᠳᠡᠨ ᠤ ᠬᠢᠨᠠᠨ ᠦᠨᠡᠯᠡᠯᠳᠡ ᠪᠠᠷ ᠪᠠᠳᠣᠯᠠᠭᠳᠠᠵᠣ᠂ 60 ᠲᠦᠮᠡᠨ ᠲᠦᠭᠦᠷᠢᠭ ᠤᠨ ᠱᠠᠩᠨᠠᠯ ᠤᠨ ᠪᠡᠯᠡ | ᠮᠦᠩᠭᠦ ᠬᠦᠷᠳᠡᠪᠡ᠃ ᠵᠦᠩ ᠺᠧ ᠯᠢᠩ ᠱᠧᠩ᠂ ᠯᠢᠦᠢ ᠾᠧ ᠠᠮᠢᠳᠣ ᠪᠣᠳᠠᠰ ᠵᠡᠷᠭᠡ 7 ᠠᠵᠣ ᠠᠬᠤᠶᠢᠯᠠᠯ ᠨᠢ | ᠦᠪᠡᠷᠳᠡᠭᠡᠨ ᠵᠠᠰᠠᠬᠤ ᠣᠷᠣᠨ ᠤ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠢᠶᠠᠷ ᠦᠨᠡᠯᠡᠭᠳᠡᠵᠦ᠂ | ᠦᠨᠡᠯᠡᠭᠳᠡᠭᠰᠡᠨ ᠬᠠᠷᠢᠴᠠᠯ ᠨᠢ ᠪᠦᠬᠦ ᠠᠶᠢᠮᠠᠭ ᠤᠨ 27% ᠶᠢ ᠡᠵᠡᠯᠡᠪᠡ᠃ ᠠᠶᠢᠮᠠᠭ ᠤᠨ ᠳᠡᠰ ᠤᠨ ᠰᠢᠨᠵᠢᠯᠡᠭᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢᠶᠠᠷ 4 ᠠᠵᠣ ᠠᠬᠤᠶᠢᠯᠠᠯ ᠢ ᠠᠮᠵᠢᠯᠳᠠᠳᠠᠢ ᠭᠤᠶᠣᠴᠢᠯᠠᠨ | ᠮᠡᠳᠡᠭᠦᠯᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠣᠮᠳᠠ ᠪᠠᠭ᠎ᠠ ᠠᠵᠣ ᠠᠬᠤᠶᠢᠯᠠᠯ ᠢᠶᠠᠷ 6 ᠠᠵᠣ ᠠᠬᠤᠶᠢᠯᠠᠯ | ᠢ ᠪᠣᠶᠢᠵᠢᠭᠤᠯᠪᠠ᠃ ᠲᠦᠷᠦᠯ ᠵᠦᠢᠯ ᠢᠶᠠᠷ ᠬᠠᠮᠳᠣᠷᠠᠯᠴᠠᠬᠤ᠂ ᠨᠠᠶᠢᠳᠠᠨ ᠨᠡᠭᠡᠭᠡᠨ ᠠᠰᠢᠭᠯᠠᠭᠤᠯᠬᠤ ᠵᠡᠷᠭᠡ ᠬᠡᠯᠪᠡᠷᠢ | ᠪᠠᠷ ᠲᠣᠰᠬᠠᠢ ᠮᠡᠷᠭᠡᠵᠢᠯ ᠤᠨ ᠴᠢᠳᠠᠪᠣᠷᠢᠳᠠᠨ ᠢᠶᠠᠷ 10 ᠬᠦᠮᠦᠨ ᠢ ᠣᠷᠢᠵᠣ ᠣᠷᠣᠭᠤᠯᠣᠨ᠂ ᠪᠦᠬᠦ ᠬᠤᠰᠢᠭᠤᠨ ᠤ | ᠠᠵᠣ ᠠᠬᠤᠢ ᠨᠡᠶᠢᠭᠡᠮ ᠤᠨ ᠰᠢᠨ᠎ᠡ ᠶᠢ ᠡᠭᠦᠳᠦᠨ ᠬᠦᠭᠵᠢᠭᠦᠯᠬᠦ ᠳᠤ ᠬᠦᠨᠵᠡᠭᠡᠢ ᠠᠭᠤᠰᠣᠯᠴᠠᠭᠤᠯᠪᠠ᠃ | ᠨᠢᠭᠡ ᠵᠢᠯ ᠤᠨ ᠲᠣᠷᠰᠢ᠂ ᠪᠢᠳᠡ ᠣᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ | ᠪᠠᠳᠣ ᠴᠡᠭᠡᠵᠢᠯᠡᠵᠦ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠪᠡ᠃ ᠪᠦᠬᠦ ᠵᠢᠯ ᠳᠤ ᠠᠷᠠᠳ ᠤᠨ ᠠᠮᠢᠳᠣᠷᠠᠯ ᠢ | ᠪᠠᠳᠣᠯᠠᠨ ᠰᠠᠶᠢᠵᠢᠷᠠᠭᠤᠯᠬᠤ ᠬᠦᠷᠢᠶ᠎ᠡ ᠴᠠᠷ᠎ᠠ ᠳᠤ ᠬᠡᠷᠡᠭᠯᠡᠭᠰᠡᠨ ᠪᠡᠯᠡ ᠮᠦᠩᠭᠦ 11.3 ᠳ᠋ᠦᠩᠰᠢᠭᠤᠷ ᠲᠦᠭᠦᠷᠢᠭ ᠲᠤ | ᠬᠦᠷᠴᠦ᠂ ᠡᠩ ᠤᠨ ᠣᠯᠠᠨ ᠨᠡᠶᠢᠳᠡ ᠶᠢᠨ ᠲᠦᠰᠦᠪ ᠤᠨ ᠵᠠᠷᠣᠯᠭ᠎ᠠ ᠶᠢᠨ 64% ᠶᠢ ᠡᠵᠡᠯᠡᠪᠡ᠃ ᠰᠣᠷᠭᠠᠨ | ᠬᠦᠮᠦᠵᠢᠯ ᠡᠮ ᠡᠮᠨᠡᠯᠭᠡ᠂ ᠵᠡᠮᠳᠡᠭᠴᠣᠳ ᠢ ᠬᠠᠪᠰᠣᠷᠣᠨ ᠳᠡᠳᠭᠦᠬᠦ᠂ ᠰᠠᠭᠤᠷᠢ ᠪᠦᠲᠦᠭᠡᠨ ᠪᠠᠶᠢᠭᠤᠯᠣᠯᠳᠠ ᠶᠢᠨ | ᠪᠠᠳᠣᠯᠠᠭ᠎ᠠ ᠵᠡᠷᠭᠡ ᠠᠷᠠᠳ ᠤᠨ ᠠᠮᠢᠳᠣᠷᠠᠯ ᠤᠨ 8 ᠪᠣᠳᠠᠳᠣ ᠶᠠᠪᠣᠳᠠᠯ ᠢ ᠪᠦᠬᠦᠨ ᠢ ᠪᠡᠶᠡᠯᠡᠭᠦᠯᠪᠡ᠃ ᠰᠣᠷᠭᠠᠨ | ᠬᠦᠮᠦᠵᠢᠯ ᠤᠨ ᠠᠵᠢᠯ ᠦᠢᠯᠡᠰ ᠢ ᠲᠡᠷᠢᠭᠦᠨ ᠳᠤ ᠬᠦᠭᠵᠢᠭᠦᠯᠪᠡ᠃ ᠰᠣᠷᠬᠤ ᠨᠠᠰᠣᠨ ᠠᠴᠠ ᠡᠮᠦᠨᠡᠬᠢ ᠰᠣᠷᠭᠠᠨ | ᠬᠦᠮᠦᠵᠢᠯ ᠳᠤ ᠲᠦᠭᠡᠮᠡᠯ ᠬᠠᠷᠠᠭᠠᠯᠵᠠᠯᠳᠣ ᠠᠮᠣᠷ ᠲᠦᠪᠰᠢᠨ ᠤ ᠴᠢᠨᠠᠷᠯᠢᠭ ᠬᠦᠭᠵᠢᠯᠳᠡ ᠶᠢ ᠲᠦᠭᠡᠮᠡᠯᠵᠢᠭᠦᠯᠵᠦ᠂ | ᠠᠯᠪᠠᠨ ᠠᠴᠠ ᠡᠷᠬᠢᠯᠡᠭᠰᠡᠨ ᠭᠡᠣᠭᠡᠳ ᠤᠨ ᠴᠡᠴᠡᠷᠯᠢᠭ ᠤᠨ ᠡᠵᠡᠯᠡᠬᠦ ᠬᠠᠷᠢᠴᠠᠯ 90% ᠳᠤ ᠬᠦᠷᠴᠦ᠂ ᠲᠦᠭᠡᠮᠡᠯ | ᠬᠠᠷᠠᠭᠠᠯᠵᠠᠯᠳᠣ ᠭᠡᠣᠭᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 100% ᠳᠤ ᠬᠦᠷᠴᠦ᠂ ᠦᠪᠡᠷᠳᠡᠭᠡᠨ | ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠳᠤ ᠣᠷᠣᠭᠰᠢᠳᠠᠢ ᠪᠠᠳᠣᠯᠠᠭᠳᠠᠪᠠ᠃ 2023 ᠣᠨ ᠤ | ᠦᠨᠳᠦᠷ ᠳᠣᠮᠳᠠᠳᠣ ᠶᠢᠨ ᠰᠢᠯᠭᠠᠯᠳᠠ ᠶᠢᠨ ᠬᠢᠷᠢ ᠪᠦᠲᠦᠮᠵᠢ ᠪᠦᠬᠦ ᠠᠶᠢᠮᠠᠭ ᠲᠤ ᠲᠡᠷᠢᠭᠦᠯᠡᠵᠦ᠂ ᠲᠦᠷᠪᠡᠨ ᠵᠢᠯ | ᠳᠠᠷᠠᠭᠠᠯᠠᠨ ᠲᠡᠷᠢᠭᠦᠯᠡᠪᠡ᠃ ᠡᠩ ᠤᠨ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠶᠢᠨ ᠵᠢᠩᠭᠢᠨᠢ ᠠᠩᠭᠢ ᠳᠤ | ᠳᠡᠪᠰᠢᠭᠰᠡᠨ ᠶᠡᠷᠦᠩᠭᠡᠢ ᠨᠣᠷᠮ᠎ᠠ 60% ᠳᠤ ᠬᠦᠷᠴᠦ᠂ ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ | ᠪᠢᠴᠢᠭ ᠤᠨ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠳᠠᠪᠣᠷᠢ ᠢᠯᠡᠳᠳᠡ ᠳᠡᠭᠡᠭᠰᠢᠯᠡᠪᠡ᠃ ᠠᠵᠢᠯ ᠮᠡᠷᠭᠡᠵᠢᠯ | ᠤᠨ ᠰᠣᠷᠭᠠᠨ ᠬᠦᠮᠦᠵᠢᠯ ᠤᠨ ᠰᠣᠷᠭᠠᠭᠤᠯᠢ ᠪᠠ ᠠᠵᠣ ᠠᠬᠤᠶᠢᠯᠠᠯ ᠤᠨ ᠬᠠᠮᠳᠣᠷᠠᠯᠴᠠᠭ᠎ᠠ᠂ ᠠᠵᠣ ᠦᠢᠯᠡᠰ ᠪᠠ | ᠰᠣᠷᠭᠠᠨ ᠬᠦᠮᠦᠵᠢᠯ ᠤᠨ ᠠᠭᠤᠰᠣᠯᠴᠠᠯ ᠢ ᠰᠠᠶᠢᠳᠣᠷ ᠬᠦᠭᠵᠢᠭᠦᠯᠵᠦ᠂ 60 ᠭᠠᠷᠣᠢ ᠬᠦᠮᠦᠨ ᠳᠤ ᠡᠯ᠎ᠡ ᠲᠦᠷᠦᠯ | ᠤᠨ ᠠᠵᠢᠯ ᠮᠡᠷᠭᠡᠵᠢᠯ ᠤᠨ ᠣᠷ᠎ᠠ ᠴᠢᠳᠠᠪᠣᠷᠢ ᠶᠢᠨ ᠪᠣᠯᠪᠠᠰᠣᠷᠠᠯ ᠬᠦᠷᠳᠡᠭᠡᠬᠦ ᠪᠠ ᠣᠷ᠎ᠠ ᠴᠢᠳᠠᠪᠣᠷᠢ ᠶᠢᠨ ᠳᠡᠰ | ᠲᠣᠭᠳᠠᠭᠠᠬᠤ ᠠᠵᠢᠯ ᠢ ᠦᠷᠨᠢᠭᠦᠯᠪᠡ᠃ ᠶᠡᠷᠦᠩᠭᠡᠶᠢᠯᠡᠭᠰᠡᠨ ᠳᠡᠭᠡᠲᠦ ᠵᠡᠷᠭᠡ ᠶᠢᠨ ᠳᠣᠮᠳᠠᠳᠣ ᠰᠣᠷᠭᠠᠭᠤᠯᠢ ᠪᠣᠯᠣᠨ | ᠲᠠᠪᠣᠳᠣᠭᠠᠷ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠶᠡᠷᠦᠩᠭᠡᠶᠢᠯᠡᠭᠰᠡᠨ ᠠᠰᠠᠷ᠂ ᠬᠤᠶᠠᠳᠣᠭᠠᠷ ᠪᠠᠭ᠎ᠠ | ᠰᠣᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠵᠢᠴᠢ ᠲᠠᠮᠢᠷ ᠤᠨ ᠲᠠᠯᠠᠪᠣᠷ ᠵᠡᠷᠭᠡ 6 ᠲᠦᠷᠦᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠣ᠂ ᠰᠣᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ | ᠠᠵᠢᠯ ᠣᠯᠭᠤᠯᠳᠠ ᠶᠢᠨ ᠪᠠᠶᠢᠳᠠᠯ ᠲᠣᠭᠳᠠᠭᠤᠨ ᠢᠶᠠᠷ ᠰᠠᠶᠢᠵᠢᠷᠠᠪᠠ᠃ ᠠᠵᠢᠯ ᠣᠯᠭᠤᠯᠳᠠ ᠶᠢ ᠲᠡᠷᠢᠭᠦᠨ ᠪᠠᠶᠢᠷᠢᠨ | ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠣ᠂ ᠬᠦᠴᠢᠷᠳᠡᠯᠳᠠᠢ ᠣᠯᠠᠨ ᠲᠦᠮᠡᠨ ᠳᠤ ᠠᠵᠢᠯ ᠣᠯᠭᠤᠵᠣ | ᠬᠠᠪᠰᠣᠷᠣᠨ ᠳᠡᠳᠭᠦᠬᠦ ᠠᠵᠢᠯ ᠢ ᠴᠢᠩᠭᠠᠳᠬᠠᠵᠣ᠂ ᠦᠢᠯᠡᠰ ᠪᠣᠰᠬᠠᠬᠤ ᠪᠠᠷ ᠠᠵᠢᠯ ᠣᠯᠭᠤᠯᠳᠠ ᠶᠢ ᠳᠠᠶᠢᠴᠢᠯᠠᠬᠤ ᠶᠢ | ᠠᠬᠢᠭᠤᠯᠪᠠ᠃ ᠵᠢᠯ ᠤᠨ ᠲᠣᠳᠣᠷ᠎ᠠ ᠡᠯ᠎ᠡ ᠲᠦᠷᠦᠯ ᠤᠨ ᠠᠵᠢᠯ ᠣᠯᠭᠤᠯᠳᠠ ᠶᠢᠨ ᠨᠦᠬᠦᠪᠦᠷᠢ ᠮᠦᠩᠭᠦ 1426 | ᠲᠦᠮᠡᠨ ᠲᠦᠭᠦᠷᠢᠭ ᠢ ᠨᠠᠶᠢᠳᠠᠪᠣᠷᠢᠵᠢᠭᠤᠯᠵᠣ᠂ 5 ᠲᠠᠯᠠᠪᠠᠢ ᠠᠵᠢᠯᠳᠠᠨ ᠡᠯᠰᠡᠬᠦ ᠴᠣᠭᠯᠠᠭᠠᠨ ᠢ ᠡᠷᠬᠢᠯᠡᠵᠦ᠂ 23 | ᠬᠤᠭᠤᠴᠠᠭᠠᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠣᠷᠠᠯ ᠢ ᠦᠷᠨᠢᠭᠦᠯᠵᠦ᠂ ᠬᠤᠳᠠ | ᠪᠠᠯᠭᠠᠰᠣᠨ ᠤ ᠠᠵᠢᠯ ᠠᠯᠳᠠᠭᠰᠠᠳ ᠲᠠᠬᠢᠨ ᠠᠵᠢᠯ ᠣᠯᠣᠭᠰᠠᠨ᠂ ᠠᠵᠢᠯ ᠣᠯᠬᠤ ᠳᠤ ᠬᠦᠴᠢᠷ ᠲᠠᠢ ᠬᠦᠮᠦᠰ ᠠᠵᠢᠯ | ᠣᠯᠣᠭᠰᠠᠨ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠭᠰᠠᠨ ᠨᠣᠷᠮ᠎ᠠ ᠲᠣᠰᠪᠦᠷᠢ ᠠᠶᠢᠮᠠᠭ ᠤᠨ | ᠱᠠᠳᠣᠨ ᠤ ᠪᠠᠭᠤᠯᠭᠠᠭᠰᠠᠨ ᠬᠠᠷᠠᠯᠳᠠᠳᠣ ᠡᠭᠦᠷᠭᠡ ᠶᠢᠨ 159%᠂ 125%᠂124% ᠶᠢ ᠪᠡᠶᠡᠯᠡᠭᠦᠯᠵᠦ᠂ | ᠬᠤᠳᠠ ᠪᠠᠯᠭᠠᠰᠣᠨ ᠤ ᠳᠠᠩᠰᠠᠯᠠᠭᠳᠠᠭᠰᠠᠨ ᠠᠵᠢᠯ ᠠᠯᠳᠠᠯᠳᠠ ᠶᠢᠨ ᠨᠣᠷᠮ᠎ᠠ 2.15% ᠳᠤ ᠬᠦᠷᠴᠦ᠂ ᠦᠪᠡᠷᠳᠡᠭᠡᠨ | ᠵᠠᠰᠠᠬᠤ ᠣᠷᠣᠨ ᠤ ᠬᠢᠵᠠᠭᠠᠷᠯᠠᠭᠰᠠᠨ ᠬᠠᠷᠠᠯᠳᠠ ᠠᠴᠠ 2.85 ᠵᠠᠭᠤᠨ ᠤ ᠬᠤᠪᠢ ᠶᠢᠨ ᠴᠡᠭ ᠢᠶᠠᠷ ᠲᠣᠣᠷ᠎ᠠ ᠪᠣᠯᠪᠠ᠃ | 2500 ᠲᠦᠮᠡᠨ ᠲᠦᠭᠦᠷᠢᠭ ᠤᠨ ᠪᠡᠯᠡ ᠣᠷᠣᠭᠤᠯᠣᠭᠰᠠᠨ ᠣᠯᠠᠨ ᠨᠡᠶᠢᠳᠡ ᠶᠢᠨ ᠪᠣᠳᠠᠳᠣ ᠰᠣᠷᠢᠯᠳᠠ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠳᠠ ᠶᠢ ᠠᠮᠵᠢᠯᠳᠠᠳᠠᠢ ᠪᠡᠶᠡᠯᠡᠭᠦᠯᠵᠦ᠂ ᠵᠢᠯ ᠳᠤ ᠪᠣᠳᠠᠳᠣ ᠰᠣᠷᠢᠯᠳᠠ | ᠬᠢᠬᠦ ᠴᠢᠳᠠᠪᠣᠷᠢ ᠨᠢ 3000 ᠬᠦᠮᠦᠨ ︵ᠣᠳᠠᠭ᠎ᠠ︶ ᠢ ᠳᠠᠪᠠᠪᠠ᠃ ᠴᠠᠯᠢᠩ ᠬᠦᠯᠦᠰᠦ ᠶᠢ ᠦᠷᠢᠳᠦᠬᠦ ᠶᠢ ᠲᠣᠰᠬᠠᠢ | ᠲᠦᠷᠦᠯ ᠢᠶᠠᠷ ᠵᠠᠰᠠᠨ ᠴᠡᠭᠴᠡᠯᠡᠬᠦ ᠶᠢ ᠦᠷᠭᠦᠯᠵᠢᠯᠡᠨ ᠠᠬᠢᠭᠤᠯᠵᠣ᠂ ︽ᠬᠤᠶᠠᠷ ᠮᠦᠩᠭᠦ ᠭᠤᠷᠪᠠᠨ ᠲᠦᠷᠢᠮ︾7 ᠤᠨ | ᠲᠦᠷᠢᠮ ᠲᠣᠭᠳᠠᠭᠠᠯ ᠢ ᠴᠢᠩᠭ᠎ᠠ ᠨᠠᠶᠢᠳᠠᠪᠣᠷᠢᠵᠢᠭᠤᠯᠵᠣ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠭᠡ ᠠᠰᠢᠭ | ᠢ ᠦᠨᠡᠨᠬᠦ ᠪᠠᠳᠣᠯᠠᠵᠣ᠂ ᠪᠦᠬᠦ ᠵᠢᠯ ᠳᠤ ᠬᠦᠳᠡᠯᠮᠦᠷᠢ ᠠᠵᠢᠯᠳᠠᠨ ᠤ ᠮᠠᠷᠭᠤᠯᠳᠣᠭᠠᠨ ᠢ ᠬᠦᠨᠳᠡᠯᠡᠨ ᠠᠴᠠ ᠲᠠᠰᠣᠯᠬᠤ | 253 ᠬᠡᠷᠡᠭ ᠢ ᠬᠦᠯᠢᠶᠡᠨ ᠠᠪᠴᠣ ᠰᠢᠢᠳᠪᠦᠷᠢᠯᠡᠨ᠂ 442 ᠲᠦᠮᠡᠨ ᠲᠦᠭᠦᠷᠢᠭ ᠤᠨ ᠪᠡᠯᠡ ᠮᠦᠩᠭᠦ | ᠬᠤᠯᠪᠣᠭᠳᠠᠵᠣ᠂ ᠬᠡᠷᠡᠭ ᠰᠢᠢᠳᠪᠦᠷᠢᠯᠡᠭᠰᠡᠨ ᠨᠣᠷᠮ᠎ᠠ100%᠂ ᠡᠶᠡᠳᠡᠭᠦᠯᠦᠭᠰᠡᠨ ᠨᠣᠷᠮ᠎ᠠ 80% ᠳᠤ ᠬᠦᠷᠴᠦ᠂ | ᠡᠶ᠎ᠡ ᠵᠣᠬᠢᠴᠠᠯᠳᠣ ᠬᠦᠳᠡᠯᠮᠦᠷᠢ ᠶᠢᠨ ᠬᠠᠷᠢᠴᠠᠭ᠎ᠠ ᠶᠢ ᠣᠯᠠᠮ ᠨᠢᠭᠡ ᠠᠯᠬᠤᠮ ᠪᠦᠷᠢᠯᠳᠦᠭᠦᠯᠪᠡ᠃ ᠡᠷᠡᠭᠦᠯ ᠡᠩᠭᠡ | ᠪᠠᠷᠠᠭᠤᠨ ᠰᠦᠨᠢᠳ ᠤᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠠᠬᠢᠭᠤᠯᠪᠠ᠃ 2 ᠡᠭᠡᠯᠵᠢ ᠶᠢᠨ ᠬᠤᠯᠣᠭᠠᠨ᠎ᠠ | ᠬᠢᠵᠢᠭ ᠤᠨ ᠬᠢᠵᠢᠭ ᠤᠨ ᠪᠠᠶᠢᠳᠠᠯ ᠢ ᠴᠠᠭ ᠲᠣᠬᠠᠢ ᠳᠤᠨᠢ ᠢᠯᠡᠷᠡᠭᠦᠯᠵᠦ᠂ ᠣᠨᠢᠨ ᠳᠡᠭᠡᠷ᠎ᠡ ᠨᠢ ᠬᠠᠮᠢᠶᠠᠷᠣᠨ | ᠡᠵᠡᠮᠳᠡᠵᠦ᠂ ᠦᠷᠭᠡᠨ ᠣᠯᠠᠨ ᠡᠮᠴᠢ ᠠᠵᠢᠯᠳᠠᠨ᠂ ᠲᠣᠳᠣᠭᠠᠳᠣ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠠᠮ ᠤᠨ | ᠭᠡᠰᠢᠭᠦᠨ ᠺᠠᠳ᠋ᠷ ᠪᠣᠯᠣᠨ ᠦᠨᠳᠦᠰᠦᠨ ᠱᠠᠳᠣᠨ ᠤ ᠠᠵᠢᠯᠳᠠᠳ ᠵᠠᠷᠯᠢᠭ ᠢ ᠰᠣᠨᠣᠰᠣᠮᠠᠭᠴᠠ ᠬᠦᠳᠡᠯᠦᠯᠴᠡᠵᠦ᠂ ᠡᠮᠦᠨ᠎ᠡ | ᠹᠷᠣᠨᠲ ᠲᠤ ᠭᠠᠪᠰᠢᠭᠠᠶᠢᠯᠠᠵᠣ᠂ ᠣᠯᠠᠨ ᠲᠦᠮᠡᠨ ᠤ ᠠᠮᠢ ᠨᠠᠰᠣᠨ ᠤ ᠠᠮᠣᠷ ᠲᠦᠪᠰᠢᠨ ᠪᠠ ᠪᠡᠶ᠎ᠡ ᠶᠢᠨ ᠡᠷᠡᠭᠦᠯ | ᠮᠡᠨᠳᠦ ᠶᠢ ᠡᠷᠡᠰ ᠪᠠᠳᠣ ᠪᠠᠳᠣᠯᠠᠪᠠ᠃ ᠨᠢᠭᠳᠠ ᠬᠡᠯᠪᠡᠷᠢ ᠶᠢᠨ ᠡᠮᠴᠢᠯᠡᠭᠡᠨ ᠤ ᠬᠠᠮᠳᠣ ᠶᠢᠨ ᠴᠣᠭᠴᠠ ᠶᠢᠨ | ᠪᠠᠶᠢᠭᠤᠯᠣᠯᠳᠠ ᠶᠢ ᠲᠦᠷᠭᠡᠨ ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠳᠣᠷᠠᠯᠴᠠᠭ᠎ᠠ ᠶᠢ ᠦᠷᠭᠦᠯᠵᠢᠯᠡᠨ | ᠬᠦᠨᠵᠡᠭᠡᠶᠢᠷᠡᠭᠦᠯᠵᠦ᠂ ᠬᠤᠰᠢᠭᠤᠨ ᠤ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠫᠠᠶᠢᠰᠠ ᠡᠯᠬᠦᠨ ᠪᠠᠶᠢᠭᠤᠯᠣᠭᠳᠠᠵᠣ᠂ | ᠡᠪᠦᠳᠦᠭ ᠤᠨ ᠦᠶ᠎ᠡ ᠰᠣᠯᠢᠬᠤ ᠮᠡᠰᠡ ᠵᠠᠰᠠᠯ ᠵᠡᠷᠭᠡ 20 ᠭᠠᠷᠣᠢ ᠲᠦᠷᠦᠯ ᠤᠨ ᠰᠢᠨ᠎ᠡ ᠮᠡᠷᠭᠡᠵᠢᠯ ᠢ ᠡᠮᠴᠢᠯᠡᠭᠡᠨ | ᠳᠤ ᠬᠡᠷᠡᠭᠯᠡᠵᠦ᠂ ᠣᠯᠠᠨ ᠲᠦᠮᠡᠨ ᠤ ᠬᠦᠷᠢᠶᠡᠯᠡᠯ ᠢ ᠣᠯᠣᠭᠰᠠᠨ ᠮᠣᠩᠭᠤᠯ ᠡᠮᠨᠡᠯᠭᠡ ᠶᠢᠨ ᠪᠡᠶ᠎ᠡ ᠰᠡᠳᠬᠢᠯ ᠬᠠᠷᠢᠯᠴᠠᠨ | ᠦᠢᠯᠡᠳᠦᠯᠴᠡᠬᠦ ᠵᠠᠰᠠᠯ ᠤᠨ ᠡᠷᠡᠭᠦᠯ ᠮᠠᠨᠳᠣ ᠶᠢᠨ ᠬᠢᠴᠢᠶᠡᠯ ᠤᠨ ᠲᠢᠩᠭᠢᠮ ᠢ ᠮᠠᠨ ᠤ ᠬᠤᠰᠢᠭᠤᠨ ᠳᠠᠭᠠᠨ ᠡᠷᠬᠢᠯᠡᠬᠦ ᠶᠢ | ᠪᠡᠶᠡᠯᠡᠭᠦᠯᠪᠡ᠃ ᠭᠤᠣᠯᠳᠠᠯᠭ᠎ᠠ ᠲᠠᠢ ᠬᠦᠮᠦᠰ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠪᠣᠯᠣᠨ ᠡᠮᠴᠢᠯᠡᠭᠡᠨ ᠤ | ᠦᠢᠯᠡᠴᠢᠯᠡᠭᠡ ᠶᠢ ᠴᠢᠩᠭᠠᠳᠬᠠᠵᠣ᠂ 40 ᠭᠡᠷ ᠪᠦᠯᠢ ᠶᠢᠨ ᠡᠮᠴᠢ ᠶᠢᠨ ᠪᠦᠯᠬᠦᠮ ᠢ ᠪᠠᠶᠢᠭᠤᠯᠵᠣ᠂ 3.7 ᠲᠦᠮᠡᠨ | ᠬᠦᠮᠦᠨ ᠳᠤ ᠭᠡᠷ᠎ᠡ ᠲᠣᠭᠳᠠᠭᠰᠠᠨ ᠡᠮᠴᠢᠯᠡᠭᠡᠨ ᠤ ᠦᠢᠯᠡᠴᠢᠯᠡᠭᠡ ᠬᠠᠩᠭᠠᠵᠣ᠂ ᠨᠠᠰᠣᠳᠠᠶᠢᠴᠣᠳ᠂ ᠭᠡᠣᠭᠡᠳ ᠤᠨ | ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ ᠶᠢ ᠪᠦᠷᠭᠦᠬᠦᠯᠦᠭᠰᠡᠨ ᠨᠣᠷᠮ᠎ᠠ ᠦᠷᠭᠦᠯᠵᠢᠯᠡᠨ ᠳᠡᠭᠡᠭᠰᠢᠯᠡᠵᠦ᠂ ︽ | ᠬᠤᠶᠠᠷ ᠦᠮᠠᠨ︾ ᠤ ᠰᠢᠭᠰᠢᠨ ᠪᠠᠶᠢᠴᠠᠭᠠᠯᠳᠠ ᠳᠤ ᠪᠠᠶᠢᠴᠠᠭᠠᠬᠤ ᠵᠣᠬᠢᠰᠳᠠᠢ ᠶᠢ ᠪᠦᠬᠦᠨ ᠢ ᠪᠠᠶᠢᠴᠠᠭᠠᠬᠤ ᠶᠢ | ᠪᠡᠶᠡᠯᠡᠭᠦᠯᠪᠡ᠃ ᠬᠢᠳᠠᠳ ᠮᠣᠩᠭᠤᠯ ᠡᠮ ᠡᠮᠨᠡᠯᠭᠡ ᠶᠢᠨ ᠲᠣᠬᠢᠷᠠᠮᠵᠢᠳᠠᠢ ᠮᠡᠷᠭᠡᠵᠢᠯ ᠢ ᠢᠳᠡᠪᠬᠢᠳᠠᠢ ᠲᠦᠭᠡᠮᠡᠯᠵᠢᠭᠦᠯᠵᠦ᠂ | ᠰᠢᠯᠢᠳᠡᠭ ᠶᠠᠰᠣ ᠴᠢᠨᠠᠷ ᠲᠠᠢ ᠬᠢᠳᠠᠳ ᠮᠣᠩᠭᠤᠯ ᠡᠮᠨᠡᠯᠭᠡ ᠶᠢᠨ ᠭᠠᠵᠠᠷ ᠤᠨ ᠬᠠᠷᠢᠴᠠᠯ 75% ᠳᠤ ᠬᠦᠷᠪᠡ᠃ | ᠠᠷᠠᠳ ᠤᠨ ᠠᠮᠢᠳᠣᠷᠠᠯ ᠤᠨ ᠪᠠᠳᠣᠯᠠᠭ᠎ᠠ ᠶᠢ ᠴᠢᠩᠭᠠᠳᠬᠠᠪᠠ᠃ ᠴᠢᠩᠭ᠎ᠠ ᠬᠢᠨᠠᠯᠳᠠ ᠲᠠᠯᠪᠢᠵᠣ᠂ ᠠᠷᠠᠳ ᠲᠤ | ᠬᠠᠷᠠᠭᠠᠯᠵᠠᠯ ᠬᠦᠷᠳᠡᠭᠡᠬᠦ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠨᠠᠶᠢᠳᠠᠪᠣᠷᠢᠵᠢᠭᠤᠯᠬᠤ ᠶᠢ ᠪᠠᠳᠣᠯᠠᠵᠣ᠂ | ᠮᠠᠯᠴᠢᠨ ᠲᠠᠷᠢᠶᠠᠴᠢᠳ ᠲᠤ ᠬᠠᠷᠠᠭᠠᠯᠵᠠᠯ ᠬᠦᠷᠳᠡᠭᠡᠬᠦ 2.45 ᠳ᠋ᠦᠩᠰᠢᠭᠤᠷ ᠲᠦᠭᠦᠷᠢᠭ ᠤᠨ ᠨᠦᠬᠦᠪᠦᠷᠢ ᠶᠢ | ᠲᠠᠷᠬᠠᠭᠠᠨ ᠦᠭᠴᠦ᠂ ᠮᠠᠯᠵᠢᠬᠤ ᠲᠠᠷᠢᠶᠠᠯᠠᠬᠤ ᠡᠷᠦᠭᠡ ᠶᠢᠨ 19 ᠲᠦᠮᠡᠨ ᠬᠦᠮᠦᠨ ︵ᠣᠳᠠᠭ᠎ᠠ︶ ᠳᠤ ᠬᠠᠷᠠᠭᠠᠯᠵᠠᠯ | ᠬᠦᠷᠳᠡᠭᠡᠵᠦ᠂ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ᠂ ᠣᠨᠴᠠ ᠬᠦᠴᠢᠷᠳᠡᠯᠳᠠᠢ᠂ ᠵᠡᠮᠳᠡᠭ ᠬᠦᠮᠦᠰ ᠲᠤ | ᠡᠯ᠎ᠡ ᠲᠦᠷᠦᠯ ᠤᠨ ᠨᠡᠶᠢᠭᠡᠮ ᠤᠨ ᠠᠪᠣᠷᠠᠨ ᠲᠣᠰᠠᠯᠠᠯᠳᠠ ᠶᠢᠨ ᠪᠡᠯᠡ ᠮᠦᠩᠭᠦ 5263 ᠲᠦᠮᠡᠨ ᠲᠦᠭᠦᠷᠢᠭ ᠢ | ᠲᠠᠷᠬᠠᠭᠠᠨ ᠦᠭᠪᠡ᠃ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠣᠯᠠᠮ ᠨᠢᠭᠡ ᠠᠯᠬᠤᠮ ᠦᠷᠭᠡᠳᠭᠡᠵᠦ᠂ | ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 98.6% ᠳᠤ ᠬᠦᠷᠴᠦ᠂ ᠬᠤᠳᠠ ᠬᠦᠳᠡᠭᠡ | ᠶᠢᠨ ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠳᠠᠭᠠᠳᠬᠠᠯ ᠳᠤ ᠣᠷᠣᠬᠤ ᠵᠣᠬᠢᠰᠳᠠᠢ ᠶᠢ ᠨᠢ ᠪᠦᠬᠦᠨ ᠢ | ᠣᠷᠣᠭᠤᠯᠵᠣ᠂ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢ ᠰᠠᠷ᠎ᠠ ᠪᠦᠷᠢ 770 | ᠲᠦᠭᠦᠷᠢᠭ ᠪᠣᠯᠭᠠᠨ ᠳᠡᠭᠡᠭᠰᠢᠯᠡᠭᠦᠯᠪᠡ᠃ 704 ᠲᠦᠮᠡᠨ ᠲᠦᠭᠦᠷᠢᠭ ᠤᠨ ᠠᠰᠠᠷᠠᠨ ᠬᠠᠷᠠᠭᠠᠯᠵᠠᠬᠤ ᠪᠡᠯᠡ ᠮᠦᠩᠭᠦ | ᠲᠠᠷᠬᠠᠭᠠᠵᠣ᠂ ᠴᠡᠷᠢᠭ ᠠᠴᠠ ᠬᠠᠯᠠᠭᠳᠠᠭᠰᠠᠳ ᠪᠠ ᠪᠣᠰᠣᠳ ᠠᠰᠠᠷᠠᠨ ᠬᠠᠷᠠᠭᠠᠯᠵᠠᠬᠤ ᠡᠳᠡᠭᠡᠳ ᠤᠨ ᠬᠠᠣᠯᠢ ᠶᠣᠰᠣᠨ | ᠤ ᠡᠷᠭᠡ ᠠᠰᠢᠭ ᠢ ᠦᠨᠡᠨᠬᠦ ᠪᠠᠳᠣᠯᠠᠪᠠ᠃ ᠨᠠᠰᠣᠳᠠᠶᠢᠴᠣᠳ ᠢ ᠠᠰᠠᠷᠠᠬᠤ ᠦᠢᠯᠡᠴᠢᠯᠡᠭᠡ ᠬᠠᠩᠭᠠᠬᠤ ᠶᠢ | ᠲᠡᠭᠦᠯᠳᠡᠷᠵᠢᠭᠦᠯᠵᠦ᠂ ᠠᠯᠪᠠᠨ ᠠᠴᠠ ᠡᠷᠬᠢᠯᠡᠭᠰᠡᠨ ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠣᠮᠵᠢ | ᠶᠢᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ 1 ᠰᠣᠮᠣ ᠪᠠᠯᠭᠠᠰᠣᠨ ᠤ ᠱᠠᠳᠣᠨ ᠤ | ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠲᠦᠪ᠂ 3 ᠭᠠᠴᠠᠭ᠎ᠠ ᠲᠣᠰᠬᠤᠨ ᠤ ᠱᠠᠳᠣᠨ ᠤ ᠨᠠᠰᠣᠳᠠᠶᠢᠴᠣᠳ | ᠢ ᠠᠰᠠᠷᠠᠬᠤ ᠦᠢᠯᠡᠴᠢᠯᠡᠭᠡᠨ ᠤ ᠦᠷᠳᠡᠭᠡ ᠶᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ᠂ ᠭᠡᠷ ᠲᠤᠨᠢ ᠠᠰᠠᠷᠠᠬᠤ | ᠪᠠ ᠨᠡᠶᠢᠭᠡᠮ ᠲᠣᠭᠤᠷᠢᠭ ᠲᠤ ᠠᠰᠠᠷᠠᠬᠤ ᠦᠢᠯᠡᠴᠢᠯᠡᠭᠡᠨ ᠤ ᠪᠦᠷᠭᠦᠴᠡ ᠶᠢᠨ ᠨᠣᠷᠮ᠎ᠠ ᠶᠢ ᠪᠠᠳᠣᠳᠬᠠᠨ | ᠳᠡᠭᠡᠭᠰᠢᠯᠡᠭᠦᠯᠪᠡ᠃ ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠭᠡ ᠶᠢᠨ ᠠᠵᠢᠯ ᠤᠨ ᠭᠡᠷ ᠤᠨ ᠭᠠᠳᠠᠨᠠᠬᠢ | ᠬᠦᠳᠡᠯᠮᠦᠷᠢᠴᠢᠳ ᠤᠨ ᠦᠢᠯᠡᠴᠢᠯᠡᠭᠡᠨ ᠤ ᠦᠷᠳᠡᠭᠡ 17 ᠪᠣᠯᠵᠣ᠂ ᠭᠠᠶᠢᠯᠢ ᠶᠢᠨ ᠶᠠᠪᠣᠳᠠᠯ ᠤᠨ ᠦᠷᠳᠡᠭᠡ ᠪᠦᠬᠦ | ᠣᠯᠣᠰ ᠤᠨ ᠠᠵᠢᠯᠴᠢᠨ ᠤ ᠶᠡᠷᠦᠩᠭᠡᠢ ᠡᠪᠯᠡᠯ ᠤᠨ 2023 ᠣᠨ ᠤ ︽ᠬᠠᠮᠤᠭ ᠭᠤᠶᠣ ᠠᠵᠢᠯᠴᠢᠨ ᠤ ᠡᠪᠯᠡᠯ ᠤᠨ | ᠭᠡᠷ ᠤᠨ ᠭᠠᠳᠠᠨᠠᠬᠢ ᠬᠦᠳᠡᠯᠮᠦᠷᠢᠴᠢᠳ ᠤᠨ ᠦᠢᠯᠡᠴᠢᠯᠡᠭᠡᠨ ᠤ ᠦᠷᠳᠡᠭᠡ︾ ᠪᠠᠷ ᠲᠣᠳᠣᠷᠠᠪᠠ᠃ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠭᠠᠩ ᠤᠨ ᠪᠠᠶᠢᠳᠠᠯ ᠢ ᠠᠷᠭᠠᠴᠠᠭᠠᠵᠣ᠂ ᠡᠯ᠎ᠡ ᠱᠠᠳᠣᠨ ᠤ ᠭᠠᠩ ᠲᠠᠢ | ᠲᠡᠮᠡᠴᠡᠵᠦ ᠭᠠᠮᠰᠢᠭ ᠠᠴᠠ ᠠᠪᠣᠷᠠᠬᠤ ᠪᠡᠯᠡ ᠮᠦᠩᠭᠦ 1160 ᠲᠦᠮᠡᠨ ᠲᠦᠭᠦᠷᠢᠭ ᠢ ᠲᠡᠮᠡᠴᠡᠨ ᠣᠯᠵᠣ᠂ 3212 | ᠲᠣᠨ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠵᠦ ᠨᠦᠭᠡᠴᠡᠯᠡᠨ᠂ ᠡᠳᠦᠷ ᠤᠨ ᠲᠡᠵᠢᠭᠡᠯ ᠪᠣᠷᠳᠤᠭ᠎ᠠ ᠶᠢ | ᠬᠤᠯᠢᠵᠣ ᠲᠣᠬᠢᠷᠠᠭᠤᠯᠬᠤ 5 ᠦᠢᠯᠡᠳᠪᠦᠷᠢᠯᠡᠯ ᠤᠨ ᠰᠠᠭᠤᠷᠢᠨ ᠭᠠᠵᠠᠷ ᠢ ᠠᠰᠢᠭᠯᠠᠯᠳᠠ ᠳᠤ ᠣᠷᠣᠭᠤᠯᠵᠣ᠂ ︽ᠭᠠᠩ | ᠲᠠᠢ ᠲᠡᠮᠡᠴᠡᠬᠦ ᠵᠢᠭᠡᠯᠡᠯᠭᠡ︾ ︽ᠪᠠᠳᠣᠯᠠᠨ ᠳᠠᠭᠠᠭᠠᠬᠤ ᠵᠢᠭᠡᠯᠡᠯᠭᠡ︾ ᠶᠢᠨ ᠲᠦᠷᠦ ᠶᠢᠨ ᠪᠣᠳᠣᠯᠭ᠎ᠠ ᠳᠤ ᠲᠦᠰᠢᠭᠯᠡᠨ᠂ | 16.85 ᠲᠦᠮᠡᠨ ᠵᠠᠬᠢᠶᠠᠯᠠᠭ᠎ᠠ ᠶᠢᠨ ᠢᠳᠡᠰᠢᠨ ᠤ ᠬᠤᠨᠢ ᠶᠢ ᠵᠠᠬ᠎ᠠ ᠳᠡᠯᠭᠡᠭᠦᠷ ᠤᠨ ᠦᠨ᠎ᠡ ᠠᠴᠠ ᠵᠢᠩ ᠪᠦᠷᠢ | ᠳᠡᠭᠡᠨ 0.5 ᠲᠦᠭᠦᠷᠢᠭ ᠦᠨᠳᠦᠷ ᠢᠶᠠᠷ ᠬᠤᠳᠠᠯᠳᠣᠵᠣ᠂ ᠭᠠᠮᠰᠢᠭᠳᠠᠭᠰᠠᠨ ᠮᠠᠯᠴᠢᠨ ᠲᠠᠷᠢᠶᠠᠴᠢᠳ ᠤᠨ ᠮᠠᠯ ᠤᠨ | ᠭᠠᠷᠭᠠᠯᠳᠠ ᠬᠢᠬᠦ᠂ ᠲᠡᠵᠢᠭᠡᠯ ᠡᠪᠡᠰᠦ ᠪᠣᠷᠳᠤᠭ᠎ᠠ ᠬᠤᠳᠠᠯᠳᠣᠨ ᠠᠪᠬᠤ ᠵᠢᠴᠢ ᠠᠵᠣ ᠠᠬᠤᠶᠢᠯᠠᠯ ᠤᠨ ᠪᠡᠯᠡ ᠮᠦᠩᠭᠦ | ᠴᠣᠭᠯᠠᠭᠤᠯᠬᠤ ᠬᠦᠴᠢᠷᠳᠡᠯ ᠢ ᠨᠢ ᠦᠨᠡᠨᠬᠦ ᠰᠢᠢᠳᠪᠦᠷᠢᠯᠡᠪᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠦᠭᠵᠢᠪᠡ᠃ | 321 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠣᠯᠠᠨ ᠴᠢᠳᠠᠪᠬᠢᠳᠣ ᠪᠡᠶ᠎ᠡ ᠴᠢᠬᠢᠷᠠᠭᠵᠢᠭᠤᠯᠬᠤ ᠣᠷᠳᠣᠨ ᠪᠠ | ᠮᠦᠰᠦ ᠳᠡᠰᠢᠬᠦ ᠲᠠᠯᠠᠪᠠᠢ ᠶᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠰᠢᠩᠭᠡᠯᠢᠭ ᠬᠡᠯᠪᠡᠷᠢ | ᠶᠢᠨ ᠲᠠᠪᠣᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠲᠠᠯᠠᠪᠠᠢ 1᠂ ᠰᠢᠨ᠎ᠡ ᠮᠠᠯᠵᠢᠬᠤ ᠣᠷᠣᠨ ᠤ ᠣᠯᠠᠨ | ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠴᠡᠭ 7 ᠶᠢ ᠰᠢᠨ᠎ᠡ ᠪᠠᠷ ᠪᠠᠶᠢᠭᠤᠯᠵᠣ᠂ ᠪᠦᠬᠦ ᠣᠷᠣᠨ ᠤ | ᠣᠯᠠᠭᠠᠠᠮᠦ᠋ᠴᠢᠷ ᠤᠨ ᠰᠠᠷ᠎ᠠ ᠶᠢᠨ ᠠᠵᠢᠯᠯᠠᠭ᠎ᠠ᠂ ᠮᠢᠭᠮᠡᠨ ᠰᠢᠳᠠᠷ᠎ᠠ ᠶᠢᠨ ᠣᠷᠢᠯᠭ᠎ᠠ ᠶᠢᠨ ᠣᠷᠣᠯᠳᠣᠭᠠᠨ ᠪᠠ ᠪᠦᠬᠦ | ᠠᠶᠢᠮᠠᠭ ᠤᠨ ᠰᠣᠷ ᠬᠠᠷᠪᠣᠯᠳᠠ ᠶᠢᠨ ᠣᠷᠣᠯᠳᠣᠭᠠᠨ ᠢ ᠳᠠᠭᠠᠭᠠᠴᠢᠯᠠᠨ ᠡᠷᠬᠢᠯᠡᠵᠦ᠂ ᠠᠩᠬᠠᠳᠣᠭᠠᠷ ᠬᠤᠭᠤᠴᠠᠭᠠᠨ ᠤ | ᠰᠣᠶᠣᠯ ᠤᠨ ᠡᠭᠦᠳᠦᠯᠳᠡ ᠶᠢᠨ ᠣᠷᠣᠯᠳᠣᠭᠠᠨ ᠲᠠᠯ᠎ᠠ ᠨᠣᠳᠤᠭ ᠤᠨ ᠨᠠᠶᠢᠷᠠᠯ ᠳᠠᠭᠤᠣ ᠶᠢᠨ ᠨᠠᠶᠢᠷ᠂ ᠬᠤᠶᠠᠳᠣᠭᠠᠷ | ᠬᠤᠭᠤᠴᠠᠭᠠᠨ ᠤ ︽ᠪᠠᠶᠠᠯᠢᠭ ᠰᠠᠶᠢᠬᠠᠨ ᠰᠦᠨᠢᠳ︾ ᠪᠡᠶ᠎ᠡ ᠲᠠᠮᠢᠷ ᠤᠨ ᠴᠣᠭᠯᠠᠭᠠᠨ ᠵᠡᠷᠭᠡ ᠣᠯᠠᠨ ᠲᠦᠮᠡᠨᠴᠢ | ᠰᠣᠶᠣᠯ ᠲᠠᠮᠢᠷ ᠤᠨ ᠬᠦᠳᠡᠯᠭᠡᠭᠡᠨ ᠢ ᠡᠷᠬᠢᠯᠡᠵᠦ᠂ ᠪᠦᠬᠦ ᠬᠤᠰᠢᠭᠤᠨ ᠤ ᠭᠤᠷᠪᠠᠳᠣᠭᠠᠷ ᠳᠡᠰ ᠤᠨ ᠣᠯᠠᠨ ᠨᠡᠶᠢᠳᠡ | ᠶᠢᠨ ᠪᠡᠶ᠎ᠡ ᠲᠠᠮᠢᠷ ᠤᠨ ᠲᠦᠬᠦᠭᠡᠷᠦᠮᠵᠢ ᠶᠢᠨ ᠪᠦᠷᠬᠦᠴᠡ ᠶᠢᠨ ᠨᠣᠷᠮ᠎ᠠ ᠪᠠ ᠬᠤᠳᠠ ᠪᠠᠯᠭᠠᠰᠣᠨ ᠤ ᠨᠠᠶᠢᠭᠡᠮ | ᠲᠣᠭᠤᠷᠢᠭ ᠤᠨ ︽15 ᠮᠢᠨᠦ᠋ᠲ ᠤᠨ ᠪᠡᠶ᠎ᠡ ᠴᠢᠬᠢᠷᠠᠭᠵᠢᠭᠤᠯᠬᠤ ᠲᠣᠭᠤᠷᠢᠭ︾ ᠤᠨ ᠪᠦᠷᠬᠦᠴᠡ ᠶᠢᠨ ᠨᠣᠷᠮ᠎ᠠ | ᠴᠦᠮ 100% ᠳᠤ ᠬᠦᠷᠴᠦ᠂ ᠰᠣᠶᠣᠯ ᠤᠨ ᠣᠷᠳᠣᠨ᠂ ᠨᠣᠮ ᠤᠨ ᠰᠠᠩ ᠤᠨ ᠴᠢᠳᠠᠪᠬᠢ ᠡᠳᠦᠷ ᠢᠷᠡᠭᠦᠶ᠎ᠡ | ᠲᠡᠭᠦᠯᠳᠡᠷᠵᠢᠵᠦ᠂ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ | ᠳᠡᠭᠡᠭᠰᠢᠯᠡᠪᠡ᠃ ᠣᠯᠠᠭᠠᠠᠮᠦ᠋ᠴᠢᠷ ᠣᠷᠢᠯᠭ᠎ᠠ ᠪᠠᠷ 2023 ᠣᠨ ᠤ ᠲᠦᠪ ᠤᠨ ᠷᠠᠳᠢᠤ᠋ ᠲᠧᠯᠸᠢᠰ ᠤᠨ ᠶᠡᠷᠦᠩᠭᠡᠢ | ᠬᠤᠷᠢᠶᠠᠨ ᠤ ᠴᠠᠭᠠᠨ ᠰᠠᠷ᠎ᠠ ᠶᠢᠨ ᠬᠠᠮᠳᠣᠷᠠᠭᠰᠠᠨ ᠦᠳᠡᠰᠢᠯᠡᠭᠡ ᠳᠤ ᠣᠷᠣᠯᠴᠠᠵᠣ᠂ ᠦᠪᠦᠷ ᠮᠣᠩᠭᠤᠯ ᠤᠨ ᠲᠧᠯᠸᠢᠰ | ᠬᠤᠷᠢᠶ᠎ᠠ ᠲᠠᠢ ᠬᠠᠮᠳᠣᠷᠠᠨ ᠣᠯᠠᠭᠠᠠᠮᠦ᠋ᠴᠢᠷ ᠤᠨ ᠷᠠᠳᠢᠤ᠋ ᠵᠦᠴᠦᠭᠡ ︽ᠰᠠᠯᠬᠢᠨ ᠤ ᠠᠶᠠᠰ ᠢᠶᠠᠷ ᠣᠯᠠᠭᠠᠨ ᠲᠤᠭ | ᠨᠠᠮᠢᠷᠠᠨᠠᠮ︾ ᠢ ᠰᠡᠭᠦᠳᠡᠷᠯᠡᠵᠦ ᠳᠠᠭᠤᠰᠬᠠᠨ᠂ ᠬᠤᠨᠠᠨ᠂ ᠯᠢᠶᠣᠣᠨᠢᠩ᠂ ᠬᠠᠶᠢᠨᠠᠨ᠂ ᠶᠦᠨᠨᠡᠨ ᠵᠡᠷᠭᠡ 4 ᠮᠣᠵᠢ ᠶᠢᠨ | ᠣᠳᠬ᠎ᠠ ᠣᠷᠠᠯᠢᠭ ᠤᠨ ᠠᠵᠢᠯᠳᠠᠳ ᠲᠠᠢ ᠬᠠᠮᠳᠣᠪᠡᠷ ᠬᠤᠨᠠᠨ ᠮᠣᠵᠢ ᠳᠤ ᠬᠦᠷᠴᠦ ᠣᠳᠬ᠎ᠠ ᠣᠷᠠᠯᠢᠭ ᠤᠨ ᠰᠠᠶᠢᠨ | ᠲᠣᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠶᠢ ᠦᠷᠨᠢᠭᠦᠯᠵᠦ᠂ ᠱᠧᠨᠵᠧᠨ ᠤ ᠨᠠᠨᠱᠠᠨ ᠤ ᠳᠠᠭᠤᠣ ᠬᠦᠭᠵᠢᠮ ᠤᠨ | ᠪᠠᠶᠠᠷ ᠲᠤ ᠬᠦᠷᠴᠦ ᠰᠣᠶᠣᠯ ᠤᠨ ᠰᠣᠯᠢᠯᠴᠠᠭ᠎ᠠ ᠦᠷᠨᠢᠭᠦᠯᠵᠦ᠂ ︽ᠵᠠᠭᠤᠨ ᠪᠦᠯᠬᠦᠮ ᠮᠢᠩᠭᠠᠨ ᠲᠠᠯᠠᠪᠠᠢ︾ ︽ᠨᠠᠮ | ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠵᠡᠷᠭᠡ ᠭᠤᠣᠯ ᠰᠡᠳᠦᠪ ᠤᠨ | ᠲᠣᠭᠤᠷᠢᠨ ᠳᠤ 132 ᠲᠠᠯᠠᠪᠠᠢ ︵ᠣᠳᠠᠭ᠎ᠠ︶ ᠲᠣᠭᠯᠠᠯᠳᠠ ᠭᠠᠷᠭᠠᠵᠣ᠂ ᠪᠦᠬᠦ ᠣᠯᠣᠰ ᠤᠨ ᠠᠵᠢᠯᠴᠢᠨ ᠤ | ᠶᠡᠷᠦᠩᠭᠡᠢ ᠡᠪᠯᠡᠯ ᠠᠴᠠ ︽ᠪᠦᠬᠦ ᠣᠯᠣᠰ ᠤᠨ ᠲᠠᠪᠦ ᠨᠢᠭᠡ ᠬᠦᠳᠡᠯᠮᠦᠷᠢ ᠶᠢᠨ ᠱᠠᠩᠨᠠᠯ︾ ᠢ ᠣᠯᠭᠤᠵᠣ᠂ ᠪᠦᠬᠦ | ᠣᠯᠣᠰ ᠤᠨ ᠨᠢᠭᠡᠳᠦᠭᠡᠷ ᠪᠦᠯᠦᠭ ᠤᠨ ︽ᠨᠢᠭᠡ ᠰᠢᠶᠠᠨ ᠨᠢᠭᠡ ᠪᠦᠲᠦᠭᠡᠯ︾ ᠤᠨ ᠣᠨᠴᠠᠯᠢᠭᠳᠣ ᠰᠣᠶᠣᠯ ᠣᠷᠠᠯᠢᠭ | ᠤᠨ ᠨᠡᠶᠢᠳᠡᠯᠢᠭ ᠵᠢᠱᠢᠶ᠎ᠡ ᠪᠠᠷ ᠰᠣᠩᠭᠤᠭᠳᠠᠪᠠ᠃ ᠬᠤᠰᠢᠭᠤ ᠣᠳᠬ᠎ᠠ ᠣᠷᠠᠯᠢᠭ ᠤᠨ ᠬᠤᠯᠪᠣᠭ᠎ᠠ ᠪᠦᠬᠦ ᠣᠷᠣᠨ ᠤ | ᠦᠨᠳᠦᠰᠦᠨ ᠱᠠᠳᠣᠨ ᠤ ᠣᠳᠬ᠎ᠠ ᠣᠷᠠᠯᠢᠭ ᠤᠨ ᠲᠡᠷᠢᠭᠦᠨ ᠤ ᠬᠠᠮᠳᠣ ᠨᠢᠭᠡᠴᠡ᠂ ᠣᠳᠬ᠎ᠠ ᠣᠷᠠᠯᠢᠭ ᠤᠨ ᠰᠠᠶᠢᠨ | ᠲᠣᠷ᠎ᠠ ᠶᠢᠨ ᠦᠢᠯᠡᠴᠢᠯᠡᠭᠡᠨ ᠤ ᠲᠡᠷᠢᠭᠦᠨ ᠤ ᠬᠠᠮᠳᠣ ᠨᠢᠭᠡᠴᠡ ᠪᠠᠷ ᠨᠡᠷᠡᠶᠢᠳᠦᠭᠳᠡᠵᠦ᠂ ᠵᠢᠪᠬᠤᠯᠠᠩᠳᠣ ᠶᠢᠨ ᠡᠾᠦ᠋ᠩᠨᠣ | ᠶᠢᠨ ᠦᠶ᠎ᠡ ᠶᠢᠨ ᠪᠣᠯᠠᠰᠢ ᠨᠤᠭᠤᠳ ᠨᠢ ᠵᠢᠷᠭᠤᠳᠣᠭᠠᠷ ᠪᠦᠯᠦᠭ ᠤᠨ ᠦᠪᠡᠷᠳᠡᠭᠡᠨ ᠵᠠᠰᠠᠬᠤ ᠣᠷᠣᠨ ᠤ ᠲᠡᠣᠭᠡ ᠶᠢᠨ | ᠳᠣᠷᠠᠰᠬᠠᠯᠳᠣ ᠵᠦᠢᠯᠡᠰ ᠤᠨ ᠬᠠᠮᠠᠭᠠᠯᠠᠯᠳᠠ ᠶᠢᠨ ᠨᠢᠭᠡᠴᠡ ᠪᠠᠷ ᠰᠣᠩᠭᠤᠭᠳᠠᠪᠠ᠃ | ᠨᠢᠭᠡ ᠵᠢᠯ ᠤᠨ ᠲᠣᠷᠰᠢ᠂ ᠪᠢᠳᠡ ᠭᠤᠣᠯ ᠰᠢᠵᠢᠮ ᠳᠤ ᠲᠦᠪᠯᠡᠷᠡᠭᠦᠯᠵᠦ᠂ ᠰᠠᠬᠢᠨ ᠪᠠᠷᠠᠯᠠᠵᠣ ᠬᠠᠷᠢᠯᠴᠠᠨ | ᠬᠠᠪᠰᠣᠷᠣᠯᠴᠠᠵᠣ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠠᠮᠣᠷ ᠲᠣᠭᠳᠠᠭᠤᠨ ᠪᠠᠶᠢᠳᠠᠯ ᠢᠶᠠᠨ ᠪᠠᠳᠣᠯᠠᠪᠠ᠃ | ᠣᠯᠣᠰ ᠤᠨ ᠶᠡᠷᠦᠩᠭᠡᠢ ᠠᠮᠣᠷ ᠲᠦᠪᠰᠢᠨ ᠤ ᠦᠵᠡᠯᠳᠡ ᠶᠢ ᠪᠠᠳᠣ ᠪᠠᠬᠢ ᠪᠣᠢ ᠪᠣᠯᠭᠠᠵᠣ᠂ ᠳᠣᠮᠳᠠᠳᠣ ᠶᠢᠨ | ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ | ᠭᠤᠣᠯ ᠰᠢᠵᠢᠮ ᠪᠣᠯᠭᠠᠬᠤ ᠶᠢ ᠪᠠᠷᠢᠮᠳᠠᠯᠠᠵᠣ᠂ ᠨᠡᠶᠢᠭᠡᠮ ᠤᠨ ᠠᠮᠣᠷ ᠲᠦᠪᠰᠢᠨ ᠤ ᠰᠢᠰᠲ᠋ᠧᠮ ᠪᠣᠯᠣᠨ ᠴᠢᠳᠠᠪᠣᠷᠢ ᠶᠢᠨ | ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠵᠦ᠂ ᠬᠠᠮᠳᠣᠪᠡᠷ ᠪᠠᠶᠢᠭᠤᠯᠬᠤ᠂ ᠬᠠᠮᠳᠣᠪᠡᠷ | ᠵᠠᠰᠠᠬᠤ᠂ ᠬᠠᠮᠳᠣᠪᠡᠷ ᠡᠳ᠋ᠯᠡᠬᠦ ᠨᠡᠶᠢᠭᠡᠮ ᠤᠨ ᠵᠠᠰᠠᠯᠳᠠ ᠶᠢᠨ ᠲᠦᠷᠢᠮ ᠢ ᠳᠡᠭᠦᠯᠳᠡᠷᠵᠢᠭᠦᠯᠵᠦ᠂ ᠡᠬᠡ ᠣᠯᠣᠰ ᠤᠨ | ᠣᠮᠠᠷᠠᠳᠣ ᠶᠢᠨ ᠠᠮᠣᠷ ᠲᠦᠪᠰᠢᠨ ᠲᠣᠭᠳᠠᠭᠤᠨ ᠤ ᠬᠠᠯᠬᠠᠪᠴᠢ ᠶᠢ ᠪᠠᠳᠣ ᠴᠣᠭᠴᠠᠯᠠᠪᠠ᠃ ᠣᠯᠣᠰ ᠤᠨ ᠣᠯᠣᠰ | ᠲᠦᠷᠦ ᠶᠢᠨ ᠠᠮᠣᠷ ᠲᠦᠪᠰᠢᠨ ᠢ ᠡᠷᠡᠰ ᠬᠠᠮᠠᠭᠠᠯᠠᠪᠠ᠃ ᠬᠦᠨᠳᠦ ᠶᠡᠭᠡ ᠠᠶᠣᠯ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠬᠦ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠣ᠂ ᠣᠯᠣᠰ ᠤᠨ ᠶᠡᠷᠦᠩᠭᠡᠢ ᠠᠮᠣᠷ | ᠲᠦᠪᠰᠢᠨ ᠤ ᠦᠵᠡᠯᠳᠡ ᠶᠢ ︽ᠳᠣᠯᠤᠭ᠎ᠠ ᠳᠤ ᠣᠷᠣᠭᠤᠯᠬᠤ︾ ᠠᠵᠢᠯᠯᠠᠭ᠎ᠠ ᠨᠢ ᠬᠦᠮᠦᠰ ᠤᠨ ᠰᠡᠳᠬᠢᠯ ᠳᠤ ᠬᠦᠨ | ᠬᠠᠳᠠᠩᠰᠢᠵᠣ᠂ ︽ᠨᠠᠢᠮᠠᠨ ᠶᠡᠭᠡ ᠬᠦᠷᠢᠶ᠎ᠡ ᠴᠠᠷ᠎ᠠ︾ ᠶᠢᠨ ᠠᠶᠣᠯ ᠲᠦᠭᠰᠢᠭᠦᠷᠢ ᠶᠢ ᠬᠠᠮᠢᠶᠠᠷᠣᠨ ᠡᠵᠡᠮᠳᠡᠬᠦ ᠠᠵᠢᠯ ᠢ | ᠰᠠᠶᠢᠳᠣᠷ ᠪᠡᠶᠡᠯᠡᠭᠦᠯᠪᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠶᠢᠨ ᠪᠠᠶᠢᠭᠤᠯᠣᠯ ᠤᠨ | ᠦᠭᠡᠷᠡᠴᠢᠯᠡᠯᠳᠡ ᠢᠯᠡᠳᠳᠡ ᠠᠮᠵᠢᠯᠳᠠ ᠣᠯᠵᠣ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠰᠢᠰᠲ᠋ᠧᠮ ᠤᠨ | ᠢᠯᠵᠢᠷᠠᠯ ᠤᠨ ᠠᠰᠠᠭᠤᠳᠠᠯ ᠢ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠠᠵᠢᠯ ᠢ ᠲᠣᠶᠢᠯᠪᠣᠷᠢᠳᠠᠢ ᠬᠢᠪᠡ᠃ ᠬᠢᠯᠢ | ᠬᠢᠵᠠᠭᠠᠷ ᠣᠷᠣᠨ ᠤ ︽ᠣᠰᠣ ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠤᠯᠪᠣᠭ᠎ᠠ︾ ᠶᠢᠨ ᠰᠠᠭᠤᠷᠢ ᠲᠦᠬᠦᠭᠡᠷᠦᠮᠵᠢ | ᠶᠢ ᠴᠡᠷᠢᠭ ᠤᠨ ᠭᠠᠵᠠᠷ ᠲᠠᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠣᠯᠳᠠ ᠶᠢᠨ ᠭᠤᠷᠪᠠᠨ ᠵᠢᠯ ᠤᠨ | ᠠᠵᠢᠯᠯᠠᠭ᠎ᠠ ᠶᠢ ᠡᠮᠬᠢ ᠵᠢᠷᠣᠮ ᠲᠠᠢ ᠠᠬᠢᠭᠤᠯᠵᠣ᠂ ᠴᠡᠷᠢᠭ ᠴᠠᠭᠳᠠᠭ᠎ᠠ ᠠᠷᠠᠳ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠬᠠᠮᠢᠶᠠᠷᠬᠤ ᠠᠷᠭ᠎ᠠ ᠭᠡᠯᠪᠡᠷᠢ ᠪᠠᠷ ᠬᠢᠯᠢ ᠪᠠᠨ ᠰᠠᠬᠢᠵᠣ ᠰᠡᠷᠭᠡᠶᠢᠯᠡᠯᠳᠡ ᠶᠢ ᠪᠠᠬᠢᠵᠢᠭᠦᠯᠵᠦ᠂ ᠬᠢᠯᠢ ᠪᠠᠨ | ᠬᠦᠴᠦᠷᠭᠡᠭᠵᠢᠭᠦᠯᠦᠨ ᠰᠡᠷᠭᠡᠶᠢᠯᠡᠯᠳᠡ ᠶᠢ ᠪᠠᠬᠢᠵᠢᠭᠦᠯᠦᠭᠰᠡᠨ ᠠᠵᠢᠯ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠰᠦᠨ ᠱᠣᠣ ᠴᠧᠩ ᠨᠦᠭᠦᠷ ᠤᠨ ᠦᠨᠡᠯᠡᠯᠳᠡ ᠶᠢ ᠣᠯᠪᠠ᠃ ᠦᠵᠡᠯ ᠣᠬᠠᠮᠰᠠᠷ ᠤᠨ ᠬᠡᠯᠪᠡᠷᠢ | ᠶᠢᠨ ᠬᠦᠷᠢᠶ᠎ᠡ ᠴᠠᠷ᠎ᠠ ᠠᠮᠣᠷ ᠲᠦᠪᠰᠢᠨ ᠪᠠᠶᠢᠵᠣ᠂ ᠢᠳᠡᠪᠬᠢᠳᠠᠢ ᠪᠠᠷ ᠴᠣᠬᠢᠯᠳᠠ ᠦᠭᠴᠦ᠂ ᠨᠡᠪᠴᠢᠯᠳᠠ ᠬᠢᠬᠦ ᠶᠢ | ᠡᠰᠡᠷᠭᠦᠴᠡᠵᠦ᠂ ᠭᠡᠳᠦᠷᠡᠮᠡᠭᠡᠢ ᠪᠠᠶᠢᠳᠠᠯ ᠢ ᠬᠤᠷᠢᠭᠯᠠᠵᠣ᠂ ᠣᠯᠣᠰ ᠤᠨ ᠣᠯᠣᠰ ᠲᠦᠷᠦ ᠶᠢᠨ ᠠᠮᠣᠷ ᠲᠦᠪᠰᠢᠨ᠂ | ᠬᠢᠯᠢ ᠬᠢᠵᠠᠭᠠᠷ ᠤᠨ ᠠᠮᠣᠷ ᠲᠣᠭᠳᠠᠭᠤᠨ ᠢ ᠦᠨᠡᠨᠬᠦ ᠬᠠᠮᠠᠭᠠᠯᠠᠪᠠ᠃ ᠦᠨᠳᠦᠰᠦᠳᠡᠨ ᠤ ᠪᠦᠯᠬᠦᠮᠳᠡᠯ ᠢ ᠡᠭᠦᠳᠦᠨ | ᠪᠠᠶᠢᠭᠤᠯᠬᠤ ᠠᠵᠢᠯ ᠢ ᠯᠠᠪᠳᠠᠭᠤᠨ ᠪᠠᠳᠣᠳᠠᠢ ᠬᠦᠨᠵᠡᠭᠡᠶᠢᠷᠡᠭᠦᠯᠪᠡ᠃ ᠪᠦᠬᠦ ᠣᠯᠣᠰ ᠤᠨ ᠦᠨᠳᠦᠰᠦᠳᠡᠨ ᠤ | ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠣ᠂ | ︽1815︾ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠤᠨ ᠭᠡᠪ ᠵᠠᠭᠪᠣᠷ ᠢ ᠰᠦᠪᠡᠭᠴᠢᠯᠡᠨ | ᠪᠠᠶᠢᠭᠤᠯᠵᠣ᠂ ︽ᠣᠯᠠᠭᠠᠠᠮᠦ᠋ᠴᠢᠷ︾ ︽ᠣᠯᠠᠭᠠᠨ ᠪᠢᠴᠢᠭ ᠤᠨ ᠪᠣᠭᠴᠣ︾ ᠪᠠ ︽ᠣᠯᠣᠰ ᠤᠨ ᠭᠡᠣᠭᠡᠳ︾ ᠤᠨ | ᠬᠢᠴᠢᠶᠡᠯ ᠤᠨ ᠲᠢᠩᠭᠢᠮ ᠵᠡᠷᠭᠡ ᠨᠢᠭᠡ ᠪᠦᠯᠦᠭ ᠣᠮᠠᠷᠠᠳᠣ ᠬᠢᠯᠢ ᠶᠢᠨ ᠰᠣᠶᠣᠯ ᠤᠨ ᠨᠡᠷᠡᠲᠦ ᠲᠡᠮᠳᠡᠭᠳᠦ ᠶᠢ | ᠣᠯᠠᠮᠵᠢᠯᠠᠨ ᠡᠭᠦᠳᠴᠦ᠂ ᠡᠯ᠎ᠡ ᠲᠦᠷᠦᠯ ᠤᠨ ᠠᠵᠢᠯᠯᠠᠭ᠎ᠠ ᠶᠢ ᠦᠷᠨᠢᠭᠦᠯᠵᠦ ᠦᠨᠳᠦᠰᠦᠳᠡᠨ ᠨᠦᠭᠦᠳ ᠤᠨ ᠣᠯᠠᠨ | ᠲᠦᠮᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠠᠯ ᠢ ᠲᠠᠰᠣᠷᠠᠯᠳᠠ ᠦᠭᠡᠢ ᠠᠬᠢᠭᠤᠯᠪᠠ᠃ ᠮᠠᠨ ᠤ ᠬᠤᠰᠢᠭᠤ ᠨᠢ | ᠠᠷᠪᠠᠨ ᠨᠢᠭᠡᠳᠦᠭᠡᠷ ᠪᠦᠯᠦᠭ ᠤᠨ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ | ᠦᠵᠡᠭᠦᠯᠬᠦ ᠬᠤᠰᠢᠭᠤ ᠪᠠᠷ ᠨᠠᠷᠠᠶᠢᠳᠦᠭᠳᠡᠵᠦ᠂ ᠣᠯᠠᠭᠠᠠᠮᠦ᠋ᠴᠢᠷ ᠨᠢ ᠪᠦᠬᠦ ᠣᠷᠣᠨ ᠤ ᠠᠩᠬᠠᠳᠠᠭᠴᠢ ᠪᠦᠯᠦᠭ ᠤᠨ | ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠬᠦᠮᠦᠵᠢᠯ | ᠦᠢᠯᠡᠳᠦᠯᠭᠡ ᠶᠢᠨ ᠰᠠᠭᠤᠷᠢᠨ ᠭᠠᠵᠠᠷ ᠢᠶᠠᠷ ᠲᠠᠨᠢᠯᠴᠠᠭᠤᠯᠣᠭᠳᠠᠪᠠ᠃ ︽ᠭᠤᠷᠪᠠᠨ ᠮᠢᠩᠭᠠᠨ ᠦᠨᠦᠴᠢᠨ ᠭᠡᠣᠭᠡᠳ ᠢ | ᠦᠪᠦᠷ ᠮᠣᠩᠭᠤᠯ ᠦᠷᠡᠴᠢᠯᠡᠨ ᠲᠡᠵᠢᠭᠡᠭᠰᠡᠨ︾᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠦᠯᠦᠭᠡ ᠮᠠᠯᠴᠢᠳ ᠢ | ᠨᠡᠭᠦᠯᠭᠡᠨ ᠰᠢᠯᠵᠢᠭᠦᠯᠦᠭᠰᠡᠨ᠂ ᠦᠢᠯᠡᠳᠪᠦᠷᠢᠯᠡᠯ ᠪᠠᠶᠢᠭᠤᠯᠣᠯᠳᠠ ᠶᠢᠨ ᠪᠢᠩᠲ᠋ᠣᠸᠠᠨ ᠬᠢᠯᠢ ᠬᠢᠵᠠᠭᠠᠷ ᠢ ᠳᠣᠰᠠᠯᠠᠭᠰᠠᠨ | ᠵᠡᠷᠭᠡ ᠦᠨᠳᠦᠰᠦᠳᠡᠨ ᠤ ᠪᠦᠯᠬᠦᠮᠳᠡᠯ ᠤᠨ ᠰᠡᠳᠬᠢᠯ ᠬᠦᠳᠡᠯᠭᠡᠮ᠎ᠡ ᠦᠢᠯᠡ ᠠᠵᠢᠯᠯᠠᠭ᠎ᠠ ᠶᠢ ᠶᠡᠬᠡᠪᠡᠷ ᠠᠭᠤᠳᠠᠯᠠᠨ | ᠪᠠᠳᠠᠷᠠᠭᠤᠯᠵᠣ᠂ ᠦᠨᠳᠦᠰᠦᠳᠡᠨ ᠪᠦᠯᠬᠦᠮᠳᠡᠭᠰᠡᠨ᠂ ᠨᠡᠶᠢᠭᠡᠮ ᠡᠶ᠎ᠡ ᠵᠣᠬᠢᠴᠠᠯ ᠲᠠᠢ᠂ ᠬᠢᠯᠢ ᠬᠢᠵᠠᠭᠠᠷ ᠠᠮᠣᠷ | ᠲᠣᠭᠳᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠣᠯᠠᠮ ᠪᠠᠳᠣᠳᠬᠠᠪᠠ᠃ ᠬᠢᠯᠢ ᠬᠢᠵᠠᠭᠠᠷ ᠢ ᠬᠦᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠳᠠᠢ ᠠᠬᠢᠭᠤᠯᠵᠣ᠂ ᠵᠢᠯ ᠤᠨ ᠲᠣᠳᠣᠷ᠎ᠠ ᠴᠦᠭᠡᠨ | ᠲᠣᠭᠠᠳᠣ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ 1263 ᠲᠦᠮᠡᠨ ᠲᠦᠭᠦᠷᠢᠭ ᠢ ᠲᠡᠮᠡᠴᠡᠨ ᠣᠯᠵᠣ᠂ | ᠬᠢᠯᠢ ᠬᠢᠵᠠᠭᠠᠷ ᠣᠷᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠬᠦᠴᠦᠳᠠᠢ ᠪᠠᠳᠣᠯᠠᠭ᠎ᠠ ᠬᠠᠩᠭᠠᠪᠠ᠃ | ᠦᠷᠢ ᠰᠢᠷᠢ ᠶᠢᠨ ᠲᠦᠭᠰᠢᠭᠦᠷᠢ ᠶᠢ ᠪᠦᠲᠦᠮᠵᠢᠳᠠᠢ ᠰᠡᠷᠭᠡᠶᠢᠯᠡᠪᠡ᠃ ᠡᠳ᠋ ᠤᠨ ᠬᠦᠴᠦᠨ ᠤ ᠬᠦᠴᠢᠷᠳᠠᠯ ᠢ ᠢᠯᠠᠨ | ᠳᠠᠪᠠᠵᠣ᠂ ᠣᠷᠣᠨ ᠨᠣᠳᠤᠭ ᠤᠨ ᠵᠠᠰᠠᠭ ᠤᠨ ᠣᠷᠳᠣᠨ ᠤ ᠳᠠᠯᠳᠠ ᠦᠷᠢ 1.77 ᠳ᠋ᠦᠩᠰᠢᠭᠤᠷ ᠲᠦᠭᠦᠷᠢᠭ ᠢ | ᠲᠦᠯᠦᠵᠦ᠂ ᠣᠨ ᠤ ᠡᠭᠦᠷᠭᠡ ᠶᠢᠨ 120% ᠶᠢ ᠪᠡᠶᠡᠯᠡᠭᠦᠯᠪᠡ︔ ᠪᠡᠯᠡ ᠴᠣᠭᠯᠠᠭᠤᠯᠬᠤ ᠵᠢᠭᠡᠯᠡᠯᠭᠡ ᠶᠢᠨ ᠲᠡᠮᠳᠡᠭᠳᠦ | ᠶᠢ ᠢᠳᠡᠪᠬᠢᠳᠠᠢ ᠲᠡᠮᠡᠴᠡᠨ ᠣᠯᠵᠣ᠂ 6.48 ᠳ᠋ᠦᠩᠰᠢᠭᠤᠷ ᠲᠦᠭᠦᠷᠢᠭ ᠤᠨ ᠰᠢᠨ᠎ᠡ ᠪᠠᠷ ᠪᠠᠶᠢᠴᠠᠭᠠᠨ ᠭᠠᠷᠭᠠᠭᠰᠠᠨ | ᠦᠷᠢᠳᠦᠵᠦ ᠪᠠᠶᠢᠭ᠎ᠠ ᠠᠵᠣ ᠠᠬᠤᠶᠢᠯᠠᠯ ᠤᠨ ᠳᠠᠩᠰᠠ ᠶᠢ ᠪᠦᠬᠦᠨ ᠢ ᠪᠣᠳᠣᠬᠤ ᠶᠢ ᠣᠷᠢᠳᠴᠢᠯᠠᠨ ᠪᠡᠶᠡᠯᠡᠭᠦᠯᠪᠡ᠃ | ᠡᠩ ᠤᠨ ᠵᠢᠭᠡᠯᠡᠯᠭᠡ ᠶᠢᠨ ᠲᠡᠮᠳᠡᠭᠳᠦ᠂ ᠲᠣᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠳᠦ 1.2 ᠳ᠋ᠦᠩᠰᠢᠭᠤᠷ | ᠲᠦᠭᠦᠷᠢᠭ᠂ ᠡᠯ᠎ᠡ ᠲᠦᠷᠦᠯ ᠤᠨ ᠰᠢᠯᠵᠢᠭᠦᠯᠦᠨ ᠦᠭᠭᠦᠭᠰᠡᠨ 14.9 ᠳ᠋ᠦᠩᠰᠢᠭᠤᠷ ᠲᠦᠭᠦᠷᠢᠭ ᠢ ᠲᠡᠮᠡᠴᠡᠨ ᠣᠯᠵᠣ᠂ | ᠲᠣᠰᠪᠦᠷᠢ 24% ᠪᠠ 4.5% ᠪᠠᠷ ᠨᠡᠮᠡᠭᠳᠡᠵᠦ᠂ ᠠᠷᠠᠳ ᠤᠨ ᠠᠮᠢᠳᠣᠷᠠᠯ ᠤᠨ ᠭᠤᠣᠯᠳᠠᠯᠭ᠎ᠠ ᠲᠠᠢ ᠲᠦᠷᠦᠯ | ᠵᠦᠢᠯ ᠪᠣᠯᠣᠨ ︽ᠭᠤᠷᠪᠠᠨ ᠪᠠᠳᠣᠯᠠᠭ᠎ᠠ︾ ᠶᠢᠨ ᠡᠷᠭᠡᠪᠰᠢ ᠵᠠᠷᠣᠬᠤ ᠵᠠᠷᠣᠯᠭ᠎ᠠ ᠶᠢ ᠴᠢᠷᠮᠠᠶᠢᠨ ᠪᠠᠳᠣᠯᠠᠪᠠ᠃ | ᠠᠮᠣᠭᠤᠯᠠᠩᠳᠣ ᠪᠠᠷᠠᠭᠤᠨ ᠰᠦᠨᠢᠳ ᠤᠨ ᠪᠠᠶᠢᠭᠤᠯᠣᠯᠳᠠ ᠶᠢᠨ ᠦᠷ᠎ᠡ ᠪᠦᠲᠦᠮᠵᠢ ᠢᠯᠡᠳᠳᠡ ᠳᠡᠭᠡᠭᠰᠢᠯᠡᠪᠡ᠃ ᠡᠷᠡᠭᠦᠦ | ᠶᠢᠨ ᠭᠡᠷᠡᠭ᠂ ᠠᠮᠣᠷ ᠢ ᠬᠠᠮᠠᠭᠠᠯᠠᠬᠤ ᠬᠡᠷᠡᠭ ᠲᠣᠰᠪᠦᠷᠢ 149 ᠬᠡᠷᠡᠭ᠂ 232 ᠬᠡᠷᠡᠭ ᠢ ᠬᠡᠷᠡᠭ ᠪᠣᠯᠭᠠᠨ | ᠳᠠᠩᠰᠠᠯᠠᠵᠣ᠂ ︽ᠬᠤᠣᠰ ᠪᠠᠭᠤᠷᠠᠯᠳᠠ︾ ᠶᠢ ᠪᠡᠶᠡᠯᠡᠭᠦᠯᠵᠦ᠂ ᠭᠤᠷᠪᠠᠨ ᠵᠢᠯ ᠳᠠᠷᠠᠭᠠᠯᠠᠨ ᠠᠮᠢᠨ ᠬᠡᠷᠡᠭ ᠭᠠᠷᠣᠭᠰᠠᠨ | ᠦᠭᠡᠢ ᠪᠠᠶᠢᠵᠣ᠂ ᠨᠡᠶᠢᠭᠡᠮ ᠤᠨ ᠠᠮᠣᠷ ᠢ ᠬᠠᠮᠠᠭᠠᠯᠠᠬᠤ ᠠᠵᠢᠯ ᠳᠠᠬᠢ ᠣᠯᠠᠨ ᠲᠦᠮᠡᠨ ᠤ ᠬᠠᠨᠣᠮᠵᠢ ᠶᠢᠨ ᠬᠡᠮᠵᠢᠶ᠎ᠡ | 99.7% ᠳᠤ ᠬᠦᠷᠪᠡ᠃ ︽7.06︾ ᠣᠯᠣᠰ ᠤᠨ ᠭᠤᠣᠯᠳᠠᠯᠭ᠎ᠠ ᠲᠠᠢ ᠬᠠᠮᠠᠭᠠᠯᠠᠯᠳᠠ ᠶᠢᠨ ᠣᠷᠭᠤᠮᠠᠯ ᠳᠤ | ᠬᠦᠨᠦᠭᠡᠯ ᠣᠴᠠᠷᠠᠭᠤᠯᠣᠭᠰᠠᠨ ᠣᠨᠴᠠ ᠶᠡᠭᠡ ᠬᠡᠷᠡᠭ ᠢ ᠢᠯᠡᠷᠡᠭᠦᠯᠦᠨ ᠡᠪᠳᠡᠵᠦ᠂ ᠮᠡᠷᠭᠡᠵᠢᠯ ᠤᠨ ᠪᠠᠶᠢᠯᠳᠣᠬᠤ ᠠᠷᠭ᠎ᠠ | ᠶᠢ ᠲᠣᠳᠣᠭᠠᠳᠣ ᠶᠢ ᠬᠠᠮᠠᠭᠠᠯᠠᠬᠤ ᠶᠠᠮᠣᠨ ᠠᠴᠠ ᠪᠦᠬᠦ ᠣᠯᠣᠰ ᠲᠤ ᠲᠦᠭᠡᠮᠡᠯᠵᠢᠭᠦᠯᠪᠡ᠃ ᠲᠠᠬᠢᠨ ᠲᠠᠪᠳᠠᠨ ᠵᠠᠬᠢᠳᠠᠯ | ᠰᠣᠷᠪᠣᠯᠵᠢᠯᠠᠭ᠎ᠠ ᠬᠢᠬᠦ ᠶᠢ ᠲᠦᠪᠯᠡᠷᠡᠭᠦᠯᠦᠨ ᠵᠠᠰᠠᠬᠤ᠂ ᠵᠠᠬᠢᠳᠠᠯ ᠰᠣᠷᠪᠣᠯᠵᠢᠯᠠᠭ᠎ᠠ ᠶᠢᠨ ᠳᠠᠷᠣᠭᠳᠠᠮᠠᠯ ᠬᠡᠷᠡᠭ ᠢ | ᠲᠣᠰᠬᠠᠢ ᠲᠦᠷᠦᠯ ᠢᠶᠠᠷ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠪᠠᠳᠣᠳᠬᠠᠵᠣ᠂ ᠪᠦᠬᠦ ᠵᠢᠯ ᠳᠤ 115 | ᠬᠤᠪᠢ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠦᠯᠢᠶᠡᠨ ᠠᠪᠴᠣ᠂ ᠰᠢᠢᠳᠪᠦᠷᠢᠯᠡᠭᠰᠡᠨ ᠨᠣᠷᠮ᠎ᠠ 97% ᠳᠤ | ᠬᠦᠷᠴᠦ᠂ ᠵᠠᠬᠢᠳᠠᠯ ᠰᠣᠷᠪᠣᠯᠵᠢᠯᠠᠭ᠎ᠠ ᠶᠢᠨ ᠭᠤᠷᠪᠠᠨ ᠨᠣᠷᠮ᠎ᠠ᠂ ᠰᠢᠢᠳᠪᠦᠷᠢᠯᠡᠭᠦᠯᠬᠦ ᠪᠠᠷ ᠭᠤᠶᠣᠴᠢᠯᠠᠭᠰᠠᠨ ᠲᠦᠷᠦᠯ | ᠤᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠨᠢᠭᠡ ᠯᠡ ᠣᠳᠠᠭ᠎ᠠ ᠳᠤ ᠰᠢᠢᠳᠪᠦᠷᠢᠯᠡᠭᠰᠡᠨ ᠨᠣᠷᠮ᠎ᠠ ᠪᠦᠬᠦ ᠠᠶᠢᠮᠠᠭ | ᠤᠨ ᠰᠠᠶᠢᠰᠢᠶᠠᠯ ᠢ ᠣᠯᠵᠣ᠂ ︽145︾ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠠᠷᠭ᠎ᠠ8 ᠨᠢ ᠪᠦᠬᠦ ᠠᠶᠢᠮᠠᠭ | ᠲᠤ ᠲᠦᠭᠡᠮᠡᠯᠵᠢᠭᠦᠯᠦᠭᠳᠡᠨ ᠣᠬᠠᠭᠤᠯᠣᠭᠳᠠᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠪᠠᠯᠭᠠᠰᠣᠨ ᠤ | ᠲᠣᠷᠰᠢᠯᠭ᠎ᠠ︾9 ᠶᠢ ᠪᠠᠷᠢᠮᠳᠠᠯᠠᠬᠤ ᠪᠠ ᠬᠦᠭᠵᠢᠭᠦᠯᠵᠦ᠂ ︽ᠬᠤᠶᠠᠷ ᠰᠠᠯᠪᠣᠷᠢ ᠨᠢᠭᠡ ᠲᠣᠪᠴᠢᠶ᠎ᠠ ᠨᠢᠭᠡ ᠲᠠᠩᠭᠢᠮ︾ | 10 ︽ᠳᠦᠷᠪᠡᠨ ᠰᠠᠯᠪᠣᠷᠢ ᠨᠢᠭᠡ ᠲᠠᠩᠭᠢᠮ︾11 ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠦᠷᠢᠯᠡᠵᠦ | ᠬᠠᠮᠳᠣᠷᠠᠨ ᠠᠵᠢᠯᠯᠠᠬᠤ ᠵᠣᠬᠢᠴᠠᠮᠵᠢ ᠶᠢ ᠰᠢᠨᠡᠴᠢᠯᠡᠨ ᠪᠠᠶᠢᠭᠤᠯᠵᠣ᠂ ︽ᠰᠢᠭᠦᠭᠴᠢ᠂ ᠪᠠᠶᠢᠴᠠᠭᠠᠭᠴᠢ᠂ ᠲᠣᠳᠣᠭᠠᠳᠣ | ᠶᠢ ᠬᠠᠮᠠᠭᠠᠯᠠᠬᠤ ᠪᠠᠶᠢᠭᠤᠯᠭ᠎ᠠ᠂ ᠬᠠᠣᠯᠢᠴᠢ︾12 ᠶᠢ ᠦᠨᠳᠦᠰᠦᠨ ᠱᠠᠳᠣᠨ ᠳᠤ ᠬᠦᠨᠵᠡᠭᠡᠶᠢᠷᠡᠭᠦᠯᠬᠦ ᠶᠢ ᠠᠬᠢᠭᠤᠯᠵᠣ᠂ | 342 ᠬᠤᠪᠢ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠦᠷᠢᠯᠡᠵᠦ᠂ ᠠᠮᠵᠢᠯᠳᠠ | ᠣᠯᠣᠭᠰᠠᠨ ᠨᠣᠷᠮ᠎ᠠ 100% ᠳᠤ ᠬᠦᠷᠪᠡ᠃ ᠠᠶᠣᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠴᠢᠩᠭ᠎ᠠ | ᠠᠳᠬᠤᠪᠠ᠃ 8 ᠠᠮᠣᠷ ᠲᠦᠪᠰᠢᠨ ᠤ ᠲᠣᠰᠬᠠᠢ ᠵᠦᠪᠯᠡᠯ ᠤᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠪᠦᠬᠦ | ᠠᠶᠢᠮᠠᠭ ᠤᠨ ᠬᠤᠶᠠᠳᠠᠬᠢ ᠣᠯᠣᠰ ᠤᠨ ᠭᠤᠷᠪᠠᠳᠣᠭᠠᠷ ᠳᠡᠰ ᠤᠨ ᠶᠠᠰᠣ ᠴᠢᠨᠠᠷ ᠤᠨ ᠪᠠᠷᠢᠮᠵᠢᠶ᠎ᠠ ᠲᠠᠢ ᠨᠡᠭᠦᠷᠡᠰᠦᠨ ᠤ | ᠪᠣᠰᠣ ᠠᠭᠤᠷᠬᠠᠢ ᠶᠢᠨ ᠲᠣᠰᠬᠠᠢ ᠠᠵᠢᠯ ᠤᠨ ᠠᠪᠣᠷᠠᠨ ᠲᠣᠰᠠᠯᠠᠬᠤ ᠠᠩᠭᠢ ᠶᠢ ᠪᠠᠶᠢᠭᠤᠯᠵᠣ᠂ ᠬᠤᠳᠠ ᠪᠠᠯᠭᠠᠰᠣᠨ ᠤ | ᠰᠢᠳᠠᠭᠠᠯᠭ᠎ᠠ ᠶᠢᠨ ᠭᠡᠢ᠂ ᠦᠨᠳᠦᠷ ᠳᠡᠭᠡᠷ᠎ᠡ ᠠᠴᠠ ᠣᠨᠠᠬᠤ ᠶᠢ ᠣᠷᠢᠳᠴᠢᠯᠠᠨ ᠰᠡᠷᠭᠡᠶᠢᠯᠡᠬᠦ᠂ ᠬᠦᠨᠳᠦ ᠶᠡᠭᠡ ᠳᠠᠯᠳᠠ | ᠬᠡᠮ ᠢ ᠪᠠᠶᠢᠴᠠᠭᠠᠬᠤ ᠵᠡᠷᠭᠡ 15 ᠲᠣᠰᠬᠠᠢ ᠲᠦᠷᠦᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠭᠦᠯᠵᠦ᠂ | ᠡᠯ᠎ᠡ ᠠᠵᠢᠯ ᠲᠦᠷᠦᠯ ᠤᠨ ᠬᠦᠷᠢᠶ᠎ᠡ ᠴᠠᠷ᠎ᠠ ᠶᠢᠨ 1547 ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢ | ᠪᠠᠶᠢᠴᠠᠭᠠᠵᠣ᠂ 2638 ᠵᠣᠷᠪᠣᠰ ᠡᠯ᠎ᠡ ᠲᠦᠷᠦᠯ ᠤᠨ ᠳᠠᠯᠳᠠ ᠭᠡᠮ ᠢ ᠪᠠᠶᠢᠴᠠᠭᠠᠨ ᠵᠠᠰᠠᠨ ᠴᠡᠭᠴᠡᠯᠡᠵᠦ᠂ ᠪᠦᠬᠦ ᠵᠢᠯ | ᠳᠤ ᠠᠶᠣᠯᠭᠦᠢ ᠦᠢᠯᠡᠳᠪᠦᠷᠢᠯᠡᠯ ᠤᠨ ᠬᠦᠨᠳᠦ ᠶᠡᠭᠡ ᠬᠡᠷᠡᠭ ᠡᠭᠦᠰᠦᠭᠰᠡᠨ ᠦᠭᠡᠢ᠃ ᠪᠦᠬᠦ ᠬᠡᠪᠴᠢᠶᠡᠨ ᠳᠤ ᠡᠭᠦᠳᠦᠨ | ᠪᠠᠶᠢᠭᠤᠯᠬᠤ᠂ ᠲᠦᠷᠦᠯ ᠬᠤᠪᠢᠶᠠᠨ ᠠᠬᠢᠭᠤᠯᠬᠤ ᠶᠢ ᠪᠠᠷᠢᠮᠳᠠᠯᠠᠵᠣ᠂ ᠣᠯᠣᠰ ᠤᠨ ᠢᠳᠡᠭᠡᠨ ᠤ ᠵᠦᠢᠯ ᠤᠨ ᠠᠮᠣᠷ | ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ | ᠵᠢᠱᠢᠶᠡᠴᠢ ᠶᠢ ᠡᠭᠦᠳᠦᠨ ᠪᠠᠶᠢᠭᠤᠯᠬᠤ ᠪᠠᠷ ᠳᠠᠮᠵᠢᠨ ᠣᠯᠠᠨ ᠲᠦᠮᠡᠨ ᠤ ᠢᠳᠡᠭᠡᠨ ᠤ ᠵᠦᠢᠯ ᠤᠨ ᠠᠮᠣᠷ ᠲᠦᠪᠰᠢᠨ ᠢ | ᠬᠠᠮᠠᠭᠠᠯᠠᠪᠠ᠃ ᠢᠳᠡᠭᠡᠨ ᠤ ᠵᠦᠢᠯ ᠤᠨ ᠠᠮᠣᠷ ᠲᠦᠪᠰᠢᠨ ᠢ ᠳᠠᠭᠠᠭᠠᠴᠢᠯᠠᠨ ᠪᠠᠳᠣᠯᠠᠬᠤ ᠬᠠᠷᠢᠭᠤᠴᠠᠯᠭ᠎ᠠ ᠶᠢ | ᠰᠠᠶᠢᠳᠣᠷ ᠨᠠᠶᠢᠳᠠᠪᠣᠷᠢᠵᠢᠭᠤᠯᠵᠣ᠂ ︽ᠬᠤᠣᠰ ᠰᠣᠭᠤᠴᠢᠯᠳᠠ᠂ ᠨᠢᠭᠡ ᠢᠯᠡ ᠪᠣᠯᠭᠠᠬᠤ︾13ᠬᠤᠯᠪᠣᠭᠠᠯᠠᠭᠰᠠᠨ | ᠪᠠᠶᠢᠴᠠᠭᠠᠯᠳᠠ᠂ ᠡᠳᠦᠷ ᠲᠣᠳᠣᠮ ᠤᠨ ᠪᠠᠶᠢᠴᠠᠭᠠᠯᠳᠠ ᠶᠢ ᠪᠦᠲᠦᠮᠵᠢᠳᠠᠢ ᠪᠦᠷᠬᠦᠭᠦᠯᠵᠦ᠂ ᠡᠯ᠎ᠡ ᠲᠦᠷᠦᠯ ᠤᠨ | ᠢᠳᠡᠭᠡᠨ ᠪᠠ ᠡᠮ ᠤᠨ ᠵᠦᠢᠯ ᠤᠨ ᠡᠵᠡᠩᠨᠡᠯᠳᠡ ᠶᠢᠨ ᠭᠤᠣᠯ ᠴᠣᠭᠴᠠ 2275 ᠡᠷᠦᠭᠡ ︵ᠣᠳᠠᠭ᠎ᠠ︶ ᠶᠢ | ᠪᠠᠶᠢᠴᠠᠭᠠᠵᠣ᠂ ᠪᠦᠬᠦ ᠵᠢᠯ ᠳᠤ ᠢᠳᠡᠭᠡᠨ ᠪᠠ ᠡᠮ ᠤᠨ ᠵᠦᠢᠯ ᠤᠨ ᠠᠮᠣᠷ ᠲᠦᠪᠰᠢᠨ ᠤ ᠬᠡᠷᠡᠭ ᠡᠭᠦᠰᠦᠭᠰᠡᠨ ᠦᠭᠡᠢ᠃ | ᠨᠢᠭᠡ ᠵᠢᠯ ᠤᠨ ᠲᠣᠷᠰᠢ᠂ ᠪᠢᠳᠡ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠵᠣᠷᠢᠭᠳᠠᠢ | ᠡᠭᠦᠷᠭᠡᠯᠡᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠣᠯᠠᠮ ᠰᠢᠯᠢᠳᠡᠭᠵᠢᠭᠦᠯᠪᠡ᠃ ᠨᠠᠮ ᠤᠨ ᠬᠤᠷᠢᠳᠣᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠣᠷᠢ | ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ︽ᠨᠢᠭᠡᠳᠦᠭᠡᠷ ᠵᠦᠪᠯᠡᠬᠦ ᠰᠡᠳᠦᠪ︾ | ᠤᠨ ᠲᠦᠷᠢᠮ ᠢ ᠪᠠᠶᠢᠩᠭᠤᠵᠢᠭᠤᠯᠣᠨ ᠨᠠᠶᠢᠳᠠᠪᠣᠷᠢᠵᠢᠭᠤᠯᠵᠣ᠂ ︽ᠡᠷᠭᠡᠪᠰᠢ ᠣᠩᠰᠢᠬᠤ ᠨᠣᠮ︾ ᠢ ᠨᠠᠷᠢᠨ ᠬᠢᠨᠠᠮᠠᠭᠠᠢ | ᠰᠣᠷᠣᠯᠴᠠᠵᠣ᠂ ︽ᠬᠠᠮᠤᠭ ᠰᠢᠨ᠎ᠡ ᠵᠣᠬᠢᠶᠠᠯ︾ ᠢ ᠲᠠᠭᠠᠨ ᠰᠣᠷᠣᠯᠴᠠᠵᠣ᠂ ᠬᠤᠶᠠᠳᠣᠭᠠᠷ ᠪᠦᠯᠦᠭ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ | ᠶᠢ ᠰᠣᠷᠣᠯᠴᠠᠨ ᠲᠣᠣᠱᠯᠠᠭᠤᠯᠬᠤ ᠭᠤᠣᠯ ᠰᠡᠳᠦᠪᠳᠦ ᠬᠦᠮᠦᠵᠢᠯ ᠢ ᠯᠠᠪᠳᠠᠭᠤᠨ ᠪᠠᠳᠣᠳᠠᠢ ᠦᠷᠨᠢᠭᠦᠯᠬᠦ ᠪᠠᠷ ᠰᠡᠳᠬᠢᠯ | ᠢᠶᠠᠨ ᠨᠢᠭᠡᠳᠭᠡᠨ ᠰᠦᠭ ᠰᠦᠨᠡᠰᠦ ᠪᠠᠨ ᠱᠣᠭᠤᠵᠣ᠂ ︽ᠬᠤᠶᠠᠷ ᠢ ᠲᠣᠭᠳᠠᠭᠠᠭᠰᠠᠨ︾ ᠢ ᠡᠷᠡᠰ ᠬᠠᠮᠠᠭᠠᠯᠠᠵᠣ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ | ᠴᠢᠭᠡᠴᠢ ᠵᠠᠰᠠᠭ ᠤᠨ ᠪᠠᠶᠢᠭᠤᠯᠣᠯᠳᠠ ᠶᠢ ᠬᠦᠨᠵᠡᠭᠡᠢ ᠠᠬᠢᠭᠤᠯᠵᠣ᠂ ᠵᠠᠰᠠᠭ ᠤᠨ ᠣᠷᠳᠣᠨ ᠤ ᠬᠡᠷᠡᠭ ᠵᠦᠪᠯᠡᠬᠦ | ᠲᠦᠷᠢᠮ ᠪᠣᠯᠣᠨ ᠨᠠᠮ ᠤᠨ ᠳᠣᠭᠤᠶᠢᠯᠠᠩ ᠤᠨ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠰᠣᠷᠳᠠᠯ ᠴᠢᠭᠡᠴᠢ | ᠣᠪᠣᠷ ᠲᠦᠪ᠂ ᠵᠢᠷᠣᠮᠵᠢᠯ ᠲᠠᠢ ᠦᠨᠳᠦᠷ ᠦᠷ᠎ᠡ ᠪᠦᠲᠦᠮᠵᠢᠳᠠᠢ ᠵᠠᠰᠠᠭ ᠤᠨ ᠶᠠᠪᠣᠳᠠᠯ ᠤᠨ ᠣᠷᠴᠢᠨ ᠨᠦᠬᠦᠴᠡᠯ ᠢ | ᠰᠠᠶᠢᠳᠣᠷ ᠪᠦᠷᠢᠯᠳᠦᠭᠦᠯᠪᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠣᠯᠢ ᠲᠦᠷᠢᠮ | ᠢᠶᠠᠷ ᠬᠢᠨᠠᠨ ᠬᠠᠷᠭᠤᠭᠤᠯᠬᠤ ᠪᠠ ᠵᠠᠰᠠᠭ ᠤᠨ ᠣᠷᠳᠣᠨ ᠤ ᠬᠠᠣᠯᠢ ᠵᠦᠪᠯᠡᠭᠴᠢ ᠵᠡᠷᠭᠡ ᠲᠦᠷᠢᠮ ᠢ ᠨᠠᠷᠢᠨ ᠬᠢᠨᠠᠮᠠᠭᠠᠢ | ᠨᠠᠶᠢᠳᠠᠪᠣᠷᠢᠵᠢᠭᠤᠯᠵᠣ᠂ ︽ᠨᠠᠢᠮᠠᠳᠣᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠭᠦᠯᠬᠦ ᠠᠵᠢᠯ ᠢ ᠦᠨᠡᠨᠬᠦ | ᠴᠢᠩᠭᠠᠳᠬᠠᠨ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ᠂ ᠲᠦᠪ ᠭᠤᠣᠯᠴᠢ ᠪᠠᠷ ᠬᠠᠣᠯᠢ ᠪᠠᠷᠢᠬᠤ ᠬᠢᠷᠢ | ᠲᠦᠪᠰᠢᠨ ᠲᠠᠰᠣᠷᠠᠯᠳᠠ ᠦᠭᠡᠢ ᠳᠡᠭᠡᠭᠰᠢᠯᠡᠵᠦ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠳᠠ ᠶᠢ | ᠪᠦᠬᠦ ᠲᠠᠯ᠎ᠠ ᠪᠠᠷ ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ | ᠬᠢᠨᠠᠯᠳᠠ ᠲᠠᠯᠪᠢᠬᠤ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠣᠬᠠᠮᠰᠠᠷ | ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ | ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ 180 ᠬᠤᠪᠢ | ᠭᠦᠢᠴᠡᠳᠭᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ ᠬᠦᠷᠪᠡ᠃ | ᠡᠭᠦᠨ ᠤ ᠬᠠᠮᠳᠣ᠂ ᠠᠵᠢᠯᠴᠢᠨ ᠤ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ᠂ ᠡᠮᠡᠭᠳᠠᠶᠢᠴᠣᠳ ᠤᠨ | ᠬᠤᠯᠪᠣᠭ᠎ᠠ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠵᠡᠮᠳᠡᠭᠴᠣᠳ ᠤᠨ ᠬᠤᠯᠪᠣᠭ᠎ᠠ᠂ ᠰᠢᠨᠵᠢᠯᠡᠬᠦ ᠣᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ᠂ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠰᠢᠨ᠎ᠡ ᠠᠮᠵᠢᠯᠳᠠ | ᠣᠯᠵᠣ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠴᠡᠷᠢᠭ ᠠᠴᠠ ᠬᠠᠯᠠᠭᠳᠠᠭᠰᠠᠳ᠂ ᠭᠠᠯ | ᠣᠨᠳᠠᠷᠠᠭᠠᠵᠣ ᠠᠪᠣᠷᠠᠨ ᠳᠣᠰᠠᠯᠠᠬᠤ᠂ ᠦᠨᠳᠦᠰᠦᠳᠡᠨ ᠱᠠᠰᠢᠨ ᠰᠣᠷᠳᠠᠬᠤᠨ᠂ ᠬᠢᠨᠠᠨ ᠪᠣᠳᠣᠵᠣ ᠬᠢᠨᠠᠯᠳᠠ ᠲᠠᠯᠪᠢᠬᠤ᠂ | ᠲᠤᠭ᠎ᠠ ᠪᠦᠷᠢᠳᠭᠡᠯ ᠤᠨ ᠪᠠᠶᠢᠴᠠᠭᠠᠯᠳᠠ ᠵᠡᠷᠭᠡ ᠠᠵᠢᠯ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠣ᠂ ᠪᠠᠶᠢᠭᠤᠯᠭ᠎ᠠ ᠶᠢᠨ | ᠶᠠᠪᠣᠳᠠᠯ ᠤᠨ ᠦᠢᠯᠡᠴᠢᠯᠡᠭᠡ᠂ ᠣᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ᠂ ᠰᠣᠨᠢᠨ ᠮᠡᠳᠡᠭᠡᠨ ᠤ | ᠣᠬᠠᠭᠤᠯᠭ᠎ᠠ᠂ ᠳᠠᠩᠰᠠ ᠡᠪᠬᠡᠮᠡᠯ᠂ ᠬᠠᠩᠭᠠᠨ ᠪᠣᠷᠣᠯᠠᠭᠤᠯᠭ᠎ᠠ᠂ ᠮᠦᠩᠭᠦᠨ ᠭᠦᠢᠯᠭᠡᠭᠡᠨ᠂ ᠴᠠᠬᠢᠯᠭᠠᠨ ᠬᠠᠩᠭᠠᠯᠭ᠎ᠠ᠂ | ᠰᠢᠣᠳᠠᠨ᠂ ᠴᠠᠭ ᠠᠭᠤᠷ᠂ ᠴᠢᠮᠡᠭᠡ ᠬᠤᠯᠪᠣᠭ᠎ᠠ᠂ ᠨᠠᠪᠴᠢᠨ ᠲᠠᠮᠠᠬᠢ ᠵᠡᠷᠭᠡ ᠠᠵᠢᠯ ᠰᠢᠨ᠎ᠡ ᠦᠷ᠎ᠡ ᠪᠦᠲᠦᠮᠵᠢ ᠣᠯᠵᠣ᠂ | ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠢᠳᠡᠪᠬᠢᠳᠠᠢ ᠬᠤᠪᠢ ᠨᠡᠮᠡᠷᠢ | ᠦᠵᠡᠭᠦᠯᠪᠡ᠃ | ᠲᠦᠯᠦᠭᠡᠯᠡᠭᠴᠢᠳ ᠡ︕ ᠲᠡᠮᠡᠴᠡᠯ ᠤᠨ ᠵᠠᠮ ᠬᠦᠴᠢᠷ ᠪᠡᠷᠭᠡᠰᠢᠶᠡᠯ ᠲᠠᠢ ᠪᠠᠶᠢᠵᠣ᠂ ᠦᠷ᠎ᠡ ᠪᠦᠲᠦᠭᠡᠯ | ᠣᠯᠣᠭᠰᠠᠨ ᠨᠢ ᠬᠢᠯᠪᠠᠷ ᠪᠣᠰᠣ ᠶᠣᠮ᠃ ᠡᠳᠡᠭᠡᠷ ᠠᠮᠵᠢᠯᠳᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠰᠢᠨᠵᠢᠯᠡᠬᠦ | ᠣᠬᠠᠭᠠᠨᠴᠢ ᠪᠠᠷ ᠵᠢᠯᠣᠭᠤᠳᠣᠭᠤᠯᠣᠭᠰᠠᠨ ᠦᠷ᠎ᠡ ᠳ᠋ᠦᠩ᠂ ᠬᠤᠰᠢᠭᠤ ᠨᠠᠮ ᠤᠨ ᠬᠤᠷᠢᠶ᠎ᠠ ᠪᠦᠬᠦ ᠲᠠᠯ᠎ᠠ ᠶᠢ | ᠶᠡᠷᠦᠩᠭᠡᠶᠢᠯᠡᠨ ᠵᠢᠯᠣᠭᠤᠳᠴᠣ᠂ ᠪᠠᠳᠣ ᠴᠢᠩᠭ᠎ᠠ ᠣᠳᠣᠷᠢᠳᠣᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠪᠦᠲᠦᠮᠵᠢᠳᠠᠢ ᠬᠢᠨᠠᠯᠳᠠ ᠲᠠᠯᠪᠢᠵᠣ᠂ | ᠬᠦᠴᠦᠳᠠᠢ ᠳᠡᠮᠵᠢᠭᠰᠡᠨ ᠤ ᠦᠷ᠎ᠡ ᠳ᠋ᠦᠩ᠂ ᠨᠡᠩ ᠴᠦ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠣᠯᠠᠨ ᠲᠦᠮᠡᠨ | ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠳᠣᠳᠬᠠᠵᠣ᠂ ᠰᠢᠷᠭᠠᠭᠤ ᠳᠡᠮᠡᠴᠡᠭᠰᠡᠨ ᠤ ᠦᠷ᠎ᠡ ᠳ᠋ᠦᠩ ᠮᠦᠨ᠃ | ᠠᠳᠡ ᠪᠢ᠂ ᠵᠠᠰᠠᠭ ᠤᠨ ᠣᠷᠳᠣᠨ ᠢ ᠲᠦᠯᠦᠭᠡᠯᠡᠨ ᠲᠦᠯᠦᠭᠡᠯᠡᠭᠴᠢᠳ᠂ ᠭᠡᠰᠢᠭᠦᠳ᠂ ᠣᠯᠠᠨ ᠵᠢᠯ ᠤᠨ ᠲᠣᠷᠰᠢ | ᠵᠠᠰᠠᠭ ᠤᠨ ᠣᠷᠳᠣᠨ ᠤ ᠠᠵᠢᠯ ᠳᠤ ᠰᠡᠳᠬᠢᠯ ᠲᠠᠯᠪᠢᠭᠰᠠᠭᠠᠷ ᠢᠷᠡᠭᠰᠡᠨ ᠠᠵᠢᠯ ᠠᠴᠠ ᠪᠠᠨ ᠠᠮᠠᠷᠠᠭᠰᠠᠨ ᠠᠬᠠᠮᠠᠳ | ᠺᠠᠳ᠋ᠷᠴᠣᠳ᠂ ᠰᠦᠨᠢᠳ ᠪᠠᠷᠠᠭᠤᠨ ᠬᠤᠰᠢᠭᠤᠨ ᠤ ᠪᠦᠳᠦᠭᠡᠨ ᠪᠠᠶᠢᠭᠤᠯᠣᠯᠳᠠ ᠪᠠ ᠬᠦᠭᠵᠢᠯᠳᠡ ᠶᠢ ᠳᠡᠮᠵᠢᠵᠦ | ᠣᠷᠣᠯᠴᠠᠭᠰᠠᠨ ᠪᠦᠬᠦ ᠨᠠᠶᠢᠵᠠ ᠨᠠᠷ ᠲᠤ ᠡᠷᠬᠢᠮ ᠳᠡᠭᠡᠲᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠲᠦᠯᠦᠭᠡᠯᠡᠭᠴᠢᠳ ᠡ︕ ᠠᠶᠣᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠣᠷ ᠲᠦᠪᠰᠢᠨ ᠠᠮᠢᠳᠣᠷᠠᠵᠣ | ᠴᠢᠳᠠᠨ᠎ᠠ᠂ ᠵᠣᠪᠠᠭᠤᠷᠢ ᠵᠦᠳᠡᠭᠦᠷᠢ ᠶᠢ ᠮᠡᠳᠡᠪᠡᠯ ᠰᠠᠶ᠋ᠢ ᠬᠦᠴᠢᠷ ᠪᠡᠷᠭᠡᠰᠢᠶᠡᠯ ᠢ ᠢᠯᠠᠨ ᠳᠠᠪᠠᠵᠣ ᠴᠢᠳᠠᠨ᠎ᠠ᠃ | ᠠᠮᠵᠢᠯᠳᠠ ᠪᠠᠨ ᠨᠣᠳᠠᠯᠠᠬᠤ ᠶᠢᠨ ᠬᠠᠮᠳᠣ᠂ ᠪᠢᠳᠡ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ | ᠳᠤ ᠪᠠᠰᠠ ᠮᠠᠰᠢ ᠣᠯᠠᠨ ᠬᠦᠴᠢᠷᠳᠡᠯ ᠪᠠ ᠠᠰᠠᠭᠤᠳᠠᠯ ᠣᠷᠣᠰᠢᠵᠣ᠂ ᠠᠵᠣ ᠠᠬᠤᠢ ᠶᠢᠨ ᠶᠡᠷᠦᠩᠭᠡᠢ ᠬᠡᠮᠵᠢᠶ᠎ᠡ ᠪᠠᠭ᠎ᠠ᠂ | ᠶᠡᠷᠦᠩᠭᠡᠶᠢᠯᠡᠭᠰᠡᠨ ᠪᠣᠳᠠᠳᠣ ᠬᠦᠴᠦᠨ ᠪᠠᠭᠤᠷᠠᠢ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ | ᠳᠣᠪᠣᠶᠢᠮ᠎ᠠ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠳᠠᠢ᠄ ᠰᠦᠨᠢᠳ ᠬᠤᠨᠢᠨ ᠤ ᠡᠭᠦᠯᠳᠡᠷ ᠰᠢᠯᠢᠳᠡᠭ ᠴᠦ ᠦᠨ᠎ᠡ | ᠬᠠᠩᠰᠢ ᠨᠢ ᠲᠣᠣᠷ᠎ᠠ᠂ ︽ᠪᠣᠬᠢᠷᠳᠣᠯ ᠦᠭᠡᠢ ᠴᠠᠬᠢᠯᠭᠠᠨ︾ ᠢ ᠲᠣᠬᠠᠢ ᠶᠢᠨ ᠭᠠᠵᠠᠷ ᠲᠠᠭᠠᠨ ᠰᠢᠩᠭᠡᠭᠡᠬᠦ ᠠᠷᠭ᠎ᠠ ᠵᠠᠮ | ᠬᠠᠷᠠᠬᠠᠨ ᠨᠡᠪᠳᠡᠷᠡᠭᠡᠳᠦᠢ᠂ ᠭᠠᠳᠠᠭᠠᠳᠣ ᠠᠷᠠᠯᠵᠢᠶ᠎ᠠ ᠪᠠ ᠣᠮᠠᠷᠠᠰᠢ ᠨᠡᠭᠡᠭᠡᠯᠳᠡ ᠬᠢᠬᠦ ᠰᠢᠪᠳᠣᠯᠣᠯᠳᠠ ᠶᠢᠨ ᠴᠡᠭ ᠢ | ᠬᠠᠷᠠᠬᠠᠨ ᠣᠯᠣᠭᠠᠳᠣᠢ ᠪᠠᠶᠢᠭᠰᠠᠭᠠᠷ︔ ᠰᠠᠭᠤᠷᠢ ᠲᠦᠬᠦᠭᠡᠷᠦᠮᠵᠢ ᠪᠠ ᠠᠷᠠᠳ ᠤᠨ ᠠᠮᠢᠳᠣᠷᠠᠯ ᠤᠨ ᠪᠠᠳᠣᠯᠠᠭ᠎ᠠ | ᠪᠠᠰᠠ ᠲᠣᠳᠠᠭᠤᠳᠠᠯ ᠲᠠᠢ ᠪᠠᠶᠢᠵᠣ᠂ ᠣᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠪᠣᠯᠣᠨ ᠣᠯᠠᠨ ᠲᠦᠮᠡᠨ ᠤ | ᠬᠦᠰᠡᠯ ᠡᠷᠡᠮᠡᠯᠵᠡᠯ ᠮᠦᠨᠬᠦ ᠵᠦᠷᠢᠶ᠎ᠡ ᠲᠠᠢ ᠪᠠᠶᠢᠨ᠎ᠠ᠃ ᠵᠠᠷᠢᠮ ᠺᠠᠳ᠋ᠷᠴᠣᠳ ᠤᠨ ᠰᠡᠳᠬᠢᠬᠦᠢ ᠨᠢ ᠬᠡᠪᠰᠢᠮᠡᠯ᠂ | ᠢᠳᠡᠪᠬᠢᠳᠦ ᠴᠢᠨᠠᠷ ᠬᠦᠷᠦᠯᠴᠡᠬᠦ ᠦᠭᠡᠢ᠂ ᠠᠵᠢᠯ ᠤᠨ ᠠᠷᠭ᠎ᠠ ᠬᠡᠯᠪᠡᠷᠢ ᠳᠠᠩ ᠴᠣᠯᠭᠤᠢ᠂ ᠠᠰᠠᠭᠤᠳᠠᠯ ᠢᠶᠠᠷ | ᠣᠳᠣᠷᠢᠳᠣᠮᠵᠢ ᠪᠣᠯᠭᠠᠬᠤ᠂ ᠬᠠᠷᠠᠯᠳᠠ ᠪᠠᠷ ᠣᠳᠣᠷᠢᠳᠣᠮᠵᠢ ᠪᠣᠯᠭᠠᠬᠤ᠂ ᠦᠷ᠎ᠡ ᠳ᠋ᠦᠩ ᠢᠶᠠᠷ ᠣᠳᠣᠷᠢᠳᠣᠮᠵᠢ | ᠪᠣᠯᠭᠠᠬᠤ ᠲᠠᠯ᠎ᠠ ᠪᠠᠷ ᠪᠠᠳᠣ ᠪᠠᠬᠢ ᠪᠢᠰᠢ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠣᠯᠠᠮ ᠴᠢᠨᠠᠭᠰᠢᠳᠠ | ᠳᠡᠭᠡᠭᠰᠢᠯᠡᠭᠦᠯᠬᠦ ᠴᠢᠬᠤᠯᠠᠳᠠᠢ ᠪᠠᠶᠢᠨ᠎ᠠ᠃ ᠡᠭᠦᠨ ᠳᠤ ᠪᠢᠳᠡ ᠢᠮᠠᠭᠳᠠ ︽ᠰᠢᠯᠭᠠᠯᠳᠠ ᠳᠤ ᠣᠷᠣᠯᠴᠠᠬᠤ︾ ᠰᠡᠷᠭᠡᠭ | ᠪᠠᠶᠢᠳᠠᠯ ᠢᠶᠠᠨ ᠪᠠᠷᠢᠮᠳᠠᠯᠠᠵᠣ᠂ ᠬᠦᠴᠦ ᠭᠠᠷᠭᠠᠨ᠂ ᠰᠠᠶᠢᠳᠣᠷ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ | ᠡᠷᠡᠮᠡᠯᠵᠡᠯ ᠢ ᠶᠠᠭᠠᠬᠢᠭᠰᠠᠨ ᠴᠦ ᠬᠦᠰᠡᠷᠳᠡᠭᠦᠯᠵᠦ ᠪᠣᠯᠬᠤ ᠦᠭᠡᠢ᠃ | ᠬᠤᠶᠠᠷ᠂ 2024 ᠣᠨ ᠤ ᠭᠤᠣᠯ ᠬᠠᠷᠠᠯᠳᠠ ᠪᠡ ᠡᠭᠦᠷᠭᠡ | ᠦᠨᠦ ᠵᠢᠯ ᠪᠣᠯ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠭᠳᠠᠭᠰᠠᠨ 75 ᠵᠢᠯ ᠤᠨ | ᠣᠢ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ | ᠵᠢᠯ᠂ ᠮᠦᠨᠴᠦ ᠮᠠᠨ ᠤ ᠬᠤᠰᠢᠭᠤᠨ ᠤ ᠪᠠᠶᠢᠯᠳᠣᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠣ᠂ ᠢᠯᠠᠨ | ᠳᠠᠪᠠᠭ᠋ᠣ ᠶᠢ ᠪᠡᠶᠡᠯᠡᠭᠦᠯᠬᠦ ᠴᠢᠬᠤᠯᠠ ᠨᠢᠭᠡ ᠵᠢᠯ ᠪᠣᠯᠣᠨ᠎ᠠ᠂ ᠦᠨᠦ ᠵᠢᠯ ᠤᠨ ᠠᠵᠢᠯ ᠢ ᠰᠠᠶᠢᠳᠣᠷ ᠬᠢᠬᠦ ᠨᠢ ᠴᠢᠬᠤᠯᠠ | ᠶᠡᠭᠡ ᠠᠴᠢ ᠬᠤᠯᠪᠣᠭᠳᠠᠯ ᠲᠠᠢ ᠪᠦᠭᠡᠳ ᠠᠯᠣᠰ ᠭᠡᠳᠦ ᠶᠢᠨ ᠨᠦᠯᠦᠭᠡ ᠲᠠᠢ ᠶᠣᠮ᠃ ᠬᠤᠰᠢᠭᠤ ᠨᠠᠮ ᠤᠨ ᠬᠤᠷᠢᠶᠠᠨ | ᠤ ᠠᠷᠪᠠᠨ ᠭᠤᠷᠪᠠᠳᠣᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠣ | ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠣᠯᠳᠠ ᠶᠣᠰᠣᠭᠠᠷ᠂ ᠦᠨᠦ ᠵᠢᠯ ᠤᠨ ᠵᠠᠰᠠᠭ ᠤᠨ ᠣᠷᠳᠣᠨ ᠤ | ᠠᠵᠢᠯ ᠤᠨ ᠶᠡᠷᠦᠩᠭᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ | ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠬᠤᠷᠢᠳᠣᠭᠠᠷ | ᠶᠡᠭᠡ ᠬᠤᠷᠠᠯ ᠪᠠ ᠬᠤᠷᠢᠳᠣᠭᠠᠷ ᠬᠤᠭᠤᠴᠠᠭᠠᠨ ᠤ ᠬᠤᠶᠠᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠣᠣᠱᠯᠠᠭᠤᠯᠵᠣ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠲᠣᠬᠠᠢ ᠴᠢᠬᠤᠯᠠ | ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ ᠲᠦᠪ ᠤᠨ ᠠᠵᠣ ᠠᠬᠤᠢ ᠶᠢᠨ ᠠᠵᠢᠯ ᠤᠨ | ᠬᠤᠷᠠᠯ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠣᠭᠠᠷ ᠣᠳᠠᠭᠠᠨ ᠤ ᠪᠦᠬᠦᠳᠡ ᠬᠤᠷᠠᠯ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ ᠬᠤᠷᠠᠯ | ᠪᠣᠯᠣᠨ ᠠᠶᠢᠮᠠᠭ ᠤᠨ ᠨᠠᠮ ᠤᠨ ᠬᠤᠷᠢᠶᠠᠨ ᠤ 2023 ᠣᠨ ᠤ ᠳᠦᠷᠪᠡᠳᠦᠭᠡᠷ ᠣᠳᠠᠭᠠᠨ ᠤ ︵ᠦᠷᠭᠡᠳᠭᠡᠭᠰᠡᠨ︶ | ᠬᠤᠷᠠᠯ ᠵᠢᠴᠢ ᠪᠦᠬᠦ ᠠᠶᠢᠮᠠᠭ ᠤᠨ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠣᠣᠱᠯᠠᠭᠤᠯᠵᠣ᠂ ᠲᠣᠭᠳᠠᠭᠤᠨ ᠤ ᠳᠣᠮᠳᠠ ᠣᠷᠣᠭᠰᠢᠯᠠᠬᠤ᠂ ᠣᠷᠣᠭᠰᠢᠯᠠᠯᠳᠠ ᠪᠠᠷ ᠲᠣᠭᠳᠠᠭᠤᠨ ᠢ | ᠠᠬᠢᠭᠤᠯᠬᠤ ᠶᠢ ᠪᠠᠷᠢᠮᠳᠠᠯᠠᠵᠣ᠂ ᠣᠷᠢᠳᠠᠪᠡᠷ ᠬᠡᠷᠡᠭᠵᠢᠭᠦᠯᠦᠨ ᠳᠠᠷᠠᠭ᠎ᠠ ᠨᠢ ᠠᠬᠢᠭᠤᠯᠵᠣ᠂ ᠳᠣᠮᠳᠠᠳᠣ ᠶᠢᠨ | ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠶᠢ ᠡᠯ᠎ᠡ ᠲᠦᠷᠦᠯ ᠤᠨ ᠠᠵᠢᠯ ᠤᠨ | ᠭᠤᠣᠯ ᠰᠢᠵᠢᠮ ᠪᠣᠯᠭᠠᠵᠣ᠂ ᠬᠤᠶᠠᠷ ᠶᠡᠭᠡ ᠶᠠᠪᠣᠳᠠᠯ ᠢ ᠰᠠᠶᠢᠳᠣᠷ ᠬᠢᠬᠦ ᠳᠤ ᠲᠦᠪᠯᠡᠷᠡᠭᠦᠯᠵᠦ᠂ ︽ᠰᠢᠨ᠎ᠡ ᠵᠠᠮ | ᠨᠡᠭᠡᠭᠡᠨ᠂ ᠳᠣᠮᠳᠠ ᠳᠦᠪᠰᠢᠨ ᠳᠤ ᠬᠦᠷᠬᠦ︾ ᠲᠡᠮᠡᠴᠡᠬᠦ ᠬᠠᠷᠠᠯᠳᠠ ᠪᠠᠷ ᠭᠤᠣᠯᠳᠠᠯᠭ᠎ᠠ ᠪᠣᠯᠭᠠᠵᠣ᠂ ᠨᠡᠮᠡᠭᠳᠡᠯ ᠢ | ᠲᠣᠭᠳᠠᠪᠣᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠣᠷᠠᠯ ᠳᠤ ᠬᠠᠷᠠᠭᠠᠯᠵᠠᠯ ᠬᠦᠷᠳᠡᠭᠡᠬᠦ᠂ ᠠᠶᠣᠯ ᠲᠦᠭᠰᠢᠭᠦᠷᠢ ᠶᠢ ᠰᠡᠷᠭᠡᠶᠢᠯᠡᠬᠦ᠂ ᠲᠣᠭᠳᠠᠭᠤᠨ ᠢ ᠪᠠᠳᠣᠯᠠᠬᠤ ᠵᠡᠷᠭᠡ | ᠡᠯ᠎ᠡ ᠲᠦᠷᠦᠯ ᠤᠨ ᠠᠵᠢᠯ ᠢ ᠨᠢᠭᠡᠳᠦᠯᠳᠠᠢ ᠲᠦᠯᠦᠪᠯᠡᠨ ᠠᠬᠢᠭᠤᠯᠵᠣ᠂ ᠳᠣᠮᠳᠠᠳᠣ ᠣᠯᠣᠰ ᠤᠨ ᠮᠠᠶ᠋ᠢᠭ ᠤᠨ | ᠣᠳᠣᠬᠢᠴᠢᠯᠠᠭᠰᠠᠨ ᠰᠦᠨᠢᠳ ᠪᠠᠷᠠᠭᠤᠨ ᠬᠤᠰᠢᠭᠤᠨ ᠤ ᠰᠢᠨ᠎ᠡ ᠬᠠᠭᠤᠳᠠᠰᠣ ᠶᠢ ᠴᠢᠷᠮᠠᠶᠢᠨ ᠪᠢᠴᠢᠭᠯᠡᠰᠦᠭᠡᠢ᠃ | ᠦᠨᠦ ᠵᠢᠯ ᠤᠨ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠵᠢᠱᠢᠭᠰᠡᠨ | ᠬᠠᠷᠠᠯᠳᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 6.5% ᠣᠷᠴᠢᠮ ᠢᠶᠠᠷ | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ 7% ᠠᠴᠠ | ᠳᠡᠭᠡᠭᠰᠢ ᠨᠡᠮᠡᠭᠳᠡᠭᠦᠯᠵᠦ᠂ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ 15% ᠠᠴᠠ ᠳᠡᠭᠡᠭᠰᠢ | ᠨᠡᠮᠡᠭᠳᠡᠭᠦᠯᠵᠦ᠂ ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ 2.1 ᠳ᠋ᠦᠩᠰᠢᠭᠤᠷ ᠲᠦᠭᠦᠷᠢᠭ | ᠪᠡᠶᠡᠯᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠣ ᠠᠬᠤᠢ ᠶᠢᠨ ᠨᠡᠮᠡᠭᠳᠡᠯ ᠲᠠᠢ ᠦᠨᠳᠦᠰᠦᠨ | ᠳᠡᠭᠡᠨ ᠵᠡᠷᠭᠡᠴᠡᠭᠦᠯᠬᠦ ᠪᠠᠷ ᠴᠢᠷᠮᠠᠶᠢᠨ᠎ᠠ᠃ ᠳᠡᠭᠡᠷᠡᠬᠢ ᠬᠠᠷᠠᠯᠳᠠ ᠨᠢ ᠨᠠᠮ ᠤᠨ ᠲᠦᠪ ᠬᠤᠷᠢᠶᠠᠨ ᠤ ︽ᠲᠣᠭᠳᠠᠭᠤᠨ ᠤ | ᠳᠣᠮᠳᠠ ᠣᠷᠣᠭᠰᠢᠯᠠᠨ ᠳᠠᠪᠰᠢᠬᠤ᠂ ᠣᠷᠣᠭᠰᠢᠯᠠᠯᠳᠠ ᠪᠠᠷ ᠲᠣᠭᠳᠠᠭᠤᠨ ᠢ ᠠᠬᠢᠭᠤᠯᠬᠤ᠂ ᠣᠷᠢᠳᠠᠪᠡᠷ ᠬᠡᠷᠡᠭᠵᠢᠭᠦᠯᠵᠦ | ᠳᠠᠷᠠᠭ᠎ᠠ ᠨᠢ ᠠᠬᠢᠭᠤᠯᠬᠤ︾ ᠪᠠ ︽ᠵᠢᠱᠢᠯᠳᠠ ᠶᠢ ᠲᠣᠭᠳᠠᠪᠣᠷᠢᠵᠢᠭᠤᠯᠬᠤ᠂ ᠨᠡᠮᠡᠭᠳᠡᠯ ᠢ ᠲᠣᠭᠳᠠᠪᠣᠷᠢᠵᠢᠭᠤᠯᠬᠤ᠂ | ᠠᠵᠢᠯ ᠣᠯᠭᠤᠯᠳᠠ ᠶᠢ ᠲᠣᠭᠳᠠᠪᠣᠷᠢᠵᠢᠭᠤᠯᠬᠤ︾ ᠴᠢᠬᠤᠯᠠ ᠱᠠᠭᠠᠷᠳᠠᠯᠭ᠎ᠠ ᠶᠢ ᠲᠣᠣᠱᠯᠠᠭᠤᠯᠣᠨ | ᠨᠠᠶᠢᠳᠠᠪᠣᠷᠢᠵᠢᠭᠤᠯᠵᠣ᠂ ᠠᠵᠣ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠶᠣᠯ ᠲᠦᠭᠰᠢᠭᠦᠷᠢ ᠶᠢ | ᠰᠡᠷᠭᠡᠶᠢᠯᠡᠨ ᠰᠢᠢᠳᠪᠦᠷᠢᠯᠡᠬᠦ᠂ ᠨᠡᠶᠢᠭᠡᠮ ᠤᠨ ᠵᠢᠱᠢᠯᠳᠡ ᠶᠢ ᠰᠠᠶᠢᠵᠢᠷᠠᠭᠤᠯᠬᠤ ᠢᠯᠡ ᠲᠣᠳᠣ ᠣᠳᠣᠷᠢᠳᠣᠮᠵᠢ ᠶᠢ | ᠢᠯᠡᠷᠡᠭᠦᠯᠵᠦ᠂ ᠶᠡᠷᠦᠩᠭᠡᠢ ᠳᠡᠭᠡᠨ ᠢᠳᠡᠪᠬᠢᠳᠠᠢ ᠪᠠᠶᠢᠵᠣ᠂ ᠪᠣᠳᠠᠳᠠᠢ ᠠᠵᠢᠯ ᠤᠨ ᠳᠣᠮᠳᠠ ᠪᠢᠳᠡ ᠬᠠᠮᠤᠭ ᠶᠡᠭᠡ | ᠴᠢᠷᠮᠠᠶᠢᠯᠭ᠎ᠠ ᠭᠠᠷᠭᠠᠵᠣ᠂ ᠬᠠᠮᠤᠭ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠬᠤ ᠪᠣᠯᠣᠨ᠎ᠠ᠃ | ᠦᠨᠦ ᠵᠢᠯ ᠤᠨ ᠠᠵᠢᠯ ᠢ ᠰᠠᠶᠢᠳᠤᠷ ᠬᠢᠬᠦ ᠳᠤ᠂ ᠪᠢᠳᠡ ᠳᠣᠣᠷᠠᠬᠢ ᠭᠤᠷᠪᠡᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠬᠡ ᠳᠤ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ | ᠶᠢᠨ ᠤᠬᠠᠮᠰᠠᠷ ᠢ ᠪᠠᠳᠤ ᠴᠤᠭᠴᠠᠯᠠᠬᠤ ᠪᠤᠯ ᠦᠨᠳᠤᠰᠤᠳᠠᠨ ᠤ ᠭᠠᠵᠡᠷ ᠤᠷᠤᠨ ᠤ ᠡᠯ᠎ᠡ ᠵᠦᠢᠯ ᠤᠨ ᠠᠵᠢᠯ ᠤᠨ | ᠭᠤᠤᠯ ᠰᠢᠵᠢᠮ ᠮᠦᠨ ᠭᠡᠳᠡᠭ ᠢ ᠪᠠᠳᠤ ᠡᠵᠡᠮᠳᠡᠵᠦ᠂ ᠲᠡᠭᠡᠳᠤ ᠱᠠᠳᠤᠨ ᠤ ᠨᠡᠮ ᠤᠨ ᠬᠤᠷᠢᠶ᠎ᠠ᠂ ᠵᠠᠰᠠᠭ ᠤᠨ | ᠤᠷᠳᠤᠨ ᠪᠡ ᠬᠤᠰᠢᠭᠤ ᠨᠡᠮ ᠤᠨ ᠬᠤᠷᠢᠶᠠᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠰᠠᠶᠢᠳᠤᠷ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ | ᠢ ᠪᠠᠳᠤ ᠴᠤᠭᠴᠠᠯᠠᠬᠤ ᠡᠨᠡᠬᠦ ᠭᠤᠤᠯ ᠰᠢᠵᠢᠮ ᠢ ᠡᠯ᠎ᠡ ᠵᠦᠢᠯ ᠤᠨ ᠠᠵᠢᠯ ᠤᠨ ᠲᠤᠮᠳᠠ ᠪᠠᠨ ᠪᠤᠳᠠᠳᠠᠢ | ᠲᠤᠤᠱᠯᠠᠭᠤᠯᠵᠦ᠂ ᠵᠢᠱᠢᠶᠠᠴᠢ ᠦᠪᠡᠷᠳᠡᠭᠡᠨ ᠵᠠᠰᠠᠬᠤ ᠤᠷᠤᠨ ᠤ ᠡᠷᠬᠢᠮ ᠲᠡᠭᠡᠳᠤ ᠢᠷᠡᠭᠤ ᠠᠯᠳᠠᠷ ᠢ ᠰᠠᠶᠢᠳᠤᠷ | ᠬᠠᠮᠠᠭᠠᠯᠠᠨ᠎ᠠ᠃ ᠬᠤᠶᠠᠷ ᠲᠤ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶᠠᠨ ᠤ ᠲᠤᠷᠠᠳᠤᠭᠰᠠᠨ ︽ | ᠵᠢᠷᠭᠤᠭᠠᠨ ᠢᠨᠵᠧᠨᠧᠷᠢᠩ︾14 ᠢ ᠬᠦᠨᠵᠡᠬᠡᠢ ᠭᠡᠷᠡᠭᠵᠢᠬᠦᠯᠵᠦ᠂ ᠬᠠᠷᠠᠯᠳᠠ ᠡᠬᠦᠷᠭᠡ ᠶᠢ ᠤᠯᠠᠮ ᠨᠢᠭᠡ ᠠᠯᠬᠤᠮ | ᠨᠠᠷᠢᠯᠢᠭᠵᠢᠭᠤᠯᠵᠦ᠂ ᠨᠠᠩ ᠤᠯᠠᠨ ᠪᠤᠳᠠᠳᠠᠢ ᠠᠷᠭ᠎ᠠ ᠭᠡᠮᠵᠢᠶ᠎ᠠ ᠶᠢ ᠠᠪᠴᠦ᠂ ᠡᠯ᠎ᠡ ᠵᠦᠢᠯ ᠤᠨ ᠢᠨᠵᠧᠨᠧᠷᠢᠩ ᠢ | ᠪᠤᠳᠠᠳᠠᠢ ᠭᠡᠷᠡᠭᠵᠢᠬᠦᠯᠦᠨ ᠦᠷ᠎ᠡ ᠪᠦᠳᠤᠮᠵᠢ ᠭᠠᠷᠭᠠᠬᠤ ᠶᠢ ᠠᠬᠢᠭᠤᠯᠤᠨ᠎ᠠ᠃ ᠭᠤᠷᠪᠡ ᠳᠤ ᠨᠡᠮ ᠤᠨ ᠪᠦᠬᠦ ᠲᠠᠯ᠎ᠠ | ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠦ᠂ ᠬᠤᠰᠢᠭᠤ ᠨᠡᠮ ᠤᠨ ᠬᠤᠷᠢᠶᠠᠨ ᠤ ᠲᠤᠭᠳᠠᠭᠠᠭᠰᠠᠨ ︽ | ᠰᠠᠭᠤᠷᠢ ᠪᠠᠨ ᠲᠤᠭᠳᠠᠪᠤᠷᠢᠵᠢᠭᠤᠯᠵᠦ᠂ ᠰᠢᠨ᠎ᠡ ᠵᠡᠮ ᠢ ᠨᠡᠭᠡᠭᠡᠵᠦ᠂ ᠲᠤᠮᠳᠠ ᠲᠦᠪᠰᠢᠨ ᠳᠤ ᠤᠷᠤᠬᠤ︾ ᠲᠡᠮᠡᠴᠡᠬᠦ | ᠬᠠᠷᠠᠯᠳᠠ᠂ ︽ᠬᠤᠶᠠᠷ ᠰᠢᠨ᠎ᠡ ᠶᠢ ᠠᠬᠢᠭᠤᠯᠬᠤ᠂ ᠲᠡᠮᠦᠷᠯᠢᠭ ᠪᠤᠯᠪᠠᠰᠤᠷᠠᠭᠤᠯᠬᠤ ᠶᠢ ᠴᠢᠩᠭᠠᠳᠬᠠᠬᠤ᠂ ᠠᠭᠤᠷᠬᠠᠢ | ᠶᠢᠨ ᠭᠠᠷᠤᠯᠳᠠ ᠶᠢ ᠨᠡᠮᠡᠭᠳᠡᠬᠦᠯᠬᠦ᠂ ᠮᠠᠯ ᠠᠵᠦ ᠠᠬᠤᠢ ᠶᠢᠨ ᠪᠦᠳᠤᠴᠠ ᠶᠢ ᠰᠢᠯᠢᠳᠡᠭᠵᠢᠬᠦᠯᠬᠦ᠂ ᠲᠤᠨᠤᠭᠯᠠᠯ ᠤᠨ | ᠦᠢᠯᠡᠰ ᠢ ᠬᠦᠭᠵᠢᠬᠦᠯᠬᠦ︾ ᠬᠦᠭᠵᠢᠯᠳᠡ ᠶᠢᠨ ᠵᠡᠮ ᠪᠡ 2 — 3 ᠵᠢᠯ ᠳᠤ ᠤᠯᠠᠨ ᠨᠠᠶᠢᠳᠠ ᠶᠢᠨ ᠲᠦᠰᠦᠪ ᠤᠨ | ᠤᠷᠤᠯᠭ᠎ᠠ᠂ ᠠᠵᠦ ᠦᠢᠯᠡᠳᠪᠤᠷᠢ ᠶᠢᠨ ᠨᠡᠮᠡᠭᠳᠡᠯ ᠦᠷᠳᠡᠭ᠂ ᠴᠡᠪᠡᠷ ᠡᠨᠧᠷᠬᠢ ᠵᠡᠷᠭᠡ ︽ᠭᠤᠷᠪᠡ ᠶᠢ ᠲᠡᠬᠢᠨ ᠢᠶᠠᠷ | ᠨᠡᠮᠡᠭᠳᠡᠬᠦᠯᠬᠦ︾ ᠲᠦᠯᠦᠪᠯᠡᠭᠡ ᠶᠢᠨ ᠲᠤᠭᠤᠷᠢᠨ ᠳᠤ᠂ ᠨᠠᠶᠢᠳᠠᠪᠤᠷᠢᠵᠢᠭᠤᠯᠬᠤ ᠴᠢᠳᠠᠪᠤᠷᠢ᠂ ᠭᠡᠷᠡᠭᠵᠢᠬᠦᠯᠬᠦ ᠴᠢᠳᠠᠪᠤᠷᠢ᠂ | ᠲᠠᠯᠳᠠ ᠬᠦᠴᠦᠨ ᠤ ᠴᠢᠳᠠᠪᠤᠷᠢ ᠪᠠᠨ ᠲᠡᠭᠡᠭᠰᠢᠯᠡᠬᠦᠯᠵᠦ᠂ ᠡᠯ᠎ᠡ ᠵᠦᠢᠯ ᠤᠨ ᠠᠵᠢᠯ ᠤᠨ ᠡᠬᠦᠷᠭᠡ ᠶᠢ ᠪᠤᠳᠠᠳᠠᠢ | ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ | ︵ᠨᠢᠬᠡ︶ ᠪᠡᠯᠡ ᠤᠷᠤᠭᠤᠯᠤᠯᠳᠠ ᠶᠢ ᠦᠷᠭᠡᠳᠭᠡᠬᠦ᠂ ᠬᠦᠴᠦᠨ ᠴᠢᠳᠠᠯ ᠬᠤᠷᠠᠮᠳᠤᠭᠤᠯᠬᠤ ᠶᠢ ᠪᠡᠷᠢᠮᠳᠠᠯᠠᠵᠦ᠂ | ᠠᠵᠦ ᠠᠬᠤᠢ ᠶᠢᠨ ᠨᠡᠮᠡᠭᠳᠡᠯ ᠤᠨ ᠰᠢᠨ᠎ᠡ ᠬᠦᠳᠡᠯᠭᠡᠬᠦ ᠬᠦᠴᠦᠨ ᠢ ᠪᠤᠶᠢᠵᠢᠭᠤᠯᠤᠨ᠎ᠠ᠃ ᠨᠢᠬᠡ ᠳᠤ ᠠᠷᠭ᠎ᠠ ᠪᠦᠬᠦᠨ ᠢ | ᠰᠦᠪᠡᠭᠴᠢᠯᠠᠨ ᠠᠵᠦ ᠠᠬᠤᠢ ᠶᠢᠨ ᠡᠷᠬᠢᠯᠳᠡ ᠶᠢ ᠲᠤᠭᠳᠠᠪᠤᠷᠢᠵᠢᠭᠤᠯᠤᠨ᠎ᠠ᠃ ᠦᠢᠯᠡᠴᠢᠯᠠᠭᠡᠨ ᠤ ᠤᠬᠠᠮᠰᠠᠷ ᠢᠶᠠᠨ | ᠴᠢᠩᠭᠠᠳᠬᠠᠵᠦ᠂ ᠤᠷᠤᠨ ᠨᠤᠳᠤᠭ ᠤᠨ ᠠᠵᠦ ᠠᠬᠤᠶᠢᠯᠠᠯ ᠤᠨ ᠬᠦᠭᠵᠢᠯᠳᠡ ᠶᠢ ᠬᠠᠤᠯᠢ ᠶᠤᠰᠤᠭᠠᠷ ᠬᠠᠮᠠᠭᠠᠯᠠᠨ᠂ | ᠨᠠᠩ ᠰᠠᠶᠢᠨ ᠲᠠᠮᠵᠢᠵᠦ᠂ ᠠᠵᠦ ᠠᠬᠤᠶᠢᠯᠠᠯ ᠢ ᠬᠠᠪᠰᠤᠷᠤᠨ ᠬᠦᠳᠤᠯᠤᠨ ᠵᠢᠯᠤᠭᠤᠳᠴᠦ ᠪᠠᠶᠢᠭᠠᠳ ᠦᠢᠯᠡᠳᠪᠤᠷᠢᠯᠡᠯ | ᠢ ᠵᠤᠬᠢᠶᠠᠨ ᠪᠠᠶᠢᠭᠤᠯᠤᠨ ᠲᠤᠬᠢᠷᠠᠭᠤᠯᠬᠤ ᠠᠵᠢᠯ ᠢ ᠰᠠᠶᠢᠳᠤᠷ ᠬᠢᠵᠦ᠂ ᠦᠢᠯᠡᠳᠪᠤᠷᠢᠯᠡᠯ ᠤᠨ ᠲᠤᠮᠳᠠ ᠲᠤᠯᠭᠠᠷᠠᠭᠰᠠᠨ | ᠠᠵᠢᠯᠴᠢᠨ ᠭᠡᠷᠡᠭᠯᠡᠬᠦ᠂ ᠪᠡᠯᠡ ᠮᠦᠩᠬᠦ ᠵᠡᠷᠭᠡ ᠲᠠᠯ᠎ᠠ ᠶᠢᠨ ᠬᠦᠴᠢᠷᠳᠡᠯ ᠢ ᠴᠠᠭ ᠲᠤᠬᠠᠢ ᠳᠤᠨᠢ ᠰᠢᠢᠳᠪᠤᠷᠢᠯᠡᠵᠦ᠂ | ᠠᠮᠤᠷ ᠲᠦᠪᠰᠢᠨ ᠢ ᠪᠠᠳᠤᠯᠠᠭᠰᠠᠨ ᠤᠷᠢᠳᠠᠯ ᠲᠤᠤᠷ᠎ᠡ᠂ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠦ᠂ | ᠪᠠᠶᠢᠭᠤᠯᠵᠦ ᠪᠠᠶᠢᠭ᠎ᠠ ᠰᠢᠨ᠎ᠡ ᠡᠨᠧᠷᠬᠢ ᠶᠢᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠠᠬᠢᠴᠠ ᠶᠢ | ᠲᠦᠷᠭᠡᠳᠭᠡᠵᠦ᠂ ᠲᠤᠤᠷ ᠲᠤ ᠨᠡᠶᠢᠯᠡᠬᠦᠯᠬᠦ ᠨᠦᠬᠦᠴᠠᠯ ᠪᠦᠷᠢᠯᠳᠤᠪᠡᠯ ᠴᠠᠭ ᠲᠤᠬᠠᠢ ᠳᠤᠨᠢ ᠲᠤᠤᠷ ᠲᠤ ᠨᠡᠶᠢᠯᠡᠬᠦᠯᠬᠦ | ᠶᠢ ᠦᠨᠡᠨᠬᠦ ᠪᠠᠳᠤᠯᠠᠵᠦ᠂ ᠨᠢᠬᠡᠨᠳᠡ ᠠᠰᠢᠭᠯᠠᠯᠳᠠ ᠳᠤ ᠤᠷᠤᠭᠰᠠᠨ 12 ᠰᠢᠨ᠎ᠡ ᠡᠨᠧᠷᠬᠢ ᠶᠢᠨ ᠠᠵᠦ ᠠᠬᠤᠶᠢᠯᠠᠯ ᠤᠨ | ᠬᠦᠢᠴᠡᠳ ᠴᠠᠬᠢᠯᠭᠠᠨ ᠭᠠᠷᠭᠠᠯᠳᠠ ᠶᠢ ᠪᠠᠶᠠᠯᠡᠬᠦᠯᠵᠦ᠂ ᠠᠯᠳᠠᠨ ᠤ ᠠᠭᠤᠷᠬᠠᠢ᠂ ᠵᠡᠰ ᠤᠨ ᠠᠭᠤᠷᠬᠠᠢ᠂ ᠬᠤᠵᠢᠷ ᠤᠨ | ᠠᠭᠤᠷᠬᠠᠢ ᠪᠡ ᠰᠢᠨ ᠮᠧᠩ ᠰᠢᠨ ᠮᠡᠲ᠋ᠧᠷᠢᠶᠠᠯ᠂ ᠬᠤᠸᠡ ᠰᠢᠩ ᠠᠵᠦ ᠠᠬᠤᠶᠢᠯᠠᠯ ᠤᠨ ᠦᠢᠯᠡᠳᠪᠤᠷᠢᠯᠡᠯ ᠤᠨ | ᠴᠢᠳᠠᠪᠬᠢ ᠶᠢ ᠪᠠᠳᠤᠯᠠᠵᠦ᠂ ᠵᠢᠯ ᠤᠨ ᠡᠬᠢᠨ ᠳᠤ ︽ᠰᠠᠶᠢᠨ ᠡᠬᠢᠯᠡᠯᠳᠡ︾ ᠲᠠᠢ᠂ ᠵᠢᠯ ᠤᠨ ᠲᠤᠮᠳᠠ ︽ᠬᠤᠶᠠᠷ | ᠡᠬᠦᠷᠭᠡ ᠪᠠᠨ ᠬᠠᠭᠠᠰ ᠠᠴᠠ ᠲᠡᠭᠡᠭᠰᠢ ᠪᠡᠶᠡᠯᠡᠬᠦᠯᠬᠦ︾ ᠶᠢ ᠪᠠᠳᠤᠯᠠᠵᠦ᠂ ᠪᠦᠬᠦ ᠵᠢᠯ ᠳᠤ ︽ᠲᠡᠬᠦᠰ ᠠᠮᠵᠢᠯᠳᠠ︾ | ᠤᠯᠬᠤ ᠪᠠᠷ ᠴᠢᠷᠮᠡᠶᠢᠨ᠎ᠡ᠃ ︽ᠰᠠᠨ ᠢ ᠺᠤᠮᠫᠠᠨᠢ ᠶᠢᠨ ᠪᠤᠬᠢᠷᠳᠤᠯ ᠦᠬᠡᠢ ᠤᠶᠤᠨᠴᠢ ᠪᠠᠷ ᠦᠢᠯᠡᠳᠬᠦ ᠠᠵᠦ ᠦᠢᠯᠡᠰ | ᠤᠨ ᠲᠤᠭᠤᠷᠢᠭ︾᠂ ᠵᠦᠩ ᠴᠠ ᠴᠠᠬᠢᠯᠭᠠᠨ ᠬᠦᠳᠡᠯᠬᠡᠬᠦᠷᠢᠳᠤ ᠤᠶᠤᠨᠴᠢ ᠢᠨᠵᠧᠨᠧᠷᠢᠩ ᠤᠨ ᠲᠤᠨᠤᠭᠯᠠᠯ ᠤᠨ | ᠬᠤᠶᠠᠳᠤᠭᠠᠷ ᠬᠤᠭᠤᠴᠠᠭ᠎ᠠ ᠵᠡᠷᠭᠡ ᠦᠷᠬᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢ | ᠲᠤᠭᠳᠠᠭᠠᠬᠤ᠂ ᠲᠤᠭᠳᠠᠭᠰᠠᠨ ᠴᠠᠭ ᠲᠠᠭᠠᠨ ᠠᠵᠢᠯ ᠢᠶᠠᠨ ᠰᠡᠷᠬᠦᠭᠡᠬᠦ ᠶᠢ ᠨᠢ ᠱᠠᠯᠠᠪᠳᠠᠭᠤᠯᠵᠦ᠂ ᠲᠤᠬᠠᠢ ᠶᠢᠨ ᠵᠢᠯ | ᠳᠤ ᠪᠦᠷᠢᠳᠭᠡᠯ ᠳᠤ ᠤᠷᠤᠭᠤᠯᠬᠤ ᠶᠢ ᠪᠠᠳᠤᠯᠠᠨ᠎ᠠ᠃ ᠪᠤᠤ ᠳ᠋ᠧ ᠯᠢ᠂ ᠬᠠᠢ ᠵᠢᠶᠦ᠋ᠨ᠂ ᠹᠦ᠋ ᠪᠠᠩ ᠵᠡᠷᠭᠡ 3 | ᠬᠠᠶᠢᠯᠤᠭᠤᠷ ᠵᠤᠩᠰᠢ ᠶᠢᠨ ᠠᠭᠤᠷᠬᠠᠢ ᠶᠢᠨ ᠭᠠᠷ ᠬᠦᠢᠴᠡᠳᠭᠡᠯ ᠢ ᠬᠦᠢᠴᠡᠳᠭᠡᠬᠦ ᠪᠡ ᠢᠵᠢ ᠪᠦᠷᠢᠨ ᠲᠦᠬᠦᠭᠡᠷᠤᠮᠵᠢ | ᠶᠢᠨ ᠪᠦᠳᠤᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠡᠮᠵᠢᠵᠦ᠂ ᠡᠷᠳᠡᠭᠡᠨ ᠠᠰᠢᠭᠯᠠᠯᠳᠠ ᠳᠤ | ᠤᠷᠤᠭᠤᠯᠤᠨ ᠦᠷ᠎ᠡ ᠠᠰᠢᠭ ᠭᠠᠷᠭᠠᠬᠤ ᠶᠢ ᠪᠠᠳᠤᠯᠠᠨ᠎ᠠ᠃ ᠬᠤᠶᠠᠷ ᠲᠤ ᠲᠦᠷᠦᠯ ᠵᠦᠢᠯ ᠤᠨ ᠪᠦᠳᠤᠭᠡᠨ | ᠪᠠᠶᠢᠭᠤᠯᠤᠯᠳᠠ ᠶᠢ ᠴᠢᠩᠭ᠎ᠠ ᠠᠳᠬᠤᠨ᠎ᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ᠂ ᠲᠦᠷᠦᠯ ᠵᠦᠢᠯ ᠤᠨ | ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ︽ᠲᠡᠷᠢᠬᠦᠨ ᠢᠨᠵᠧᠨᠧᠷᠢᠩ︾ ᠪᠤᠯᠭᠠᠵᠦ᠂ ᠭᠤᠤᠯᠳᠠᠯᠭ᠎ᠠ ᠲᠠᠢ | ᠲᠦᠷᠦᠯ ᠵᠦᠢᠯ ᠤᠨ ᠭᠠᠷᠳᠠᠮ ᠢ ᠪᠦᠬᠦᠨ ᠢ ᠬᠦᠢᠴᠡᠳᠭᠡᠵᠦ ᠲᠠᠭᠤᠰᠬᠠᠬᠤ ᠠᠵᠢᠯᠯᠠᠭ᠎ᠠ ᠶᠢ ᠦᠷᠬᠦᠯᠵᠢᠯᠡᠨ | ᠬᠦᠨᠵᠡᠬᠡᠶᠢᠷᠡᠬᠦᠯᠵᠦ᠂ ︽ᠲᠦᠷᠪᠡᠨ ᠨᠢᠭᠡ︾ ︵ᠨᠢᠬᠡ ᠲᠦᠷᠦᠯ ᠵᠦᠢᠯ᠂ ᠨᠢᠭᠡ ᠭᠠᠵᠡᠷ ᠤᠨ ᠲᠠᠰ ᠤᠨ | ᠤᠳᠤᠷᠢᠳᠤᠯᠭ᠎ᠠ᠂ ᠨᠢᠭᠡ ᠲᠤᠰᠬᠠᠢ ᠠᠩᠬᠢ᠂ ᠨᠢᠭᠡ ᠲᠦᠢᠯᠪᠤᠷᠢᠳᠡᠢ ᠠᠳᠬᠤᠬᠤ︶ ᠶᠢᠨ ᠲᠦᠷᠦᠯ ᠵᠦᠢᠯ ᠢ | ᠠᠬᠢᠭᠤᠯᠬᠤ ᠲᠤᠭᠳᠠᠴᠠ ᠶᠢ ᠴᠢᠩᠭ᠎ᠠ ᠨᠡᠶᠢᠳᠡᠪᠤᠷᠢᠵᠢᠭᠤᠯᠵᠦ᠂ ︽ᠨᠢᠬᠡ ᠢᠵᠢ ᠲᠠᠩᠰᠠ ᠡᠪᠭᠡᠮᠡᠯ᠂ ᠨᠢᠭᠡ | ᠬᠠᠭᠤᠳᠠᠰᠤ ᠨᠡᠷᠢᠨ ᠲᠠᠩᠰᠠ᠂ ᠨᠢᠭᠡ ᠬᠤᠪᠢ ᠲᠤᠪᠴᠢ ᠲᠠᠨᠢᠯᠴᠠᠭᠤᠯᠭ᠎ᠠ᠂ ᠨᠢᠭᠡ ᠰᠢᠯᠳᠠᠭᠠᠨ ᠦᠷ᠎ᠡ ᠶᠢᠨ | ᠵᠠᠳᠠᠯᠤᠯᠳᠠ ᠶᠢᠨ ᠵᠢᠷᠤᠭ︾ ᠢᠶᠠᠷ ᠪᠠᠷᠢᠯᠭ᠎ᠠ ᠶᠢᠨ ᠬᠤᠭᠤᠴᠠᠭ᠎ᠠ ᠶᠢ ᠲᠤᠭᠳᠠᠭᠠᠵᠦ᠂ ᠡᠯᠬᠦᠮᠡᠯ ᠵᠢᠷᠤᠭ ᠢᠶᠠᠷ | ᠠᠵᠢᠯᠯᠠᠵᠦ᠂ ᠤᠨ ᠤ ᠭᠤᠤᠯᠳᠠᠯᠭ᠎ᠠ ᠲᠠᠢ 46 ᠲᠦᠷᠦᠯ ᠵᠦᠢᠯ ᠢ 3 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠤᠨ᠎ᠡ | ᠪᠦᠬᠦᠨ ᠢ ᠠᠵᠢᠯ ᠢᠶᠠᠨ ᠰᠡᠷᠬᠦᠬᠡᠵᠦ ᠡᠬᠢᠯᠡᠬᠦᠯᠬᠦ ᠨᠦᠬᠦᠴᠠᠯ ᠪᠦᠷᠢᠯᠳᠤᠬᠦᠯᠬᠦ ᠶᠢ ᠪᠠᠳᠤᠯᠠᠨ᠎ᠠ᠃ ᠪᠦᠬᠦ ᠠᠶᠢᠮᠠᠭ ᠤᠨ | ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠦ ᠦᠢᠯᠡᠰ ᠤᠨ ᠭᠡᠯᠬᠢᠶᠠᠨ ᠤ ︽ᠬᠤᠶᠠᠷ ᠵᠢᠷᠤᠭ ᠬᠤᠶᠠᠷ | ᠬᠦᠰᠦᠨᠦᠭᠳᠤ ᠬᠤᠶᠠᠷ ᠬᠦᠮᠦᠷᠭᠡ︾15 ᠪᠡ ᠪᠦᠬᠦ ᠬᠤᠰᠢᠭᠤᠨ ᠤ ᠠᠷᠠᠯᠵᠢᠶᠠᠴᠢᠨ ᠤᠷᠢᠵᠦ ᠪᠡᠯᠡ ᠤᠷᠤᠭᠤᠯᠬᠤ | ᠠᠵᠢᠯ ᠤᠨ ᠲᠦᠰᠦᠯ ᠢ ᠦᠨᠳᠤᠰᠤᠯᠠᠵᠦ᠂ ᠪᠤᠬᠢᠷᠳᠤᠯ ᠦᠬᠡᠢ ᠴᠠᠬᠢᠯᠭᠠᠨ ᠤ ᠲᠠᠪᠠᠭᠤᠯᠢᠭ᠂ ᠡᠬᠢ ᠪᠠᠶᠠᠯᠢᠭ ᠤᠨ | ᠲᠠᠪᠠᠭᠤᠯᠢᠭ ᠪᠡ ᠤᠳᠤ ᠪᠠᠶᠢᠭ᠎ᠠ ᠠᠵᠦ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠪᠦᠬᠦ ᠬᠡᠯᠬᠢᠶᠠᠵᠢᠯ ᠤᠨ | ᠬᠠᠷᠠᠭᠠᠰᠤ ᠠᠴᠠ ᠭᠤᠤᠯᠳᠠᠯᠭ᠎ᠠ ᠲᠠᠢ ᠬᠦᠷᠢᠶ᠎ᠠ ᠴᠡᠷ᠎ᠡ ᠶᠢᠨ ᠭᠡᠯᠬᠢᠶ᠎ᠠ ᠶᠢ ᠤᠷᠳᠤᠳᠬᠠᠨ ᠨᠦᠬᠦᠪᠤᠷᠢᠯᠠᠨ ᠬᠡᠯᠬᠢᠶ᠎ᠠ ᠶᠢ | ᠴᠢᠩᠭᠠᠳᠬᠠᠬᠤ ᠲᠦᠷᠦᠯ ᠵᠦᠢᠯ ᠢ ᠲᠦᠰᠦᠪᠯᠡᠨ ᠤᠷᠤᠭᠤᠯᠵᠦ᠂ ︽ᠳ᠋ᠠᠩ ᠭᠠᠭᠴᠠ ᠲᠦᠷᠦᠯ ᠵᠦᠢᠯ᠂ ᠳ᠋ᠠᠩ ᠭᠠᠭᠴᠠ | ᠠᠵᠦ ᠠᠬᠤᠶᠢᠯᠠᠯ ᠢ ᠲᠡᠳᠡᠨ ᠤᠷᠤᠭᠤᠯᠵᠦ︾ ᠪᠠᠶᠢᠭᠰᠠᠨ ᠠᠴᠠ ᠪᠠᠨ ︽ᠠᠵᠦ ᠦᠢᠯᠡᠰ ᠤᠨ ᠪᠦᠷᠢᠨ ᠪᠦᠳᠤᠨ | ᠭᠡᠯᠬᠢᠶ᠎ᠠ ᠶᠢ ᠪᠠᠶᠢᠭᠤᠯᠵᠤ᠂ ᠠᠵᠦ ᠦᠢᠯᠡᠰ ᠤᠨ ᠰᠦᠷᠦᠭᠵᠢᠯ ᠤᠨ ᠬᠦᠭᠵᠢᠯᠳᠡ ᠶᠢ ᠠᠬᠢᠭᠤᠯᠬᠤ︾ ᠲᠡᠰᠢ | ᠬᠤᠪᠢᠷᠠᠭᠤᠯᠬᠤ ᠪᠠᠷ ᠴᠢᠷᠮᠡᠶᠢᠵᠦ᠂ ᠵᠢᠯ ᠤᠨ ᠲᠤᠳᠤᠷ᠎ᠡ ᠤᠯᠤᠰ ᠤᠨ ᠲᠤᠳᠤᠭᠠᠳᠤ ︵ᠤᠷᠤᠨ ᠤ ᠭᠠᠳᠠᠨᠠᠬᠢ︶ ᠶᠢᠨ | ᠲᠦᠷᠦᠯ ᠵᠦᠢᠯ ᠢ ᠲᠠᠳᠠᠨ ᠤᠷᠤᠭᠤᠯᠵᠦ 13 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ | ᠨᠠᠶᠢᠳᠠᠪᠤᠷᠢᠵᠢᠭᠤᠯᠵᠦ᠂ 20% ᠪᠠᠷ ᠨᠡᠮᠡᠭᠳᠡᠬᠦᠯᠦᠨ᠎ᠡ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠢ ᠶᠡᠬᠡᠪᠡᠷ ᠭᠡᠷᠡᠭᠵᠢᠬᠦᠯᠵᠦ᠂ ᠠᠵᠢᠯ ᠤᠨ ᠲᠤᠰᠬᠠᠢ ᠠᠩᠭᠢ ᠪᠠ 11 ᠲᠤᠰᠬᠠᠢ ᠳᠤᠭᠤᠶᠢᠯᠠᠩ | ᠪᠠᠶᠢᠭᠤᠯᠵᠤ᠂ ᠭᠦᠨᠵᠡᠭᠡᠢ ᠰᠤᠳᠤᠯᠵᠤ᠂ ᠵᠤᠷᠪᠤᠰ ᠳᠠᠷᠠᠭᠠᠯᠠᠨ ᠡᠮᠬᠢᠯᠡᠵᠦ᠂ ᠪᠥᠬᠦ ᠲᠠᠯ᠎ᠠ ᠪᠠᠷ ᠠᠷᠭ᠎ᠠ ᠰᠦᠪᠡᠭᠴᠢᠯᠡᠵᠦ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠳᠡᠮᠵᠢᠬᠦ ︽ᠰᠠᠨᠠᠯ︾ | ᠵᠢᠴᠢ ᠢᠵᠢ ᠪᠦᠷᠢᠨ ᠠᠷᠭ᠎ᠠ ᠬᠡᠮᠵᠢᠶ᠎ᠡ ᠠᠴᠠ ᠲᠥᠷᠥ ᠶᠢᠨ ᠪᠣᠳᠣᠯᠭ᠎ᠠ ᠶᠢ ᠠᠭᠤᠳᠠᠯᠠᠨ᠂ ᠪᠡᠯᠡ ᠮᠥᠩᠭᠦ ᠭᠤᠶᠤᠴᠢᠯᠠᠨ | ᠤᠯᠵᠦ᠂ ᠨᠡᠩ ᠤᠯᠠᠨ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠪᠡ ᠠᠶᠢᠮᠠᠭ ᠤᠨ ᠱᠠᠳᠤᠨ ᠤ ᠲᠦᠷᠦᠯ | ᠵᠦᠢᠯ ᠤᠨ ︽ᠶᠡᠭᠡ ᠭᠡᠪᠴᠢᠶ᠎ᠠ︾ ᠳᠤ ᠤᠷᠤᠭᠤᠯᠬᠤ ᠪᠠᠷ ᠴᠢᠷᠮᠡᠶᠢᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ᠃ | ᠳᠡᠭᠡᠳᠦ ᠱᠠᠲᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠡᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢᠶᠠᠷ ᠪᠠᠭ᠎ᠠ ᠵᠢᠵᠢᠭ ᠠᠵᠤ | ᠠᠬᠤᠶᠢᠯᠠᠯ ᠢ ᠳᠡᠮᠵᠢᠵᠦ᠂ ᠳᠤᠮᠳᠠ ᠪᠠᠭ᠎ᠠ ᠠᠵᠤ ᠠᠬᠤᠶᠢᠯᠠᠯ ᠤᠨ ︽ᠪᠡᠯᠡ ᠬᠤᠷᠠᠮᠳᠤᠭᠤᠯᠬᠤ ᠳᠤ ᠬᠦᠴᠢᠷᠲᠡᠢ︾ | ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠠᠵᠤ | ᠠᠬᠤᠶᠢᠯᠠᠯ ᠢ ᠮᠥᠷᠳᠡᠨ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ | ᠭᠠᠶᠢᠯᠢ ᠲᠤᠰᠢᠶᠠᠬᠤ ᠠᠮᠠᠯᠠᠯᠲᠠ ᠪᠠᠨ ᠭᠦᠢᠴᠡᠳᠬᠡᠬᠦ ᠶᠢ ᠨᠢ ᠬᠠᠤᠯᠢ ᠶᠣᠰᠣᠭᠠᠷ ᠱᠠᠯᠠᠪᠳᠠᠭᠤᠯᠵᠦ᠂ ᠡᠳ᠋ ᠤᠨ ᠢᠷᠡᠯᠲᠡ | ᠪᠡ ᠭᠠᠶᠢᠯᠢ ᠶᠢᠨ ᠢᠷᠡᠯᠲᠡ ᠶᠢ ᠨᠠᠩ ᠶᠡᠭᠡ ᠨᠡᠮᠡᠭᠳᠡᠬᠦᠯᠵᠦ᠂ 2 — 3 ᠵᠢᠯ ᠤᠨ ᠬᠤᠭᠤᠴᠠᠭᠠᠨ ᠳᠤ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠪᠡᠶᠡᠯᠡᠭᠦᠯᠦᠨ᠎ᠡ᠃ | ᠭᠤᠷᠪᠠ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ | ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ︽ᠪᠥᠬᠦ ᠨᠡᠶᠢᠭᠡᠮ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠵᠢᠯ ᠤᠨ ᠲᠥᠰᠥᠯ︾ ᠢ ᠰᠠᠶᠢᠲᠤᠷ | ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠵᠢᠴᠢ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ | ᠵᠡᠷᠭᠡ 4 ᠬᠦᠷᠢᠶ᠎ᠡ ᠴᠡᠷ᠎ᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠮᠠᠯᠠᠯᠲᠠ ᠪᠠᠨ ᠪᠠᠲᠤ ᠰᠠᠬᠢᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠡᠶᠡᠯᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠠᠭ | ᠢᠶᠠᠨ ᠤᠷᠳᠤᠳᠬᠠᠨ ᠦᠢᠯᠡᠴᠢᠯᠡᠭᠡ ᠬᠠᠩᠭᠠᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠦᠨᠳᠦᠰᠦᠨ ᠱᠠᠲᠤ ᠲᠠᠰᠢ ᠦᠷᠬᠦᠯᠵᠢᠯᠡᠬᠦᠯᠬᠦ ᠶᠢ | ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠣᠶᠢᠷ᠎ᠠ ᠬᠠᠪᠢ ᠳᠤᠨᠢ ᠬᠦᠢᠴᠡᠳᠭᠡᠬᠦ᠂ ᠭᠡᠷ ᠲᠤᠨᠢ | ᠬᠦᠷᠴᠦ ᠬᠦᠢᠴᠡᠳᠭᠡᠬᠦ︾ ᠶᠢ ᠪᠡᠶᠡᠯᠡᠭᠦᠯᠦᠨ᠎ᠡ᠃ ᠲᠠᠬᠢᠨ ᠲᠠᠪᠳᠠᠨ ᠬᠦᠢᠴᠡᠳᠭᠡᠬᠦ ᠵᠦᠢᠯᠡᠰ ᠢ ︽ᠭᠠᠷ ᠤᠳᠠᠰᠤᠨ | ᠲᠡᠭᠡᠷ᠎ᠡ ᠭᠦᠢᠴᠡᠳᠬᠡᠬᠦ︾ ᠶᠢ ᠠᠬᠢᠭᠤᠯᠵᠤ᠂ ᠰᠦᠯᠵᠢᠶᠡᠨ ᠳᠡᠭᠡᠷ᠎ᠡ ︽ᠭᠦᠢᠴᠡᠳᠬᠡᠵᠦ ᠪᠣᠯᠬᠤ︾ ᠪᠠᠶᠢᠭᠰᠠᠨ ᠠᠴᠠ ︽ | ᠬᠦᠢᠴᠡᠳᠭᠡᠬᠦ ᠳᠤ ᠠᠮᠠᠷᠬᠠᠨ︾ ᠪᠣᠯᠭᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠯᠧᠺᠲᠷᠣᠨ | ᠦᠨᠡᠮᠯᠡᠯ ᠤᠨ ᠠᠰᠢᠭᠯᠠᠯᠳᠠ ᠶᠢ ᠨᠡᠮᠡᠭᠳᠡᠬᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ | ᠭᠦᠢᠴᠡᠳᠬᠡᠬᠦ ᠳᠤ ︽ᠦᠨᠡᠮᠯᠡᠯ ᠢ ᠴᠦᠬᠡᠳᠭᠡᠨ ᠭᠦᠢᠴᠡᠳᠬᠡᠬᠦ︾ ︽ᠦᠨᠡᠮᠯᠡᠯ ᠢ ᠨᠢ ᠬᠡᠯᠲᠦᠷᠢᠭᠦᠯᠬᠦ︾ ᠶᠢ ᠲᠦᠯᠬᠢᠨ | ᠠᠬᠢᠭᠤᠯᠵᠤ᠂ ᠦᠷᠬᠦᠯᠵᠢ ᠭᠡᠷᠡᠭᠯᠡᠭᠳᠡᠬᠦ ᠡᠯᠧᠺᠲᠷᠣᠨ ᠦᠨᠡᠮᠯᠡᠯ ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ | ᠮᠡᠳᠡᠷᠡᠬᠦ ᠶᠢ ᠬᠡᠷᠡᠭᠵᠢᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠣᠯᠠᠨ ᠲᠦᠮᠡᠨ ᠤ ᠦᠷᠬᠦᠯᠵᠢ ᠵᠠᠭᠠᠯᠳᠤᠬᠤ ᠪᠠ ᠬᠦᠴᠢᠷ ᠲᠦᠪᠡᠭᠲᠡᠢ ᠠᠰᠠᠭᠤᠳᠠᠯ ᠢ ᠨᠠᠷᠢᠨ | ᠬᠢᠨᠠᠮᠠᠭᠠᠢ ᠡᠮᠬᠢᠯᠡᠨ ᠵᠠᠳᠠᠯᠵᠤ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠭᠦᠢᠴᠡᠳᠬᠡᠬᠦ︾ | ᠪᠠᠶᠢᠭᠰᠠᠨ ᠠᠴᠠ ᠪᠠᠨ ︽ᠵᠠᠭᠠᠯᠳᠤᠬᠤ ᠠᠴᠠ ᠡᠮᠤᠨ᠎ᠡ ᠤᠷᠢᠳᠠᠪᠠᠷ ᠭᠦᠢᠴᠡᠳᠬᠡᠬᠦ︾ ᠳᠠᠰᠢ ᠬᠤᠪᠢᠷᠠᠭᠤᠯᠬᠤ ᠶᠢ | ᠠᠬᠢᠭᠤᠯᠵᠤ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢ ᠶᠢᠨ ᠬᠡᠮᠵᠢᠶ᠎ᠠ ᠪᠠ ᠰᠢᠢᠳᠪᠦᠷᠢᠯᠡᠵᠦ ᠲᠠᠭᠤᠰᠬᠠᠭᠰᠠᠨ | ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠠᠵᠤ ᠦᠢᠯᠡᠰ ᠤᠨ ᠰᠠᠭᠤᠷᠢ ᠶᠢ ᠪᠠᠲᠤᠳᠬᠠᠬᠤ᠂ ᠭᠡᠪᠴᠢᠶ᠎ᠠ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠨᠴᠠᠯᠢᠭᠲᠤ ᠠᠵᠤ ᠦᠢᠯᠡᠰ ᠤᠨ ᠰᠢᠨ᠎ᠡ ᠳᠠᠪᠠᠭᠤᠯᠢᠭ ᠢ ᠲᠥᠪᠯᠡᠷᠡᠭᠦᠯᠦᠨ᠎ᠡ᠃ | ᠨᠢᠬᠡ ᠳᠤ ᠠᠵᠤ ᠦᠢᠯᠡᠳᠪᠦᠷᠢ ᠶᠢᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠬᠦᠯᠦᠨ᠎ᠡ᠃ ︽ᠴᠡᠪᠡᠷ ᠡᠨᠧᠷᠬᠢ + | ᠴᠢᠨᠡᠷ ᠰᠠᠶᠢᠳᠠᠢ ᠠᠴᠢᠶᠠᠯᠠᠬᠤ ᠴᠢᠳᠠᠪᠤᠷᠢ︾ ᠪᠠᠷ ᠭᠤᠤᠯ ᠴᠢᠭᠯᠡᠯ ᠪᠤᠯᠭᠠᠵᠦ᠂ 2 — 3 ᠵᠢᠯ ᠤᠨ ᠲᠤᠳᠤᠷ᠎ᠡ ᠰᠢᠨ᠎ᠡ | ᠡᠨᠧᠷᠬᠢ ᠶᠢ ᠲᠠᠬᠢᠨ ᠢᠶᠠᠷ ᠨᠡᠮᠡᠭᠳᠡᠬᠦᠯᠬᠦ ᠪᠡ ᠠᠵᠦ ᠦᠢᠯᠡᠳᠪᠤᠷᠢ ᠶᠢᠨ ᠨᠡᠮᠡᠭᠳᠡᠯ ᠦᠷᠳᠡᠭ ᠢ ᠲᠠᠬᠢᠨ ᠢᠶᠠᠷ | ᠨᠡᠮᠡᠭᠳᠡᠬᠦᠯᠬᠦ ᠲᠦᠯᠦᠪᠯᠡᠭᠡ ᠶᠢ ᠪᠠᠶᠠᠯᠠᠬᠦᠯᠵᠦ᠂ ᠬᠤᠰᠢᠭᠤ ᠨᠡᠮ ᠤᠨ ᠬᠤᠷᠢᠶᠠᠨ ᠤ ᠲᠤᠷᠠᠳᠤᠭᠰᠠᠨ ︽ᠠᠵᠦ | ᠦᠢᠯᠡᠳᠪᠤᠷᠢ ᠶᠢᠨ ᠰᠦᠨᠢᠳ ᠪᠠᠷᠠᠭᠤᠨ ᠬᠤᠰᠢᠭᠤ︾ ᠶᠢ ᠪᠠᠶᠢᠭᠤᠯᠬᠤ ᠬᠠᠷᠠᠯᠳᠠ ᠶᠢ ᠲᠦᠷᠭᠡᠨ ᠪᠠᠶᠠᠯᠡᠬᠦᠯᠦᠨ᠎ᠡ᠃ | ᠰᠢᠨ᠎ᠡ ᠡᠨᠧᠷᠬᠢ ᠶᠢᠨ ᠠᠵᠦ ᠦᠢᠯᠡᠰ ᠤᠨ ᠰᠠᠭᠤᠷᠢ ᠶᠢ ᠪᠠᠬᠢᠵᠢᠬᠦᠯᠦᠨ᠎ᠡ᠃ ᠪᠦᠬᠦ ᠠᠶᠢᠮᠠᠭ ᠤᠨ ᠰᠦᠨᠢᠳ ᠤᠨ | ᠴᠦᠯᠡᠷᠭᠡᠭ ᠨᠤᠳᠤᠭ ᠪᠡᠯᠴᠢᠬᠡᠷ ᠤᠨ ᠮᠢᠩᠭᠠᠨ ᠲᠦᠮᠡᠨ ᠺᠢᠯᠦᠸᠡᠲ ᠤᠨ ᠲᠠᠰ ᠤᠨ ᠪᠤᠬᠢᠷᠳᠤᠯ ᠦᠬᠡᠢ ᠴᠠᠬᠢᠯᠭᠠᠨ ᠤ | ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠪᠡ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠡᠷ ᠤᠨ ᠨᠡᠷᠡᠨ | ᠤ ᠡᠨᠧᠷᠬᠢ ᠪᠠᠷ ᠡᠯᠡᠰᠦ ᠶᠢ ᠵᠠᠰᠠᠬᠤ ᠶᠢ ᠲᠦᠯᠦᠪᠵᠢᠬᠦᠯᠬᠦ ᠲᠦᠷᠦ ᠶᠢᠨ ᠪᠤᠳᠤᠯᠭ᠎ᠠ ᠶᠢᠨ ᠲᠤᠬᠢᠶᠠᠯ ᠢ ᠰᠠᠶᠢᠳᠤᠷ | ᠠᠳᠬᠤᠵᠦ᠂ ᠮᠡᠨ ᠤ ᠬᠤᠰᠢᠭᠤᠨ ᠤ ᠡᠯᠪᠡᠭ ᠪᠠᠶᠠᠯᠢᠭ ᠰᠠᠯᠬᠢ ᠨᠡᠷᠡᠨ ᠤ ᠡᠬᠢ ᠪᠠᠶᠠᠯᠢᠭ ᠪᠡ ᠭᠠᠵᠡᠷ ᠰᠢᠷᠦᠢ ᠶᠢᠨ | ᠲᠠᠪᠠᠭᠤᠯᠢᠭ ᠲᠠᠭᠠᠨ ᠲᠦᠰᠢᠭᠯᠡᠨ᠂ ᠲᠡᠭᠡᠳᠤ ᠱᠠᠳᠤᠨ ᠠᠴᠠ ᠲᠦᠷᠦᠯ ᠵᠦᠢᠯ ᠢ ᠢᠳᠡᠪᠬᠢᠳᠡᠢ ᠭᠤᠶᠤᠴᠢᠯᠠᠨ ᠤᠯᠬᠤ | ᠶᠢᠨ ᠬᠠᠮᠳᠤ᠂ ᠮᠧᠩ ᠨᠧᠩ 100 ᠲᠦᠮᠡᠨ ᠺᠢᠯᠤᠸᠡᠲ ᠤᠨ ᠰᠠᠯᠬᠢᠨ ᠬᠦᠴᠦᠨ ᠤ ᠴᠠᠬᠢᠯᠭᠠᠨ ᠢ ᠨᠦᠬᠡᠴᠠᠯᠠᠬᠦ | ᠲᠦᠷᠦᠯ ᠵᠦᠢᠯ ᠪᠡ ᠵᠢᠷᠦᠬᠡ ᠪᠠᠯᠭᠠᠰᠤᠨ ᠤ ᠰᠢᠨ ᠮᠢᠨ ᠨᠡᠶᠢᠭᠡᠮ ᠲᠤᠭᠤᠷᠢᠭ ᠤᠨ ᠵᠢᠷᠭᠠᠯᠠᠩᠳᠤ ᠬᠦᠷᠢᠶᠠᠯᠠᠩ ᠤᠨ ︽ | ᠤᠶᠤᠨᠴᠢ ᠨᠠᠰᠤᠳᠠᠶᠢᠴᠤᠳ ᠤᠨ ᠠᠰᠠᠷᠠᠮᠵᠢ︾᠂ ᠵᠠᠰᠠᠭ ᠤᠨ ᠶᠠᠪᠤᠳᠠᠯ ᠤᠨ ᠲᠤᠭᠤᠷᠢᠭ᠂ ᠶᠤᠸᠡᠨ ᠲᠦᠩ ᠪᠠᠷᠠᠭᠠᠨ | ᠤ ᠬᠦᠢᠯᠭᠡᠭᠡᠨ ᠤ ᠲᠤᠭᠤᠷᠢᠭ ᠵᠡᠷᠭᠡ ᠲᠠᠷᠬᠠᠯᠳᠠ ᠶᠢᠨ ᠭᠡᠯᠪᠡᠷᠢ ᠶᠢᠨ ᠨᠡᠷᠡᠨ ᠤ ᠡᠨᠧᠷᠬᠢ ᠶᠢᠨ ᠲᠦᠷᠦᠯ ᠵᠦᠢᠯ ᠤᠨ | ᠭᠠᠷᠳᠡᠮ ᠢ ᠬᠦᠢᠴᠡᠳᠭᠡᠬᠦ ᠠᠵᠢᠯ ᠢ ᠭᠤᠤᠯᠳᠠᠯᠭ᠎ᠠ ᠲᠠᠢ ᠠᠬᠢᠭᠤᠯᠵᠦ᠂ ᠲᠦᠯᠦᠪᠯᠡᠭᠡ ᠶᠤᠰᠤᠭᠠᠷ ᠠᠵᠢᠯ ᠢᠶᠠᠨ | ᠡᠬᠢᠯᠡᠬᠦᠯᠦᠨ ᠪᠦᠳᠤᠭᠡᠨ ᠪᠠᠶᠢᠭᠤᠯᠬᠤ ᠶᠢ ᠪᠠᠳᠤᠯᠠᠵᠦ᠂ 2024 ᠤᠨ ᠤ ᠰᠡᠬᠦᠯᠴᠢ ᠪᠤᠯᠬᠤ ᠳᠤ ᠰᠢᠨ᠎ᠡ ᠡᠨᠧᠷᠬᠢ | ᠶᠢᠨ ᠮᠠᠰᠢᠨ ᠴᠤᠭᠴᠠᠯᠠᠪᠤᠷᠢ ᠶᠢᠨ ᠭᠡᠪᠴᠢᠶ᠎ᠠ ᠶᠢ ᠲᠡᠬᠢᠨ ᠢᠶᠠᠷ ᠨᠡᠮᠡᠭᠳᠡᠬᠦᠯᠬᠦ ᠬᠠᠷᠠᠯᠳᠠ ᠶᠢ ᠪᠡᠶᠡᠯᠡᠬᠦᠯᠬᠦ ᠪᠠᠷ | ᠴᠢᠷᠮᠡᠶᠢᠨ᠎ᠡ᠃ ᠰᠦᠨᠢᠳ ᠵᠡᠬᠦᠨ ᠬᠤᠰᠢᠭᠤ ᠲᠠᠢ ᠰᠠᠨᠠᠭᠠᠴᠢᠯᠠᠭ᠎ᠠ ᠠᠴᠠ ᠪᠠᠨ ᠵᠤᠯᠭᠠᠭᠤᠯᠬᠤ ᠠᠵᠢᠯ ᠢ ᠴᠢᠩᠭᠠᠳᠬᠠᠵᠦ᠂ | ᠴᠠᠬᠢᠯᠭᠠᠨ ᠢ ᠭᠠᠳᠠᠭᠰᠢ ᠬᠦᠷᠭᠡᠬᠦ ᠵᠡᠮ ᠢ ᠢᠳᠡᠪᠬᠢᠳᠡᠢ ᠰᠦᠪᠡᠭᠴᠢᠯᠠᠵᠦ᠂ ᠰᠢᠯᠢ ᠶᠢᠨ ᠭᠤᠤᠯ ᠤᠨ ᠪᠠᠷᠠᠭᠤᠨ ᠭᠡᠰᠡᠭ | ᠤᠨ 500 ᠺᠢᠯᠦᠸᠤᠯᠲ ᠤᠨ ᠬᠦᠴᠦᠳᠠᠯ ᠦᠬᠡᠷᠡᠴᠢᠯᠠᠬᠦ ᠦᠷᠳᠡᠭᠡ ᠶᠢᠨ ᠪᠦᠳᠤᠭᠡᠨ ᠪᠠᠶᠢᠭᠤᠯᠤᠯᠳᠠ᠂ 110 | ᠺᠢᠯᠤᠸᠤᠯᠲ ᠠᠴᠠ ᠲᠤᠷᠤᠭᠰᠢᠬᠢ ᠲᠤᠤᠷᠡᠳᠤ ᠲᠠᠰ ᠤᠨ ᠬᠦᠴᠦᠳᠡᠯ ᠦᠬᠡᠷᠡᠴᠢᠯᠠᠬᠦ ᠦᠷᠳᠡᠭᠡ ᠶᠢ ᠲᠠᠰ ᠲᠡᠪᠰᠢᠬᠦᠯᠦᠨ | ᠦᠬᠡᠷᠡᠴᠢᠯᠠᠬᠦ ᠶᠢ ᠭᠤᠤᠯᠳᠠᠯᠭ᠎ᠠ ᠲᠠᠢ ᠪᠠᠳᠤᠯᠠᠵᠦ᠂ ᠪᠤᠬᠢᠷᠳᠤᠯ ᠦᠬᠡᠢ ᠴᠠᠬᠢᠯᠭᠠᠨ ᠢ ᠭᠠᠳᠠᠭᠰᠢ ᠬᠦᠷᠭᠡᠬᠦ ᠴᠢᠳᠠᠪᠤᠷᠢ | ᠶᠢ ᠦᠨᠡᠨᠬᠦ ᠲᠡᠭᠡᠭᠰᠢᠯᠡᠬᠦᠯᠦᠨ᠎ᠡ᠃ ᠪᠦᠬᠦ ᠬᠤᠰᠢᠭᠤᠨ ᠤ ᠬᠦᠴᠦᠨ ᠢ ᠲᠠᠶᠢᠴᠢᠯᠠᠨ ︽ᠪᠤᠬᠢᠷᠳᠤᠯ ᠦᠬᠡᠢ ᠴᠠᠬᠢᠯᠭᠠᠨ | + ᠴᠢᠨᠡᠷ ᠰᠠᠶᠢᠳᠠᠢ ᠠᠴᠢᠶᠠᠯᠠᠬᠤ ᠴᠢᠳᠠᠪᠤᠷᠢ︾ ᠶᠢᠨ ᠵᠢᠱᠢᠶ᠎ᠠ ᠦᠵᠡᠬᠦᠯᠬᠦ ᠲᠤᠭᠤᠷᠢᠭ ᠢ ᠡᠬᠦᠳᠤᠨ᠎ᠡ᠃ ᠥᠪᠡᠷᠲᠡᠭᠡᠨ | ᠵᠠᠰᠠᠬᠤ ᠣᠷᠣᠨ ᠤ ᠰᠢᠨ᠎ᠡ ᠡᠨᠧᠷᠭᠢ ᠶᠢ ᠰᠢᠩᠭᠡᠬᠡᠨ ᠠᠪᠬᠤ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠡᠷ ᠰᠠᠶᠢᠳᠠᠢ ᠠᠴᠢᠶᠠᠯᠠᠬᠤ ᠴᠢᠳᠠᠪᠤᠷᠢ ᠲᠠᠢ ᠠᠵᠤ ᠦᠢᠯᠡᠰ ᠤᠨ ᠪᠣᠬᠢᠷᠲᠤᠯ | ᠦᠭᠡᠢ ᠴᠠᠬᠢᠯᠭᠠᠨ ᠤ ᠬᠠᠩᠭᠠᠯᠭ᠎ᠠ ᠪᠤᠯᠤᠨ ᠲᠤᠭᠠᠴᠢᠯᠠᠭᠰᠠᠨ ᠭᠡᠯᠪᠡᠷᠢ ᠶᠢᠨ ᠠᠵᠦ ᠠᠬᠤᠶᠢᠯᠠᠯ ᠪᠤᠯᠭᠠᠨ | ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠡᠷᠢᠮᠳᠠᠯᠠᠵᠦ᠂ ᠠᠵᠦ ᠦᠢᠯᠡᠳᠪᠤᠷᠢ ᠶᠢᠨ | ᠲᠣᠭᠤᠷᠢᠭ ᠤᠨ ᠴᠠᠬᠢᠯᠭᠠᠨ ᠢ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠡᠨᠧᠷᠬᠢ ᠶᠢᠨ ᠴᠠᠬᠢᠯᠭᠠᠨ | ᠲᠣᠣᠷ ᠤᠨ ᠲᠠᠭᠠᠭᠠᠴᠠ ᠨᠦᠬᠡᠴᠠ ᠶᠢ ᠨᠢᠭᠡ ᠴᠣᠭᠴᠠᠵᠢᠭᠤᠯᠬᠤ ᠵᠡᠷᠭᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ | ᠪᠥᠬᠦ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠳᠠ ᠶᠣᠰᠣᠭᠠᠷ᠂ ᠵᠢᠷᠦᠬᠡ ᠠᠵᠦ ᠦᠢᠯᠡᠰ ᠤᠨ ᠲᠤᠭᠤᠷᠢᠭ ᠤᠨ | ᠲᠤᠷᠰᠢᠯᠳᠠ ᠶᠢᠨ ᠴᠡᠭ ᠲᠤ ᠴᠠᠬᠢᠯᠭᠠᠨ ᠲᠦᠭᠡᠭᠡᠬᠦ ᠲᠣᠣᠷ ᠢ ᠨᠡᠮᠡᠭᠳᠡᠬᠦᠯᠬᠦ + ᠰᠢᠨ᠎ᠡ ᠡᠨᠧᠷᠭᠢ ᠶᠢ ᠰᠢᠩᠭᠡᠬᠡᠨ | ᠠᠪᠬᠤ ᠠᠵᠢᠯ ᠢ ᠠᠬᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠴᠢᠨᠠᠷ ᠰᠠᠶᠢᠲᠠᠢ ᠠᠴᠢᠶᠠᠯᠠᠬᠤ ᠴᠢᠳᠠᠪᠤᠷᠢ ᠲᠠᠢ | ᠠᠵᠤ ᠦᠢᠯᠡᠰ ᠯᠦᠭᠡ ᠬᠠᠮᠳᠤᠷᠠᠭᠤᠯᠤᠨ ᠬᠦᠭᠵᠢᠬᠦᠯᠬᠦ ᠲᠠᠪᠴᠠᠩ ᠢ ᠪᠠᠶᠢᠭᠤᠯᠤᠨ᠂ ᠵᠠᠭᠤᠨ ᠲᠦᠮᠡᠨ ᠲᠣᠨ ᠤ | ᠲᠡᠮᠦᠷ ᠤᠨ ᠬᠠᠶᠢᠯᠤᠰᠢ ᠶᠢᠨ ᠰᠠᠭᠤᠷᠢᠨ ᠭᠠᠵᠠᠷ ᠪᠠ ᠮᠧᠩ ᠲᠢᠶᠧ ᠲᠧ ᠭᠠᠩ ᠺᠤᠮᠫᠠᠨᠢ ᠶᠢᠨ ᠶᠡᠷᠦᠩᠭᠡᠶᠢᠯᠡᠨ | ᠠᠰᠢᠭᠯᠠᠬᠤ ᠵᠢᠯ ᠤᠨ ᠭᠠᠷᠤᠯᠳᠠ 50 ᠲᠦᠮᠡᠨ ᠲᠣᠨ ᠤ ᠲᠡᠮᠤᠷ ᠴᠢᠳᠬᠤᠬᠤ ᠲᠥᠷᠥᠯ ᠵᠦᠢᠯ ᠢ ᠰᠠᠭᠤᠷᠢᠰᠢᠭᠤᠯᠤᠨ | ᠠᠵᠢᠯ ᠡᠬᠢᠯᠡᠭᠦᠯᠬᠦ ᠶᠢ ᠠᠬᠢᠭᠤᠯᠵᠤ᠂ ᠨᠠᠩ ᠣᠯᠠᠨ ᠴᠢᠨᠠᠷ ᠰᠠᠶᠢᠲᠠᠢ ᠠᠴᠢᠶᠠᠯᠠᠬᠤ ᠴᠢᠳᠠᠪᠤᠷᠢ ᠲᠠᠢ ᠲᠥᠷᠥᠯ ᠵᠦᠢᠯ ᠢ | ᠲᠠᠳᠠᠨ ᠤᠷᠤᠭᠤᠯᠵᠦ ᠰᠠᠭᠤᠷᠢᠰᠢᠭᠤᠯᠤᠨ᠎ᠠ᠃ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ ᠠᠵᠦ ᠦᠢᠯᠡᠰ ᠤᠨ | ᠭᠡᠯᠬᠢᠶ᠎ᠠ ᠶᠢ ᠤᠷᠳᠤᠳᠬᠠᠨ᠎ᠠ᠃ ᠪᠦᠬᠦ ᠠᠶᠢᠮᠠᠭ ᠤᠨ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠡᠨᠧᠷᠬᠢ ᠶᠢᠨ | ᠲᠤᠨᠤᠭᠯᠠᠯ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠭᠰᠠᠨ ᠠᠵᠦ ᠦᠢᠯᠡᠰ ᠤᠨ | ᠬᠦᠭᠵᠢᠯᠳᠡ ᠶᠢ ᠲᠠᠮᠵᠢᠬᠦ ᠲᠦᠷ ᠭᠡᠷᠡᠭᠵᠢᠬᠦᠯᠬᠦ ᠠᠷᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠰᠢᠨ᠎ᠡ | ᠡᠨᠧᠷᠬᠢ ᠶᠢ ᠨᠡᠭᠡᠭᠡᠨ ᠬᠦᠭᠵᠢᠬᠦᠯᠬᠦ ᠲᠠᠢ ᠬᠠᠷᠢᠯᠴᠠᠨ ᠵᠤᠬᠢᠴᠠᠭᠰᠠᠨ ᠲᠤᠨᠤᠭᠯᠠᠯ ᠦᠢᠯᠡᠳᠬᠦ ᠦᠢᠯᠡᠰ ᠵᠢᠴᠢ ᠰᠠᠯᠬᠢᠨ | ᠬᠦᠴᠦᠨ ᠤ ᠴᠠᠬᠢᠯᠭᠠᠨ ᠢ ᠠᠵᠢᠯᠯᠠᠭᠤᠯᠵᠦ ᠬᠠᠮᠠᠭᠠᠯᠠᠬᠤ ᠦᠢᠯᠡᠴᠢᠯᠡᠭᠡ ᠶᠢ ᠶᠡᠭᠡᠪᠡᠷ ᠬᠦᠭᠵᠢᠬᠦᠯᠵᠦ᠂ ᠵᠢᠯ ᠤᠨ 2 | ᠲᠦᠮᠡᠨ ᠲᠤᠨ ᠤ ᠠᠵᠢᠯᠯᠠᠭᠤᠯᠬᠤ ᠶᠢ ᠨᠢ ᠵᠤᠭᠰᠤᠭᠠᠭᠰᠠᠨ ᠰᠠᠯᠬᠢᠨ ᠬᠦᠴᠦᠨ ᠤ ᠴᠠᠬᠢᠯᠭᠠᠨ ᠤ ᠰᠠᠩᠰᠠ ᠶᠢ ᠡᠬᠢ | ᠪᠠᠶᠠᠯᠢᠭᠵᠢᠭᠤᠯᠤᠨ ᠠᠰᠢᠭᠯᠠᠬᠤ ᠵᠢᠴᠢ ᠰᠢᠯ ᠰᠢᠷᠭᠡᠭ ᠤᠨ ᠨᠡᠶᠢᠯᠠᠮᠠᠯ ᠮᠡᠲ᠋ᠧᠷᠢᠶᠠᠯ ᠤᠨ ᠲᠦᠷᠦᠯ ᠵᠦᠢᠯ ᠢ | ᠰᠠᠭᠤᠷᠢᠰᠢᠭᠤᠯᠤᠨ ᠪᠦᠳᠤᠭᠡᠨ ᠪᠠᠶᠢᠭᠤᠯᠬᠤ ᠶᠢ ᠭᠤᠤᠯᠳᠠᠯᠭ᠎ᠠ ᠲᠠᠢ ᠰᠠᠶᠢᠳᠤᠷ ᠠᠳᠬᠤᠵᠦ᠂ ᠰᠠᠯᠬᠢᠨ ᠬᠦᠴᠦᠨ ᠤ | ᠴᠠᠬᠢᠯᠭᠠᠨ ᠤ ᠠᠵᠦ ᠦᠢᠯᠡᠰ ᠤᠨ ᠪᠤᠬᠢᠷᠳᠤᠯ ᠦᠬᠡᠢ ᠲᠤᠤᠷ᠎ᠡ ᠨᠡᠬᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠡ | ᠶᠢᠨ ᠭᠡᠯᠬᠢᠶ᠎ᠠ ᠶᠢ ᠨᠦᠬᠦᠪᠤᠷᠢᠯᠠᠵᠦ᠂ ᠰᠢᠨ᠎ᠡ ᠡᠨᠧᠷᠬᠢ ᠶᠢᠨ ᠲᠤᠨᠤᠭᠯᠠᠯ ᠢ ︽ᠰᠢᠯᠢ ᠶᠢᠨ ᠭᠤᠤᠯ ᠠᠶᠢᠮᠠᠭ ᠲᠤ | ᠤᠭᠰᠠᠷᠠᠵᠦ︾ ᠪᠠᠶᠢᠭᠰᠠᠨ ᠠᠴᠠ ᠪᠠᠨ ︽ᠰᠢᠯᠢ ᠶᠢᠨ ᠭᠤᠤᠯ ᠠᠶᠢᠮᠠᠭ ᠲᠤ ᠦᠢᠯᠡᠳᠬᠦ︾ ᠲᠠᠰᠢ ᠬᠤᠪᠢᠷᠠᠭᠤᠯᠬᠤ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠡ᠃ ᠬᠤᠶᠠᠷ ᠲᠤ ᠮᠠᠯ ᠠᠵᠤ ᠠᠬᠤᠢ ᠶᠢᠨ ᠠᠵᠤ ᠦᠢᠯᠡᠰ ᠤᠨ | ᠪᠦᠳᠤᠴᠠ ᠮᠠᠶ᠋ᠢᠭ ᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠲᠤᠭ᠎ᠠ ᠬᠡᠮᠵᠢᠶ᠎ᠡ ᠶᠢ ᠦᠷᠭᠡᠳᠭᠡᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯ ᠴᠢᠭᠯᠡᠯ ᠪᠣᠯᠭᠠᠵᠤ᠂ ︽ᠨᠢᠭᠡ ᠶᠢ ᠰᠢᠯᠢᠳᠡᠭᠵᠢᠬᠦᠯᠵᠦ | ᠬᠤᠶᠠᠷ ᠢ ᠦᠰᠭᠡᠬᠦ︾16 ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠬᠦᠯᠬᠦ ᠶᠢ ᠲᠦᠷᠭᠡᠳᠬᠡᠨ᠂ ᠶᠠᠰᠤ ᠴᠢᠨᠠᠷ ᠦᠷ᠎ᠡ | ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ | ᠠᠵᠢᠯ ᠢ ᠰᠠᠶᠢᠲᠤᠷ ᠠᠳᠬᠤᠨ᠎ᠠ᠃ ᠰᠦᠨᠢᠳ ᠬᠤᠨᠢᠨ ᠤ ︽ᠰᠢᠯᠢᠳᠡᠭ ᠡᠭᠦᠯᠳᠡᠷ ᠤᠨ ᠲᠠᠯᠠᠪᠠᠶ + ᠦᠷᠡᠵᠢᠬᠦᠯᠦᠨ | ᠪᠤᠶᠢᠵᠢᠭᠤᠯᠬᠤ ᠲᠠᠯᠠᠪᠠᠶ + ᠭᠤᠤᠯ ᠰᠦᠷᠦᠭ︾ ᠤᠨ ᠭᠤᠷᠪᠠᠨ ᠲᠠᠰ ᠤᠨ ᠬᠠᠮᠳᠤᠷᠠᠭᠰᠠᠨ ᠡᠬᠦᠯᠳᠡᠷ ᠪᠤᠶᠢᠵᠢᠭᠤᠯᠬᠤ | ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠦ᠂ ᠤᠯᠤᠰ ᠤᠨ ᠲᠠᠰ ᠤᠨ ᠭᠤᠤᠯ ᠪᠤᠯᠬᠤ ᠰᠢᠯᠢᠳᠡᠭ ᠡᠬᠦᠯᠳᠡᠷ | ᠤᠨ ᠲᠠᠯᠠᠪᠠᠶ ᠶᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠢᠨᠠᠨ ᠰᠢᠯᠭᠠᠯᠲᠠ ᠶᠢ ᠤᠷᠤᠭᠰᠢᠲᠠᠢ | ᠥᠩᠭᠡᠷᠡᠭᠦᠯᠬᠦ ᠶᠢ ᠪᠠᠳᠤᠯᠠᠨ᠎ᠠ᠃ ᠰᠦᠨᠢᠳ ᠬᠤᠨᠢᠨ ᠤ ᠡᠬᠦᠯᠳᠡᠷ ᠢ ᠬᠠᠮᠠᠭᠠᠯᠠᠬᠤ ᠪᠡ ᠡᠬᠦᠯᠳᠡᠷ ᠢ ᠴᠡᠪᠡᠷᠰᠢᠬᠦᠯᠬᠦ | ᠠᠵᠢᠯ ᠢ ᠰᠠᠶᠢᠳᠤᠷ ᠠᠳᠬᠤᠵᠦ᠂ ᠵᠢᠯ ᠤᠨ ᠲᠤᠳᠤᠷ᠎ᠡ ᠦᠷᠡᠵᠢᠬᠦᠯᠦᠨ ᠪᠤᠶᠢᠵᠢᠭᠤᠯᠬᠤ ᠲᠠᠯᠠᠪᠠᠢ 5᠂ ᠭᠤᠣᠯ | ᠰᠦᠷᠦᠭ 20 ᠶᠢ ᠰᠢᠨ᠎ᠡ ᠪᠠᠷ ᠪᠠᠶᠢᠭᠤᠯᠵᠦ᠂ ᠰᠦᠨᠢᠳ ᠬᠤᠨᠢ ᠮᠠᠯᠵᠢᠵᠦ ᠪᠠᠶᠢᠭ᠎ᠠ ᠡᠷᠦᠬᠡ ᠶᠢᠨ 3 ᠲᠦᠮᠡᠨ | ᠲᠦᠯᠯᠡᠬᠦ ᠬᠤᠨᠢᠨ ᠳᠤ ᠰᠢᠯᠢᠳᠡᠭ ᠡᠬᠦᠯᠳᠡᠷ ᠤᠨ 500 ᠰᠦᠨᠢᠳ ᠬᠤᠴᠠ ᠬᠠᠩᠭᠠᠵᠦ᠂ ᠰᠠᠭᠤᠷᠢ ᠡᠭᠡ ᠮᠠᠯ ᠤᠨ | ᠰᠢᠯᠢᠳᠡᠭ ᠡᠬᠦᠯᠳᠡᠷ ᠤᠨ ᠬᠠᠷᠢᠴᠠᠯ ᠢ 95% ᠠᠴᠠ ᠲᠡᠭᠡᠭᠰᠢ ᠳᠤ ᠬᠦᠷᠭᠡᠵᠦ᠂ ᠰᠦᠨᠢᠳ ᠬᠤᠨᠢᠨ ᠤ ᠤᠨᠳᠤᠷᠤᠯᠳᠠ | ᠶᠢᠨ ᠨᠤᠷᠮ᠎ᠡ ᠶᠢ 15% ᠪᠠᠷ ᠲᠡᠭᠡᠭᠰᠢᠯᠡᠬᠦᠯᠦᠨ᠎ᠡ᠃ ᠰᠦᠨᠢᠳ ᠬᠤᠤᠰ ᠪᠦᠬᠦᠳᠤ ᠲᠡᠮᠡᠭᠡᠨ ᠤ ᠠᠵᠦ ᠦᠢᠯᠡᠰ ᠤᠨ | ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠢᠩᠭᠡᠨ ᠰᠦ ᠶᠢ ᠨᠠᠷᠢᠯᠢᠭ | ᠪᠤᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠢᠩᠭᠡᠨ ᠰᠦ ᠬᠤᠳᠠᠯᠳᠤᠨ ᠠᠪᠬᠤ | ᠦᠨ᠎ᠡ ᠬᠠᠩᠰᠢ ᠶᠢ ᠦᠰᠭᠡᠵᠦ᠂ ᠬᠤᠳᠠᠯᠳᠤᠨ ᠠᠪᠬᠤ ᠴᠠᠭ ᠬᠤᠭᠤᠴᠠᠭ᠎ᠠ ᠶᠢ ᠵᠢᠷᠤᠮᠵᠢᠭᠤᠯᠤᠨ᠂ ᠢᠩᠭᠡ ᠰᠠᠭᠠᠬᠤ | ᠡᠷᠦᠬᠡ ᠯᠦᠭᠡ ᠠᠰᠢᠭ ᠲᠤᠰᠠ ᠶᠢᠨ ᠬᠤᠯᠪᠤᠭᠠᠳᠤ ᠲᠣᠭᠲᠠᠴᠠ ᠶᠢ ᠨᠢᠭᠲᠠᠷᠠᠭᠤᠯᠤᠨ᠎ᠠ᠃ ᠪᠤᠯᠪᠠᠰᠤᠷᠠᠯ ᠢᠶᠠᠷ | ᠲᠠᠮᠵᠢᠭᠤᠯᠤᠨ ᠮᠠᠯᠵᠢᠬᠤ ᠡᠷᠦᠬᠡ ᠶᠢᠨ ᠲᠡᠮᠡᠭᠡ ᠨᠤᠮᠤᠬᠠᠳᠬᠠᠬᠤ ᠴᠢᠳᠠᠪᠤᠷᠢ ᠶᠢ ᠨᠢ ᠲᠡᠭᠡᠭᠰᠢᠯᠡᠬᠦᠯᠦᠨ᠂ ᠢᠩᠭᠡᠨ ᠰᠦ | ᠶᠢᠨ ᠰᠢᠨ᠎ᠡ ᠰᠤᠷᠭᠤᠭ ᠢ ᠪᠠᠳᠤᠯᠠᠬᠤ᠂ ᠬᠥᠯᠳᠡᠭᠡᠬᠦ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠢᠩᠭᠡ ᠰᠠᠭᠠᠬᠤ ᠡᠷᠦᠬᠡ ᠶᠢᠨ ᠲᠤᠭ᠎ᠠ ᠶᠢ ᠨᠡᠮᠡᠭᠳᠡᠬᠦᠯᠦᠨ᠂ ᠲᠡᠮᠡᠭᠡ ᠲᠡᠵᠢᠭᠡᠨ ᠦᠰᠭᠡᠬᠦ | ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠢᠩᠭᠡᠨ ᠤ ᠲᠤᠭ᠎ᠠ ᠶᠢ 2000 ᠳᠤ ᠬᠦᠷᠭᠡᠵᠦ᠂ ᠵᠢᠯ ᠤᠨ ᠢᠩᠭᠡᠨ ᠰᠦᠨ ᠤ | ᠭᠠᠷᠤᠯᠳᠠ ᠶᠢ 1500 ᠲᠣᠨ ᠳᠤ ᠬᠦᠷᠭᠡᠨ᠎ᠡ᠃ ᠢᠳᠡᠰᠢᠨ ᠤ ᠦᠬᠡᠷ ᠤᠨ ᠡᠬᠦᠯᠳᠡᠷ ᠤᠨ ᠦᠢᠯᠡᠰ ᠢ ᠬᠦᠭᠵᠢᠬᠦᠯᠬᠦ | ᠠᠵᠢᠯᠯᠠᠭ᠎ᠠ ᠶᠢ ᠦᠷᠨᠢᠬᠦᠯᠵᠦ᠂ ᠢᠳᠡᠰᠢᠨ ᠤ ᠦᠭᠡᠷ ᠤᠨ ᠭᠤᠣᠯ ᠰᠦᠷᠦᠭ 4 ᠶᠢ ᠰᠢᠨ᠎ᠡ ᠪᠠᠷ ᠪᠠᠶᠢᠭᠤᠯᠵᠣ᠂ | ᠭᠤᠤᠯ ᠰᠦᠷᠦᠭ ᠤᠨ ᠦᠨᠢᠶ᠎ᠠ ᠶᠢ 300 ᠳᠤ ᠲᠤᠭᠳᠠᠪᠤᠷᠢᠵᠢᠭᠤᠯᠵᠦ᠂ ᠰᠢᠯᠢᠳᠡᠭ ᠡᠬᠦᠯᠳᠡᠷ ᠤᠨ ᠢᠳᠡᠰᠢᠨ ᠤ | ᠦᠬᠡᠷ 500 ᠶᠢ ᠤᠷᠤᠭᠤᠯᠤᠨ ᠠᠪᠴᠢᠷᠠᠵᠦ᠂ 4 ᠲᠦᠮᠡᠨ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠵᠦ᠂ | 500 ᠦᠨᠢᠶᠠᠨ ᠳᠤ ᠬᠦᠪᠤᠷᠠᠯ ᠰᠢᠯᠵᠢᠬᠦᠯᠵᠦ᠂ ᠢᠳᠡᠰᠢᠨ ᠤ ᠦᠬᠡᠷ ᠤᠨ ᠣᠨᠳᠣᠷᠣᠯᠳᠠ ᠶᠢᠨ ᠨᠣᠷᠮ᠎ᠠ ᠶᠢ | 87% ᠠᠴᠠ ᠳᠡᠭᠡᠭᠰᠢ ᠳᠤ ᠬᠦᠷᠭᠡᠨ᠎ᠡ᠃ ᠦᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠭᠡᠯᠪᠡᠷᠢ ᠶᠢ | ᠰᠢᠯᠢᠳᠡᠭᠵᠢᠬᠦᠯᠦᠨ᠎ᠡ᠃ ᠣᠲᠣ ᠦᠶ᠎ᠡ ᠶᠢᠨ ᠬᠠᠰᠢᠶᠠᠯᠠᠨ ᠲᠡᠵᠢᠭᠡᠬᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠡᠳᠦᠷ ᠤᠨ ᠲᠡᠵᠢᠬᠡᠯ ᠪᠤᠷᠳᠤᠭ᠎ᠠ ᠶᠢ ᠬᠤᠯᠢᠵᠦ ᠪᠤᠯᠪᠠᠰᠤᠷᠠᠭᠤᠯᠬᠤ᠂ ︽ᠬᠠᠰᠢᠶᠠᠯᠠᠨ ᠮᠠᠯᠵᠢᠬᠤ + ᠪᠠᠶᠢᠭᠠᠯᠢᠯᠢᠭ ᠢᠶᠠᠷ | ᠮᠠᠯᠵᠢᠬᠤ︾ ᠲᠠᠩᠰᠠ ᠪᠤᠳᠤᠵᠤ ᠮᠠᠯ ᠲᠡᠵᠢᠭᠡᠬᠦ ᠲᠤᠷᠰᠢᠯᠲᠠ ᠶᠢᠨ ᠴᠡᠭ ᠢ ᠡᠬᠦᠳᠴᠦ᠂ ᠮᠠᠯᠵᠢᠬᠤ ᠡᠷᠦᠬᠡ ᠶᠢ | ᠬᠥᠲᠥᠯᠥᠨ ᠵᠢᠯᠤᠭᠤᠳᠴᠤ ᠪᠠᠶᠢᠭᠠᠳ ︽ᠬᠠᠰᠢᠶᠠᠯᠠᠨ ᠮᠠᠯᠵᠢᠬᠤ ᠪᠠ ᠬᠠᠭᠠᠰ ᠬᠠᠰᠢᠶᠠᠯᠠᠨ ᠮᠠᠯᠵᠢᠬᠤ︾ ᠲᠡᠵᠢᠭᠡᠨ | ᠮᠠᠯᠵᠢᠬᠤ ᠠᠷᠭ᠎ᠠ ᠮᠠᠶ᠋ᠢᠭ ᠢ ᠬᠡᠷᠡᠭᠯᠡᠨ᠂ ᠰᠢᠨᠵᠢᠯᠡᠬᠦ ᠤᠬᠠᠭᠠᠨᠴᠢᠯᠠᠭᠰᠠᠨ᠂ ᠬᠡᠪᠴᠢᠶᠡᠵᠢᠭᠦᠯᠦᠭᠰᠡᠨ᠂ | ᠪᠠᠷᠢᠮᠵᠢᠶᠠᠵᠢᠭᠤᠯᠤᠭᠰᠠᠨ ᠲᠡᠵᠢᠭᠡᠨ ᠮᠠᠯᠵᠢᠬᠤ ᠵᠠᠮ ᠢᠶᠠᠷ ᠵᠠᠮᠨᠠᠭᠤᠯᠤᠨ᠎ᠠ᠃ ᠵᠢᠯ ᠤᠨ ᠲᠤᠳᠤᠷ᠎ᠡ ᠡᠳᠤᠷ ᠤᠨ ᠲᠡᠵᠢᠬᠡᠯ | ᠪᠤᠷᠳᠤᠭ᠎ᠠ ᠶᠢ ᠬᠤᠯᠢᠵᠦ ᠪᠤᠯᠪᠠᠰᠤᠷᠠᠭᠤᠯᠬᠤ ᠦᠢᠯᠡᠳᠪᠤᠷᠢ 3 — 4 ᠶᠢ ᠰᠢᠨ᠎ᠡ ᠪᠠᠷ ᠪᠠᠶᠢᠭᠤᠯᠵᠦ᠂ ᠠ ᠮᠢ ᠯᠠ | ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠪᠡ ᠦᠷᠭᠡᠨᠳᠡᠯ᠎ᠡ ᠪᠠᠯᠭᠠᠰᠤ᠂ | ᠡᠷᠢᠶᠠᠨᠨᠠᠭᠤᠷ ᠰᠤᠮᠤᠨ ᠤ ᠢᠳᠡᠰᠢᠨ ᠤ ᠦᠬᠡᠷ ᠢᠳᠡᠰᠢᠨ ᠤ ᠬᠤᠨᠢᠨ ᠤ ᠠᠵᠦ ᠦᠢᠯᠡᠰ ᠤᠨ ᠨᠠᠶᠢᠳᠠᠨ ᠮᠠᠯᠵᠢᠭᠤᠯᠬᠤ | ᠵᠡᠷᠭᠡ ᠭᠠᠮᠰᠢᠭ ᠠᠴᠠ ᠵᠠᠶᠢᠯᠠᠬᠤ ᠭᠡᠯᠪᠡᠷᠢ ᠶᠢᠨ ᠠᠵᠦ ᠦᠢᠯᠡᠰ ᠤᠨ ᠲᠦᠷᠦᠯ ᠵᠦᠢᠯ ᠢ ᠲᠤᠷᠰᠢᠨ ᠠᠬᠢᠭᠤᠯᠵᠦ᠂ ᠮᠠᠯ | ᠠᠵᠤ ᠠᠬᠤᠢ ᠶᠢᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠢ ᠨᠡᠮᠡᠭᠳᠡᠬᠦᠯᠦᠨ᠎ᠡ᠃ ᠶᠠᠩ ᠶᠠᠩ ᠮᠠᠯᠵᠢᠯ | ᠤᠨ ᠦᠢᠯᠡᠰ ᠤᠨ 10 ᠲᠦᠮᠡᠨ ᠢᠳᠡᠰᠢᠨ ᠤ ᠬᠤᠨᠢ ᠶᠢ ᠣᠶᠤᠨᠴᠢ ᠪᠠᠷ ᠲᠡᠵᠢᠭᠡᠨ ᠮᠠᠯᠵᠢᠬᠤ ᠮᠠᠯᠴᠢᠳ ᠲᠠᠢ | ᠬᠤᠯᠪᠤᠭᠠᠯᠠᠨ ᠳᠠᠶᠢᠴᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠵᠢᠯ ᠤᠨ ᠲᠤᠳᠤᠷ᠎ᠡ | 40 ᠲᠦᠮᠡᠨ ᠢᠳᠡᠰᠢᠨ ᠤ ᠬᠤᠨᠢᠨ ᠳᠤ ᠭᠠᠷᠭᠠᠯᠳᠠ ᠬᠢᠵᠦ ᠡᠳ᠋ᠰᠢᠬᠦᠯᠦᠨ ᠪᠤᠯᠪᠠᠰᠤᠷᠠᠭᠤᠯᠵᠦ᠂ ᠢᠳᠡᠰᠢᠨ ᠤ ᠬᠤᠨᠢ᠂ | ᠢᠳᠡᠰᠢᠨ ᠤ ᠦᠭᠡᠷ ᠢ ᠡᠳ᠋ᠰᠢᠭᠦᠯᠦᠨ ᠪᠣᠯᠪᠠᠰᠣᠷᠠᠭᠤᠯᠵᠣ ᠪᠦᠲᠦᠭᠡᠭᠳᠡᠭᠦᠨ ᠪᠣᠯᠭᠠᠨ ᠬᠤᠪᠢᠷᠠᠭᠤᠯᠬᠤ ᠨᠣᠷᠮ᠎ᠠ ᠶᠢ | ᠲᠣᠰ ᠪᠦᠷᠢ 70% ᠪᠠ 10% ᠠᠴᠠ ᠳᠡᠭᠡᠭᠰᠢ ᠳᠤ ᠬᠦᠷᠭᠡᠬᠦ ᠶᠢ ᠪᠠᠳᠣᠯᠠᠨ᠎ᠠ᠃ ᠨᠡᠷᠡᠲᠦ ᠲᠡᠮᠳᠡᠭ ᠤᠨ | ᠪᠠᠶᠢᠭᠤᠯᠤᠯᠳᠠ ᠶᠢ ᠴᠢᠩᠭᠠᠳᠬᠠᠨ᠎ᠠ᠃ ᠤᠷᠤᠨ ᠪᠦᠰᠡ ᠶᠢᠨ ᠨᠡᠶᠢᠳᠡ ᠶᠢᠨ ᠨᠡᠷᠡᠳᠤ ᠲᠡᠮᠳᠡᠭ ᠪᠤᠯᠬᠤ ︽ᠦᠪᠤᠷ | ᠮᠤᠩᠭᠤᠯ︾ ᠱᠤᠰᠢᠭ᠎ᠠ ᠲᠡᠮᠳᠡᠭ ᠤᠨ ᠭᠡᠷᠡᠴᠢᠯᠡᠭᠡ ᠪᠡ ᠰᠢᠯᠢ ᠶᠢᠨ ᠭᠤᠤᠯ ᠤᠨ ᠬᠤᠨᠢ ᠶᠢᠨ ᠤᠷᠤᠨ ᠪᠦᠰᠡ ᠶᠢᠨ | ᠨᠠᠶᠢᠳᠠ ᠶᠢᠨ ᠨᠠᠷᠠᠳᠤ ᠲᠡᠮᠳᠡᠭ ᠢ ᠭᠡᠷᠡᠭᠯᠡᠬᠦ ᠡᠷᠭᠡ ᠶᠢ ᠤᠯᠭᠤᠭᠰᠠᠨ ᠠᠵᠠ ᠲᠤᠬᠢᠶᠠᠯ ᠢ ᠬᠦᠢᠴᠡᠳ ᠰᠠᠶᠢᠳᠤᠷ | ᠠᠰᠢᠭᠯᠠᠵᠦ᠂ ︽ᠰᠦᠨᠢᠳ ᠬᠤᠨᠢ︾ ︽ᠰᠦᠨᠢᠳ ᠬᠤᠤᠰ ᠪᠦᠬᠦᠳᠤ ᠲᠡᠮᠡᠭᠡ︾ ᠭᠡᠬᠦ ᠣᠯᠣᠰ ᠤᠨ ᠭᠠᠵᠠᠷ ᠵᠦᠢ | ᠶᠢᠨ ᠪᠠᠶᠢᠷᠢᠰᠢᠯ ᠤᠨ ᠲᠠᠸᠠᠷ ᠤᠨ ᠲᠡᠮᠳᠡᠭᠲᠦ ᠵᠡᠷᠭᠡ ᠨᠡᠷᠡᠳᠤ ᠲᠡᠮᠳᠡᠭ ᠤᠨ ᠲᠠᠪᠠᠭᠤᠯᠢᠭ ᠲᠤ ᠰᠠᠭᠤᠷᠢᠯᠠᠨ᠂ ᠪᠥᠬᠦ | ᠠᠶᠢᠮᠠᠭ ᠢᠶᠠᠷ ᠢᠶᠠᠨ ᠣᠷᠣᠨ ᠪᠦᠰᠡ ᠶᠢᠨ ᠨᠡᠶᠢᠲᠡ ᠶᠢᠨ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ | ᠬᠠᠯᠠᠮᠰᠢᠯ ᠴᠡᠭ ᠲᠤ ᠲᠦᠰᠢᠭᠯᠡᠵᠦ᠂ ᠠᠵᠤ ᠠᠬᠤᠢ ᠶᠢᠨ ᠨᠡᠭᠡᠭᠡᠯᠳᠡ ᠶᠢᠨ ᠣᠷᠣᠨ ᠪᠠ ᠳᠤᠮᠳᠠᠳᠤ ᠤᠯᠤᠰ ᠤᠨ | ᠠᠭᠠᠷ ᠠᠶᠠᠯᠠᠯ ᠤᠨ ᠪᠦᠯᠦᠭᠯᠡᠯ ᠤᠨ ᠠᠷᠭ᠎ᠠ ᠵᠠᠮ ᠤᠨ ᠳᠠᠪᠠᠭᠤᠯᠢᠭ ᠢ ᠠᠰᠢᠭᠯᠠᠨ᠂ ᠨᠠᠷᠠᠲᠤ ᠲᠡᠮᠳᠡᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠤᠨ ᠲᠦᠬᠡᠮᠡᠯᠵᠢᠬᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠰᠦᠨᠢᠳ | ᠬᠤᠨᠢᠨ ᠤ ᠨᠡᠶᠢᠬᠡᠮᠴᠢᠯᠡᠭᠰᠡᠨ ᠦᠢᠯᠡᠴᠢᠯᠠᠭᠡᠨ ᠤ ᠬᠠᠮᠢᠶᠠᠷᠤᠯᠳᠠ ᠡᠵᠡᠩᠨᠡᠯᠳᠡ ᠶᠢᠨ ᠲᠠᠪᠴᠠᠩ ᠢ ᠢᠳᠡᠪᠬᠢᠳᠡᠢ | ᠰᠦᠪᠡᠭᠴᠢᠯᠠᠨ ᠠᠬᠢᠭᠤᠯᠵᠦ᠂ ︽ᠢᠳᠡᠰᠢᠨ ᠤ ᠬᠤᠨᠢᠨ ᠤ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠠᠯᠠᠩ︾ ᠤᠨ | ᠲᠦᠷᠦᠯ ᠵᠦᠢᠯ ᠪᠡ ᠤᠶᠤᠨᠴᠢ ᠮᠠᠯ ᠠᠵᠦ ᠠᠬᠤᠢ ᠶᠢᠨ ᠲᠡᠪᠴᠠᠩ ᠤᠨ ᠪᠦᠳᠤᠭᠡᠨ ᠪᠠᠶᠢᠭᠤᠯᠤᠯᠳᠠ ᠶᠢ ᠪᠦᠬᠦ | ᠬᠦᠴᠦᠨ ᠢᠶᠠᠷ ᠢᠶᠠᠨ ᠲᠠᠮᠡᠴᠠᠨ ᠤᠯᠵᠦ᠂ ᠰᠦᠨᠢᠳ ᠬᠤᠨᠢᠨ ᠮᠢᠬᠠᠨ ᠤ ᠴᠢᠨᠡᠷ ᠢ ᠬᠢᠨᠠᠨ ᠪᠠᠶᠢᠴᠠᠭᠠᠬᠤ ᠲᠤᠭᠳᠠᠯᠴᠠᠭ᠎ᠠ | ᠶᠢᠨ ᠪᠠᠶᠢᠭᠤᠯᠤᠯᠳᠠ ᠶᠢ ᠰᠦᠪᠡᠭᠴᠢᠯᠠᠨ ᠪᠠᠶᠢᠭᠤᠯᠵᠦ᠂ ︽ᠲᠠᠩᠭᠤᠳ ᠬᠤᠨᠢ︾ ᠶᠢᠨ ᠨᠠᠷᠠᠲᠤ ᠲᠡᠮᠳᠡᠭ ᠢ | ᠡᠬᠦᠳᠦᠭᠰᠡᠨ ᠲᠤᠷᠰᠢᠯᠭ᠎ᠠ ᠠᠷᠭ᠎ᠠ ᠪᠠᠷᠢᠯ ᠢ ᠰᠤᠷᠤᠯᠴᠠᠵᠤ᠂ ᠮᠠᠨ ᠤ ᠬᠤᠰᠢᠭᠤᠨ ᠤ ᠮᠠᠯ ᠤᠨ ᠠᠰᠢᠭ ᠰᠢᠮ᠎ᠡ ᠶᠢᠨ | ᠨᠡᠷ᠎ᠡ ᠠᠯᠳᠠᠷᠰᠢᠯ ᠪᠠ ᠨᠦᠯᠦᠬᠡᠯᠡᠯ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠦ ᠮᠠᠯ ᠤᠨ ᠠᠰᠢᠭ ᠰᠢᠮ᠎ᠡ ᠶᠢ ᠨᠡᠶᠢᠯᠡᠬᠦᠯᠦᠨ | ᠪᠤᠯᠪᠠᠰᠤᠷᠠᠭᠤᠯᠬᠤ ᠠᠷᠭ᠎ᠠ ᠵᠡᠮ ᠢ ᠰᠦᠪᠡᠭᠴᠢᠯᠡᠵᠦ᠂ ᠨᠢᠭᠡᠳᠦᠯᠲᠡᠢ ᠬᠤᠳᠠᠯᠳᠤᠨ ᠠᠪᠬᠤ᠂ ᠨᠢᠭᠡᠳᠦᠯᠲᠡᠢ | ᠪᠣᠷᠣᠯᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠮᠠᠯ ᠤᠨ ᠠᠰᠢᠭ ᠰᠢᠮ᠎ᠡ ᠶᠢᠨ ᠬᠤᠳᠠᠯᠳᠤᠭᠠᠴᠢᠨ ᠤ | ᠡᠪᠯᠡᠯ ᠢ ᠵᠣᠬᠢᠶᠠᠨ ᠪᠠᠶᠢᠭᠤᠯᠬᠤ ᠶᠢᠨ ᠬᠠᠮᠲᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠡᠷᠢᠶᠠᠨ ᠬᠤᠳᠠ᠂ | ᠰᠦᠨᠢᠳ ᠵᠡᠬᠦᠨ ᠬᠤᠰᠢᠭᠤ ᠲᠠᠢ ᠬᠠᠮᠳᠤᠷᠠᠯᠴᠠᠨ᠂ ᠰᠦᠨᠢᠳ ᠬᠤᠨᠢᠨ ᠮᠢᠬᠠᠨ ᠤ ᠨᠡᠷᠡᠳᠤ ᠲᠡᠮᠳᠡᠭ ᠤᠨ ᠨᠡᠷ᠎ᠡ | ᠠᠯᠳᠠᠷᠰᠢᠯ ᠢ ᠲᠡᠭᠡᠭᠰᠢᠯᠡᠬᠦᠯᠦᠨ᠎ᠡ᠃ ︽ᠮᠤᠩᠭᠤᠯ ᠮᠤᠷᠢᠨ ᠤ ᠵᠤᠷᠢᠭ ᠰᠠᠨᠠᠭ᠎ᠠ ᠬᠤᠨᠳᠠᠭᠠᠳᠤ︾ ᠰᠢᠯᠢ ᠶᠢᠨ ᠭᠤᠤᠯ | ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠨᠠᠨᠳᠢᠨ ᠲᠤᠷᠰᠢᠯᠭ᠎ᠠ ᠶᠢ ᠨᠠᠷᠢᠨ ᠬᠢᠨᠠᠮᠠᠭᠠᠢ ᠵᠠᠳᠠᠯᠤᠨ | ᠳ᠋ᠦᠩᠨᠠᠵᠦ᠂ ᠤᠳᠤ ᠦᠶ᠎ᠠ ᠶᠢᠨ ᠠᠳᠤᠭᠤᠨ ᠤ ᠦᠢᠯᠡᠰ ᠢ ᠬᠦᠭᠵᠢᠬᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠮᠠᠯᠵᠢᠬᠤ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠰᠢᠨ᠎ᠡ | ᠵᠠᠮ ᠢ ᠢᠳᠡᠪᠬᠢᠲᠡᠢ ᠰᠦᠪᠡᠭᠴᠢᠯᠡᠨ᠎ᠡ᠃ ᠭᠤᠷᠪᠡ ᠳᠤ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠪᠠ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠬᠦ ᠪᠠᠷ ᠭᠠᠷᠳᠠᠴᠠ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠪᠠ ᠡᠯᠧᠺᠲᠷᠣᠨ | ᠬᠤᠳᠠᠯᠳᠤᠭᠠᠨ ᠤ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠣᠶᠣᠯ | ᠵᠢᠭᠤᠯᠴᠢᠯᠠᠯ ᠤᠨ ︽ᠬᠦᠩᠭᠡᠨ ᠡᠳ᠋ ᠬᠦᠷᠦᠩᠭᠡ︾ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠪᠠᠷᠢᠮᠲᠠᠯᠠᠨ᠎ᠠ᠃ | ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠶᠢ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ | ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢᠶᠠᠷ ᠡᠬᠦᠳᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠳᠤ | ᠲᠦᠰᠢᠭᠯᠡᠵᠦ᠂ ᠡᠷᠢᠶᠠᠨ ᠬᠤᠳᠠ ᠯᠤᠭ᠎ᠠ ᠬᠠᠮᠳᠤᠷᠠᠯᠴᠠᠵᠦ᠂ ᠬᠢᠯᠢ ᠠᠯᠤᠰᠯᠠᠭᠰᠠᠨ ᠵᠢᠭᠤᠯᠴᠢᠯᠠᠯ ᠢ ᠬᠠᠶᠢᠨ | ᠰᠦᠪᠡᠭᠴᠢᠯᠡᠨ᠎ᠡ᠃ ᠪᠥᠬᠦ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠳᠣᠲᠣᠷ᠎ᠠ | ᠭᠠᠵᠠᠷ ᠤᠨ ᠵᠢᠭᠤᠯᠴᠢᠯᠠᠯ ᠤᠨ ᠵᠡᠮ ᠱᠤᠭᠤᠮ ᠤᠨ ᠲᠦᠯᠦᠪᠵᠢᠬᠦᠯᠬᠡ ᠲᠠᠢ ᠤᠶᠠᠯᠳᠤᠭᠤᠯᠵᠦ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠭᠡᠭ ᠭᠠᠵᠡᠷ᠂ ᠨᠤᠮᠤᠭᠠᠨ ᠠᠭᠤᠯᠠ᠂ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ᠂ ︽ | ᠤᠯᠠᠭᠠᠨ ᠪᠢᠴᠢᠭ ᠤᠨ ᠪᠣᠭᠴᠣ︾ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠬᠥᠮᠦᠵᠢᠯ ᠤᠨ | ᠰᠠᠭᠤᠷᠢᠨ ᠭᠠᠵᠠᠷ ᠤᠨ ᠦᠵᠡᠭᠦᠯᠦᠯᠭᠡ ᠶᠢᠨ ᠲᠢᠩᠬᠢᠮ᠂ ᠦᠨᠳᠦᠰᠦᠲᠡᠨ ᠤ ᠪᠦᠯᠬᠦᠮᠳᠡᠯ ᠤᠨ ᠦᠵᠡᠰᠬᠦᠯᠡᠩ᠂ | ᠪᠢᠩᠲ᠋ᠤᠸᠠᠨ ᠤ ᠣᠨ ᠰᠠᠷ᠎ᠠ ᠶᠢᠨ ᠦᠵᠡᠭᠦᠯᠦᠯᠭᠡ ᠶᠢᠨ ᠣᠷᠳᠣᠨ ᠵᠡᠷᠭᠡ ᠣᠨᠴᠠᠯᠢᠭᠲᠤ ᠡᠬᠢ ᠪᠠᠶᠠᠯᠢᠭ ᠢ ᠨᠡᠶᠢᠯᠡᠭᠦᠯᠵᠦ᠂ | ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠬᠤᠶᠠᠷ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ | ᠪᠣᠯᠭᠠᠵᠤ᠂ ᠨᠢᠭᠡ ᠪᠦᠯᠦᠭ ᠬᠡᠭᠡᠷ᠎ᠡ ᠪᠠᠭᠤᠳᠠᠯᠯᠠᠬᠤ ᠭᠠᠵᠠᠷ᠂ ᠭᠡᠷ ᠪᠦᠯᠢ ᠶᠢᠨ ᠵᠢᠭᠤᠯᠴᠢᠯᠠᠯ ᠤᠨ ᠮᠠᠯᠵᠢᠯ ᠤᠨ ᠲᠠᠯᠠᠪᠠᠶ᠂ | ᠭᠠᠷᠠᠭ ᠤᠨ ᠰᠡᠭᠦᠯᠴᠢ ᠶᠢᠨ ᠰᠥᠨᠢᠳ ᠮᠠᠯᠴᠢᠨ ᠡᠷᠦᠬᠡ ᠶᠢᠨ ᠪᠡᠶᠡᠴᠢᠯᠡᠨ ᠣᠶᠢᠯᠠᠭᠠᠬᠤ ᠴᠡᠭ ᠢ ᠭᠠᠷᠭᠠᠵᠦ᠂ | ᠡᠵᠡᠩᠨᠡᠯᠳᠡ ᠶᠢᠨ ᠭᠡᠯᠪᠡᠷᠢ ᠶᠢ ᠤᠯᠠᠮ ᠨᠢᠬᠡ ᠠᠯᠬᠤᠮ ᠪᠠᠶᠠᠯᠢᠭᠵᠢᠭᠤᠯᠤᠨ᠂ ᠦᠢᠯᠡᠴᠢᠯᠡᠭᠡ ᠶᠢ ᠰᠢᠯᠢᠳᠡᠭᠵᠢᠬᠦᠯᠵᠦ᠂ | 12 ᠲᠦᠮᠡᠨ ︵ᠤᠳᠠᠭ᠎ᠠ︶ ᠵᠢᠭᠤᠯᠴᠢᠯᠠᠭᠰᠠᠳ ᠢ ᠬᠦᠯᠢᠶᠠᠨ ᠠᠪᠴᠦ᠂ ᠵᠢᠭᠤᠯᠴᠢᠯᠠᠯ ᠤᠨ ᠤᠷᠤᠯᠭ᠎ᠠ ᠶᠢ 3500 | ᠲᠦᠮᠡᠨ ᠲᠦᠬᠦᠷᠢᠭ ᠠᠴᠠ ᠲᠡᠭᠡᠭᠰᠢ ᠳᠤ ᠬᠦᠷᠭᠡᠨ᠎ᠡ᠃ ︽ᠲᠤᠮᠳᠠᠳᠤ ᠤᠯᠤᠰ ᠤᠨ ᠤᠤᠭᠠᠨ ᠤᠯᠠᠭᠠᠨᠮᠦ᠋ᠴᠢᠷ ᠤᠨ | ᠦᠯᠦᠬᠡᠢ︾ ︽ᠳᠣᠮᠳᠠᠳᠣ ᠣᠯᠣᠰ ᠤᠨ ᠲᠡᠮᠡᠭᠡᠨ ᠰᠣᠶᠣᠯ ᠤᠨ ᠨᠣᠳᠤᠭ︾ ︽ᠳᠣᠮᠳᠠᠳᠣ ᠣᠯᠣᠰ ᠤᠨ ᠲᠠᠯ᠎ᠠ | ᠨᠣᠳᠤᠭ ᠤᠨ ᠬᠤᠷᠳᠣᠨ ᠬᠦᠯᠦᠭ ᠤᠨ ᠦᠯᠦᠭᠡᠢ︾ ᠵᠡᠷᠭᠡ ᠪᠠᠷ ᠭᠤᠤᠯ ᠰᠠᠳᠤᠪ ᠪᠤᠯᠭᠠᠭᠰᠠᠨ ᠰᠤᠶᠤᠯ ᠲᠠᠮᠢᠷ ᠤᠨ | ᠤᠷᠤᠯᠳᠤᠭᠠᠨ ᠢ ᠨᠠᠷᠢᠯᠢᠭ ᠲᠦᠰᠦᠪᠯᠡᠵᠦ᠂ ᠮᠠᠨ ᠤ ᠬᠤᠰᠢᠭᠤᠨ ᠤ ᠦᠨᠳᠦᠷᠯᠢᠭ ᠤᠨ ᠷᠠᠰᠢᠶᠠᠨ ᠡᠷᠡᠬᠦᠯᠵᠢᠯ ᠤᠨ ᠡᠬᠢ | ᠪᠠᠶᠠᠯᠢᠭ ᠤᠨ ᠦᠢᠯᠡᠳᠦᠯ ᠢ ᠤᠯᠠᠮ ᠨᠢᠭᠡ ᠠᠯᠬᠤᠮ ᠤᠬᠠᠭᠤᠯᠤᠨ ᠪᠠᠳᠠᠷᠠᠭᠤᠯᠵᠤ᠂ ᠬᠠᠨᠳᠤᠯᠭᠠᠲᠤ ᠴᠢᠨᠠᠷ ᠢᠶᠠᠷ ᠨᠠᠩ | ᠴᠢᠩᠭ᠎ᠠ᠂ ᠦᠨ᠎ᠡ ᠦᠷᠳᠡᠭ ᠨᠠᠩ ᠥᠨᠳᠥᠷ ᠪᠦᠬᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠭᠤᠯᠠ ᠤᠮᠳᠠ᠂ ᠣᠷᠣᠨ ᠰᠠᠭᠤᠴᠠ ᠵᠡᠷᠭᠡ | ᠤᠯᠠᠮᠵᠢᠯᠠᠯᠲᠤ ᠬᠡᠷᠡᠭᠯᠡᠭᠡ ᠶᠢ ᠲᠠᠰᠤᠷᠠᠯᠲᠠ ᠦᠭᠡᠢ ᠥᠷᠭᠡᠳᠬᠡᠨ᠂ ᠵᠠᠰᠠᠮᠠᠯ ᠵᠠᠮ ᠤᠨ ᠠᠶᠠᠨᠴᠢᠳ ᠤᠨ ᠪᠠ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡ ᠪᠠ ᠡᠯᠧᠺᠲᠷᠣᠨ | ᠬᠤᠳᠠᠯᠳᠣᠭᠠᠨ ᠤ ᠶᠠᠪᠣᠳᠠᠯ ᠤᠨ ᠨᠢᠭᠡ ᠴᠣᠭᠴᠠᠵᠢᠭᠰᠠᠨ ᠬᠦᠭᠵᠢᠯᠳᠡ ᠶᠢ ᠨᠢᠭᠡᠳᠦᠯᠳᠠᠢ ᠲᠦᠯᠦᠪᠵᠢᠬᠦᠯᠦᠨ᠎ᠡ᠃ | ᠰᠦᠯᠵᠢᠶᠡᠨ ᠳᠡᠭᠡᠷᠡᠬᠢ ᠬᠡᠷᠡᠭᠯᠡᠭᠡᠨ ᠤ ᠵᠠᠭᠪᠤᠷ ᠢ ᠶᠡᠬᠡᠪᠡᠷ ᠬᠥᠭᠵᠢᠭᠦᠯᠵᠦ᠂ ᠰᠥᠨᠢᠳ ᠤᠨ ᠰᠢᠯᠢᠳᠡᠭ | ᠪᠦᠲᠦᠭᠡᠭᠳᠡᠬᠦᠨ ᠤ ᠰᠢᠶᠠᠨ ᠤ ᠬᠡᠪᠴᠢᠶᠡᠨ ᠤ ᠡᠯᠧᠺᠲᠷᠣᠨ ᠬᠤᠳᠠᠯᠳᠤᠭᠠᠨ ᠤ ᠲᠠᠪᠴᠠᠩ᠂ ᠵᠢᠩ ᠳ᠋ᠦᠩ | ᠬᠤᠳᠠᠯᠳᠤᠭᠠᠨ ᠤ ᠬᠤᠲᠠ ᠳᠠᠬᠢ ᠰᠥᠨᠢᠳ ᠲᠡᠯᠬᠡᠬᠦᠷ ᠢ ᠪᠠᠶᠢᠭᠤᠯᠵᠤ᠂ ︽832︾ ᠬᠤᠳᠠᠯᠳᠤᠨ ᠠᠪᠬᠤ | ᠲᠠᠪᠴᠠᠩ ᠤᠨ ᠬᠠᠮᠢᠶᠠᠷᠤᠯᠲᠠ ᠬᠡᠷᠡᠭᠯᠡᠯᠲᠡ ᠶᠢ ᠴᠢᠩᠭᠠᠳᠬᠠᠨ᠂ ᠲᠣᠰ ᠭᠠᠵᠠᠷ ᠣᠷᠣᠨ ᠤ ᠬᠤᠪᠢ ᠶᠢᠨ ᠵᠠᠭᠤᠴᠢᠯᠠᠭᠤᠷ | ᠲᠡᠭᠡᠷ᠎ᠡ ᠪᠠᠷᠠᠭ᠎ᠠ ᠤᠷᠤᠯᠠᠨ ᠬᠤᠳᠠᠯᠳᠤᠬᠤ ᠭᠠᠷᠮᠠᠭᠠᠢ ᠬᠥᠮᠥᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ | ᠰᠢᠭᠤᠳ ᠨᠡᠪᠳᠡᠷᠡᠬᠦᠯᠬᠡ ᠬᠢᠵᠦ ᠪᠠᠷᠠᠭ᠎ᠠ ᠤᠷᠤᠯᠠᠨ ᠬᠤᠳᠠᠯᠳᠤᠬᠤ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠵᠡᠷᠭᠡ ︽ | ᠰᠦᠯᠵᠢᠶᠡᠨ ᠤᠳᠤ︾ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠵᠤ᠂ ᠬᠤᠰᠢᠭᠤᠨ ᠤ ᠭᠡᠪᠴᠢᠶᠠᠨ | ᠳᠠᠬᠢ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠳᠤ ᠦᠷᠭᠦᠯᠵᠢᠯᠡᠨ | ᠲᠠᠪᠴᠠᠩ ᠪᠠᠶᠢᠭᠤᠯᠤᠨ ᠦᠭᠴᠦ᠂ ᠦᠢᠯᠡᠴᠢᠯᠡᠭᠡ ᠬᠠᠩᠭᠠᠨ᠂ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ | ᠭᠡᠮᠵᠢᠶ᠎ᠠ ᠶᠢ 6.4 ᠳ᠋ᠦᠩᠰᠢᠭᠤᠷ ᠲᠦᠬᠦᠷᠢᠭ ᠠᠴᠠ ᠲᠠᠪᠠᠭᠤᠯᠵᠦ᠂ 2.4% ᠪᠠᠷ ᠨᠡᠮᠡᠭᠳᠡᠬᠦᠯᠦᠨ᠎ᠡ᠃ | ︵ᠭᠤᠷᠪᠡ︶ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ | ᠪᠠᠷᠢᠮᠲᠠᠯᠠᠵᠤ᠂ ᠣᠷᠴᠢᠨ ᠲᠤᠭᠤᠷᠢᠨ ᠤ ᠶᠠᠰᠤ ᠴᠢᠨᠠᠷ ᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠨᠢᠭᠡ ᠳᠤ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠡᠰᠡᠨ ᠰᠡᠷᠬᠦᠭᠡᠵᠦ ᠢᠯᠠᠯᠳᠠ ᠤᠯᠬᠤ ᠠᠵᠢᠯ ᠢ ᠰᠠᠶᠢᠳᠤᠷ | ᠬᠢᠨ᠎ᠡ᠃ ︽ᠭᠤᠣᠯᠳᠠᠯᠭ᠎ᠠ ᠶᠢ ᠳᠣᠪᠤᠶᠢᠯᠭᠠᠬᠤ᠂ ᠪᠦᠬᠦᠯᠢ ᠴᠣᠭᠴᠠ ᠳᠤᠨᠢ ᠲᠦᠯᠬᠢᠨ ᠠᠬᠢᠭᠤᠯᠬᠤ᠂ ᠲᠤᠭᠤᠷᠢᠭ | ᠬᠤᠪᠢᠶᠠᠨ ᠵᠠᠰᠠᠬᠤ︾ ᠵᠠᠷᠴᠢᠮ ᠶᠣᠰᠣᠭᠠᠷ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ | ᠴᠢᠭᠯᠡᠯ ᠪᠣᠯᠭᠠᠵᠤ᠂ ᠨᠡᠭᠦᠳᠡᠯ ᠡᠯᠡᠰᠦᠷᠬᠡᠭ ᠭᠠᠵᠠᠷ᠂ ᠬᠠᠭᠠᠰ ᠲᠣᠭᠲᠠᠮᠠᠯ ᠡᠯᠡᠰᠦᠷᠬᠡᠭ ᠭᠠᠵᠠᠷ ᠪᠠ ᠳᠤᠮᠳᠠ ᠬᠡᠮᠵᠢᠶᠠᠨ | ᠤ ᠪᠡ ᠶᠡᠭᠡ ᠬᠡᠮᠵᠢᠶᠠᠨ ᠤ ᠲᠣᠭᠲᠠᠮᠠᠯ ᠡᠯᠡᠰᠦᠷᠬᠡᠭ ᠭᠠᠵᠠᠷ ᠢᠶᠠᠷ ᠭᠤᠣᠯᠳᠠᠯᠭ᠎ᠠ ᠪᠣᠯᠭᠠᠨ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠬᠡᠰᠡᠭ ᠤᠨ ᠰᠠᠯᠬᠢ ᠡᠯᠡᠰᠦᠨ ᠤ ᠵᠠᠮ ᠢ ᠬᠠᠯᠬᠠᠯᠠᠨ ᠶᠡᠷᠦᠩᠬᠡᠶᠢᠯᠡᠨ | ᠵᠠᠰᠠᠬᠤ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠵᠤ᠂ ᠡᠯᠡᠰᠦᠷᠬᠡᠭᠵᠢᠬᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠪᠡ ᠨᠡᠷᠡᠨ ᠤ ᠡᠨᠧᠷᠬᠢ ᠶᠢᠨ ᠴᠠᠬᠢᠯᠭᠠᠨ ᠢ | ᠨᠢᠭᠡ ᠴᠣᠭᠴᠠᠵᠢᠭᠤᠯᠬᠤ ᠢᠨᠵᠧᠨᠧᠷᠢᠩ ᠢ ᠨᠢᠭᠡᠳᠦᠯᠲᠡᠢ ᠲᠦᠯᠦᠪᠵᠢᠬᠦᠯᠦᠨ ᠠᠬᠢᠭᠤᠯᠤᠨ᠎ᠠ᠃ ᠤᠳᠤᠷᠢᠳᠬᠤ | ᠺᠠᠳ᠋ᠷ ᠤᠨ ᠲᠣᠭᠤᠷᠢᠭ ᠢ ᠲᠠᠭᠠᠭᠠᠴᠢᠯᠠᠬᠤ ᠬᠤᠯᠪᠤᠭᠠᠳᠤ ᠲᠣᠭᠲᠠᠴᠠ ᠶᠢ ᠬᠡᠷᠡᠭᠵᠢᠭᠦᠯᠵᠦ᠂ ᠵᠢᠯ ᠤᠨ ᠲᠤᠳᠤᠷ᠎ᠡ 1 | ᠲᠦᠮᠡᠨ ᠮᠤ᠋ ᠲᠠᠯᠠᠪᠠᠢ ᠶᠢᠨ ᠡᠯᠡᠰᠦ ᠶᠢ ᠪᠢᠳᠡᠬᠦᠮᠵᠢᠯᠠᠨ ᠤᠶᠢᠵᠢᠭᠤᠯᠵᠦ᠂ 15 ᠲᠦᠮᠡᠨ ᠮᠧᠲᠷ ᠲᠠᠯᠠᠪᠠᠢ ᠶᠢ | ᠬᠦᠷᠢᠶᠠᠯᠠᠨ ᠤᠶᠢᠵᠢᠭᠤᠯᠵᠦ᠂ 105 ᠤᠰᠤᠨ ᠰᠤᠷᠪᠤᠯᠵᠢ ᠶᠢᠨ ᠢᠨᠵᠧᠨᠧᠷᠢᠩ᠂ 7 ᠭᠤᠤ ᠵᠢᠯᠠᠭ᠎ᠠ ᠶᠢᠨ ᠬᠠᠰᠢᠯᠭ᠎ᠠ | ᠶᠢᠨ ᠢᠨᠵᠧᠨᠧᠷᠢᠩ ᠢ ᠪᠠᠶᠠᠯᠠᠬᠦᠯᠤᠨ᠎ᠠ᠃ ᠬᠦᠳᠡᠯᠮᠤᠷᠢ ᠪᠠᠷ ᠲᠡᠳᠬᠦᠮᠵᠢ ᠶᠢ ᠤᠷᠤᠯᠠᠭᠤᠯᠬᠤ᠂ ᠱᠠᠩᠨᠠᠯ ᠢᠶᠠᠷ | ᠨᠦᠬᠦᠪᠤᠷᠢ ᠶᠢ ᠤᠷᠤᠯᠠᠭᠤᠯᠬᠤ᠂ ᠤᠷᠢᠳᠡᠪᠡᠷ ᠪᠠᠶᠢᠭᠤᠯᠤᠨ ᠲᠠᠷᠠᠭ᠎ᠠ ᠨᠢ ᠨᠦᠬᠦᠪᠤᠷᠢᠯᠡᠬᠦ ᠵᠡᠷᠭᠡ ᠲᠤᠭᠳᠠᠴᠠ ᠪᠠᠷ᠂ | ᠮᠠᠯᠴᠢᠨ ᠲᠠᠷᠢᠶᠠᠴᠢᠳ ᠵᠢᠴᠢ ᠬᠤᠷᠰᠢᠶᠠᠵᠢᠯ ᠢ ᠲᠠᠶᠢᠴᠢᠯᠠᠨ ᠡᠯᠡᠰᠦ ᠶᠢ ᠵᠠᠰᠠᠬᠤ ᠠᠵᠢᠯ ᠳᠤ ᠢᠳᠡᠪᠬᠢᠳᠡᠢ | ᠤᠷᠤᠯᠴᠠᠭᠤᠯᠵᠦ᠂ ᠡᠯᠡᠰᠤ ᠶᠢ ᠵᠠᠰᠠᠬᠤ ᠪᠡ ᠪᠡᠶᠠᠵᠢᠨ ᠴᠢᠨᠡᠭᠡᠯᠢᠭᠵᠢᠬᠦ ︽ᠬᠤᠤᠰ ᠢᠯᠠᠯᠳᠠ︾ ᠶᠢ ᠪᠡᠶᠡᠯᠡᠬᠦᠯᠦᠨ᠎ᠡ᠃ | ᠨᠡᠷᠡᠨ ᠤ ᠡᠨᠧᠷᠬᠢ ᠪᠠᠷ ᠡᠯᠡᠰᠦ ᠶᠢ ᠵᠠᠰᠠᠬᠤ ᠠᠵᠢᠯ ᠢ ᠡᠷᠳᠡᠭᠡᠨ ᠡᠬᠢᠯᠡᠬᠦᠯᠵᠦ᠂ ᠡᠷᠳᠡᠭᠡᠨ ᠰᠤᠳᠤᠯᠵᠦ᠂ ᠡᠷᠳᠡᠭᠡᠨ | ᠪᠠᠶᠢᠷᠢᠯᠠᠭᠤᠯᠵᠦ᠂ ᠨᠡᠷᠨᠨ ᠤ ᠡᠨᠧᠷᠬᠢ ᠪᠠᠷ ᠡᠯᠡᠰᠦ ᠶᠢ ᠵᠠᠰᠠᠬᠤ ᠲᠥᠰᠥᠯ ᠢ ᠴᠢᠨᠠᠷᠯᠢᠭ ᠨᠠᠶᠢᠷᠠᠭᠤᠯᠤᠨ ᠵᠣᠬᠢᠶᠠᠵᠤ᠂ | ᠳᠡᠭᠡᠳᠦ ᠱᠠᠲᠤᠨ ᠠᠴᠠ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ | ᠲᠠᠯ᠎ᠠ ᠪᠠᠷ ᠬᠠᠮᠤᠭ ᠤᠨ ᠶᠡᠭᠡ ᠬᠠᠷᠠᠭᠠᠯᠵᠠᠯ ᠦᠵᠡᠭᠦᠯᠬᠦ ᠶᠢ ᠭᠤᠶᠤᠴᠢᠯᠠᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠤᠷᠢ ᠱᠠᠩᠨᠠᠯ ᠤᠨ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠱᠠᠩᠨᠠᠯ ᠨᠦᠬᠦᠪᠤᠷᠢ ᠶᠢᠨ ᠪᠡᠯᠡ ᠮᠥᠩᠭᠦ ᠣᠯᠭᠤᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢ | ᠭᠦᠢᠴᠡᠳᠬᠡᠬᠦ ᠯᠦᠭᠡ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠵᠦ᠂ 7 ᠰᠤᠮᠤ ᠪᠠᠯᠭᠠᠰᠤᠨ ᠤ ᠭᠡᠷᠡᠭᠵᠢᠬᠦᠯᠵᠦ | ᠪᠠᠶᠢᠭ᠎ᠠ ᠪᠠᠶᠢᠳᠠᠯ ᠢ ᠦᠨᠳᠤᠰᠤᠯᠠᠨ ᠳ᠋ᠤᠭᠠᠷᠯᠠᠨ ᠵᠢᠭᠰᠠᠭᠠᠨ᠎ᠠ᠃ ᠬᠠᠤᠯᠢ ᠬᠡᠷᠡᠭᠵᠢᠭᠦᠯᠬᠦ ᠡᠩᠨᠡᠭᠡ ᠪᠣᠯᠣᠨ ᠬᠠᠤᠯᠢ | ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠤᠲᠤᠭ | ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠤᠶᠢᠰᠢᠳᠠ ᠶᠢᠨ 5 — 10 ᠵᠢᠯ ᠤᠨ ᠪᠦᠭᠦ ᠬᠤᠰᠢᠭᠤᠨ ᠤ ᠳᠦᠷᠦᠯ ᠵᠦᠢᠯ ᠤᠨ ᠲᠥᠯᠦᠪᠵᠢᠭᠦᠯᠭᠡ ᠶᠢᠨ | ᠪᠠᠶᠢᠷᠢᠰᠢᠭᠤᠯᠤᠯᠳᠠ ᠪᠠ ᠭᠠᠵᠠᠷ ᠭᠡᠷᠡᠭᠯᠡᠬᠦ ᠬᠡᠷᠡᠭᠴᠡᠭᠡ ᠶᠢ ᠨᠢᠭᠡᠳᠦᠯᠲᠡᠢ ᠲᠦᠯᠦᠪᠵᠢᠬᠦᠯᠦᠨ ᠪᠣᠳᠣᠯᠬᠢᠯᠠᠵᠤ᠂ | ᠦᠨᠳᠦᠰᠦᠨ ᠨᠤᠲᠤᠭ ᠪᠡᠯᠴᠢᠭᠡᠷ ᠲᠤ ᠭᠡᠷᠡᠭᠯᠡᠬᠦ ᠭᠠᠵᠠᠷ ᠢ ᠰᠢᠯᠵᠢᠭᠦᠯᠦᠨ ᠭᠠᠷᠭᠠᠬᠤ ᠶᠢᠨ ᠬᠠᠮᠲᠤ ᠰᠣᠯᠢᠬᠤ ᠠᠵᠢᠯ ᠢ | ᠪᠠᠶᠡᠯᠡᠬᠦᠯᠦᠭᠰᠡᠨ ᠪᠠᠶᠢᠳᠠᠯ ᠢ ᠲᠦᠷᠭᠡᠭᠡᠨ ᠤᠶᠢᠯᠠᠭᠠᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠠᠵᠤ ᠠᠬᠤᠢ ᠶᠢᠨ | ᠦᠷᠬᠦᠯᠵᠢᠯᠡᠬᠦᠶᠢᠴᠠ ᠬᠥᠭᠵᠢᠯᠲᠡ ᠶᠢᠨ ︽ᠬᠤᠤᠰ ᠢᠯᠠᠯᠳᠠ︾ ᠶᠢ ᠠᠬᠢᠭᠤᠯᠤᠨ᠎ᠠ᠃ ᠬᠤᠶᠠᠷ ᠲᠤ ᠪᠣᠬᠢᠷᠳᠣᠯ ᠢ | ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢ ᠬᠦᠨᠵᠡᠬᠡᠢ ᠰᠠᠶᠢᠳᠣᠷ ᠬᠢᠨ᠎ᠡ᠃ᠠᠭᠤᠯᠠ ᠤᠰᠤ ᠤᠢ ᠮᠤᠳᠤ | ᠭᠠᠵᠡᠷ ᠲᠠᠷᠢᠶ᠎ᠠ ᠨᠠᠭᠤᠷ ᠴᠦᠬᠦᠷᠤᠮ ᠨᠤᠳᠤᠭ ᠪᠡᠯᠴᠢᠬᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ | ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠯᠤᠰ ᠤᠨ ᠲᠠᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢᠨ | ᠲᠤᠰᠬᠠᠭᠰᠠᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠠᠵᠢᠯ ᠢ ᠰᠠᠶᠢᠳᠤᠷ ᠠᠬᠢᠭᠤᠯᠵᠤ᠂ ᠦᠯᠡᠳᠡᠭᠰᠡᠨ 5 | ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠤᠭᠳᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠶᠢᠨ | ᠬᠠᠮᠲᠤ᠂ ᠥᠩᠭᠡᠷᠡᠭᠰᠡᠨ ᠵᠢᠯ ᠤᠳ ᠲᠤ ᠨᠢᠭᠡᠨᠲᠡ ᠪᠡᠶᠡᠯᠡᠭᠦᠯᠦᠭᠰᠡᠨ ᠵᠠᠰᠠᠨ ᠰᠠᠶᠢᠵᠢᠷᠠᠭᠤᠯᠤᠭᠰᠠᠨ ᠠᠰᠠᠭᠤᠳᠠᠯ ᠢ ︽ | ᠲᠠᠬᠢᠨ ᠪᠠᠶᠢᠴᠠᠭᠠᠵᠦ︾᠂ ᠲᠠᠩᠰᠠ ᠡᠪᠬᠡᠮᠡᠯ ᠤᠨ ᠭᠡᠷᠡᠴᠢ ᠮᠡᠲ᠋ᠧᠷᠢᠶᠠᠯ ᠢ ᠪᠦᠷᠢᠨᠰᠢᠬᠦᠯᠵᠦ᠂ ᠰᠢᠨ᠎ᠡ ᠡᠭᠡᠯᠵᠢ ᠶᠢᠨ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢ | ᠤᠭᠲᠤᠬᠤ ᠠᠵᠢᠯ ᠳᠤ ᠭᠦᠢᠴᠡᠳ ᠪᠡᠯᠡᠳᠬᠡᠯ ᠬᠢᠨ᠎ᠡ᠃ ᠲᠥᠪᠯᠡᠷᠡᠩᠭᠦᠢ ᠬᠡᠯᠪᠡᠷᠢ ᠶᠢᠨ ᠤᠰᠤᠨ ᠰᠤᠷᠪᠤᠯᠵᠢ ᠶᠢᠨ | ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢ ᠰᠡᠯᠪᠢᠨ ᠵᠠᠰᠠᠵᠤ ᠥᠭᠡᠷᠡᠴᠢᠯᠡᠬᠦ ᠪᠠ ᠨᠡᠶᠢᠬᠡᠮᠴᠢᠯᠡᠭᠰᠡᠨ ᠡᠵᠡᠩᠨᠡᠯᠳᠡ ᠶᠢ ᠠᠬᠢᠭᠤᠯᠵᠤ᠂ ᠬᠤᠲᠠ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ | ᠦᠨᠡᠨᠬᠦ ᠪᠠᠲᠤᠯᠠᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠤᠣᠯ | ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠲᠣᠭᠲᠠᠭᠤᠨ ᠪᠥᠭᠡᠳ ᠪᠡᠷᠢᠮᠵᠢᠶᠠᠨ ᠳᠤ ᠬᠦᠷᠬᠦ ᠶᠢ | ᠪᠠᠳᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠤᠨ ᠡᠬᠢ ᠡᠬᠦᠰᠦᠯ ᠢ ᠡᠵᠡᠮᠳᠡᠬᠦ ᠠᠵᠢᠯ ᠢ ᠴᠢᠩᠭᠠᠳᠬᠠᠵᠤ᠂ | ᠭᠤᠣᠯᠳᠠᠯᠭ᠎ᠠ ᠲᠠᠢ ᠣᠷᠣᠨ ᠪᠦᠰᠡ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠬᠥᠷᠥᠰᠥ ᠰᠢᠷᠣᠢ ᠶᠢᠨ ᠪᠣᠬᠢᠷᠲᠤᠯ ᠢ | ᠵᠠᠰᠠᠬᠤ ᠠᠵᠢᠯ ᠢ ᠲᠤᠪᠤᠶᠢᠯᠭᠠᠵᠤ᠂ ᠬᠥᠷᠥᠰᠥ ᠰᠢᠷᠣᠢ ᠶᠢᠨ ᠣᠷᠴᠢᠨ ᠲᠤᠭᠤᠷᠢᠨ ᠤ ᠠᠮᠤᠷ ᠲᠦᠪᠰᠢᠨ ᠢ ᠪᠠᠳᠤᠯᠠᠨ᠎ᠠ᠃ | ᠭᠤᠷᠪᠡ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠭᠠᠮᠨᠠᠬᠤ᠂ ᠪᠣᠬᠢᠷᠳᠣᠯ ᠦᠭᠡᠢ | ᠲᠣᠣᠷ᠎ᠠ ᠨᠡᠭᠦᠷᠡᠰᠦᠳᠦ᠋ᠷᠦᠭᠴᠢᠳᠦ ᠬᠦᠭᠵᠢᠯᠳᠡ ᠶᠢ ᠪᠠᠷᠢᠮᠳᠠᠯᠠᠵᠣ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠣᠯᠳᠠ | ᠶᠢᠨ ᠣᠷᠬᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠠᠮᠢ ᠠᠬᠤᠢ ᠶᠢᠨ | ᠪᠠᠶᠢᠭᠤᠯᠣᠯᠳᠠ ᠶᠢᠨ ᠪᠦᠬᠦᠯᠢ ᠴᠣᠭᠴᠠ ᠶᠢᠨ ᠪᠠᠶᠢᠷᠢᠰᠢᠯᠡᠭᠤᠯᠣᠯᠳᠠ ᠳᠤ ᠣᠷᠣᠭᠤᠯᠵᠣ᠂ ᠡᠬᠢ ᠪᠠᠶᠠᠯᠢᠭ ᠢ ᠦᠨᠳᠦᠷ | ᠦᠷ᠎ᠡ ᠪᠦᠲᠦᠮᠵᠢᠳᠠᠢ ᠠᠰᠢᠭᠯᠠᠬᠤ ᠰᠢᠨ᠎ᠡ ᠬᠡᠪ ᠪᠠᠶᠢᠳᠠᠯ ᠢ ᠡᠭᠦᠳᠦᠨ᠎ᠡ᠃ ᠪᠥᠬᠦ ᠠᠶᠢᠮᠠᠭ ᠤᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠠᠵᠤ | ᠠᠬᠤᠶᠢᠯᠠᠯ ᠳᠤ ᠨᠢᠭᠡ ᠲᠥᠰᠥᠯ ᠲᠠᠢ ᠪᠠᠶᠢᠬᠤ︾ ᠪᠤᠬᠢᠷᠳᠤᠯ ᠦᠬᠡᠢ ᠴᠠᠬᠢᠯᠭᠠᠨ ᠢ ᠬᠡᠷᠡᠭᠯᠡᠬᠦ ᠶᠢ ᠵᠣᠷᠢᠭᠵᠢᠭᠤᠯᠵᠤ᠂ | ᠠᠴᠢᠶᠠᠯᠠᠬᠤ ᠴᠢᠳᠠᠪᠤᠷᠢ ᠶᠢ ᠲᠣᠬᠢᠷᠠᠭᠤᠯᠬᠤ ᠳᠠᠯᠳᠠ ᠬᠦᠴᠦᠨ ᠢ ᠠᠭᠤᠳᠠᠯᠠᠨ᠂ ᠬᠠᠳᠠᠭᠠᠯᠠᠵᠤ ᠪᠠᠶᠢᠭ᠎ᠠ ᠡᠨᠧᠷᠭᠢ | ᠠᠴᠢᠶᠠᠯᠠᠬᠤ ᠲᠥᠷᠥᠯ ᠵᠦᠢᠯ ᠢ ᠪᠤᠬᠢᠷᠳᠤᠯ ᠦᠬᠡᠢ ᠴᠠᠬᠢᠯᠭᠠᠨ ᠢᠶᠠᠷ ᠣᠷᠣᠯᠠᠭᠤᠯᠬᠤ ᠶᠢ ᠥᠷᠨᠢᠭᠦᠯᠦᠨ᠎ᠡ᠃ ᠠᠵᠤ | ᠠᠬᠤᠶᠢᠯᠠᠯ ᠤᠨ ᠴᠠᠬᠢᠯᠭᠠᠨ ᠬᠦᠴᠦᠨ ᠤ ᠣᠯᠠᠨ ᠲᠠᠯᠠᠲᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠪᠡᠶ᠎ᠡ ᠪᠠᠨ ᠳᠠᠭᠠᠭᠠᠨ | ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢ ᠭᠦᠢᠴᠡᠳ ᠲᠤᠭ᠎ᠠ ᠪᠠᠷ | ᠠᠷᠠᠯᠵᠢᠶᠠᠯᠠᠵᠤ᠂ ᠰᠢᠨ᠎ᠡ ᠡᠨᠧᠷᠭᠢ ᠶᠢᠨ ᠠᠷᠠᠯᠵᠢᠶᠠᠨ ᠤ ᠬᠠᠷᠢᠴᠠᠯ ᠢ ᠨᠡᠮᠡᠭᠳᠡᠬᠦᠯᠵᠦ᠂ ᠣᠢ ᠰᠢᠭᠤᠢ ᠡᠪᠡᠰᠦ | ᠪᠡᠯᠴᠢᠭᠡᠷ ᠤᠨ ᠨᠡᠭᠦᠷᠡᠰᠦᠳᠦ᠋ᠷᠦᠭᠴᠢ ᠶᠢ ᠰᠢᠩᠭᠡᠭᠡᠬᠦ ᠲᠦᠷᠦᠯ ᠵᠦᠢᠯ ᠢ ᠨᠡᠭᠡᠭᠡᠨ ᠬᠦᠭᠵᠢᠭᠦᠯᠬᠦ ᠶᠢ ᠢᠳᠡᠪᠬᠢᠳᠠᠢ | ᠰᠦᠪᠡᠭᠴᠢᠯᠡᠨ ᠦᠷᠨᠢᠭᠦᠯᠵᠦ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠮᠠᠨ ᠤ ᠬᠤᠰᠢᠭᠤᠨ ᠳᠤ | ᠨᠡᠭᠦᠷᠡᠰᠦᠲᠥ᠋ᠷᠥᠭᠴᠢ ᠶᠢ ᠰᠢᠩᠭᠡᠭᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠤᠷᠢᠳᠠᠪᠠᠷ ᠭᠡᠷᠡᠭᠵᠢᠬᠦᠯᠬᠦ ᠶᠢ | ᠠᠬᠢᠭᠤᠯᠵᠤ᠂ ︽ᠪᠠᠷᠠᠭᠤᠨ ᠰᠦᠨᠢᠳ ᠤᠨ ᠦᠯᠢᠬᠡᠷ ᠲᠠᠭᠤᠷᠢᠶᠠᠯ︾ ᠢ ᠡᠬᠦᠳᠤᠨ᠎ᠡ᠃ ᠭᠤᠣᠯᠳᠠᠯᠭ᠎ᠠ ᠲᠠᠢ ᠡᠨᠧᠷᠭᠢ | ᠬᠡᠷᠡᠭᠯᠡᠬᠦ ᠠᠵᠤ ᠠᠬᠤᠶᠢᠯᠠᠯ ᠤᠨ ᠪᠣᠬᠢᠷᠲᠤᠯ ᠦᠭᠡᠢ ᠥᠭᠡᠷᠡᠴᠢᠯᠡᠯᠲᠡ ᠶᠢ ᠠᠬᠢᠭᠤᠯᠵᠤ᠂ ᠰᠦᠨᠢᠳ ᠲᠡᠮᠡᠭᠡᠨ ᠤ | ᠦᠢᠯᠡᠰ ᠤᠨ ᠺᠤᠮᠫᠠᠨᠢ᠂ ᠮᠧᠩ ᠭᠥᠸᠧ ᠯᠧ ᠮᠢᠬᠠᠨ ᠤ ᠦᠢᠯᠡᠰ ᠢ ᠬᠠᠪᠰᠤᠷᠤᠨ ᠦᠪᠡᠷᠳᠡᠭᠡᠨ ᠵᠠᠰᠠᠬᠤ ᠤᠷᠤᠨ ᠤ | ᠲᠡᠰ ᠤᠨ ᠪᠤᠬᠢᠷᠳᠤᠯ ᠦᠬᠡᠢ ᠦᠢᠯᠡᠳᠪᠤᠷᠢ ᠪᠠᠷ ᠢᠳᠡᠪᠬᠢᠳᠡᠢ ᠭᠤᠶᠤᠴᠢᠯᠠᠨ ᠮᠡᠳᠡᠬᠦᠯᠵᠦ᠂ ᠰᠦᠨᠢᠳ ᠬᠤᠵᠢᠷ ᠤᠨ | ᠦᠢᠯᠡᠰ ᠤᠨ ᠺᠤᠮᠫᠠᠨᠢ ᠶᠢ ᠤᠰᠤ ᠠᠷᠪᠢᠯᠠᠬᠤ ᠭᠡᠯᠪᠡᠷᠢ ᠶᠢᠨ ᠠᠵᠦ ᠠᠬᠤᠶᠢᠯᠠᠯ ᠢᠶᠠᠷ ᠭᠤᠶᠤᠴᠢᠯᠠᠨ ᠮᠡᠳᠡᠬᠦᠯᠬᠦ ᠠᠵᠢᠯ | ᠢ ᠰᠠᠶᠢᠳᠤᠷ ᠬᠢᠨ᠎ᠡ᠃ ︽ᠲᠠᠪᠤ ᠶᠢ ᠲᠣᠶᠢᠯᠪᠣᠷᠢᠳᠠᠢ ᠪᠠᠶᠢᠴᠠᠭᠠᠬᠤ ᠠᠵᠢᠯᠯᠠᠭ᠎ᠠ︾ ᠶᠢᠨ ᠴᠡᠭᠴᠡᠯᠡᠨ ᠵᠠᠰᠠᠭᠰᠠᠨ ᠦᠷ᠎ᠡ | ᠪᠦᠳᠦᠭᠡᠯ ᠢ ᠦᠷᠭᠦᠯᠵᠢᠯᠡᠨ ᠪᠠᠳᠣᠳᠬᠠᠵᠣ᠂ ᠳᠡᠭᠡᠳᠦ ᠱᠠᠲᠤᠨ ᠠᠴᠠ ᠪᠠᠭᠤᠯᠭᠠᠭᠰᠠᠨ ᠵᠥᠪᠰᠢᠶᠡᠷᠡᠭᠰᠡᠨ ᠪᠣᠯᠪᠠᠴᠤ | ᠬᠠᠩᠭᠠᠭᠠᠳᠤᠢ ᠭᠠᠵᠠᠷ ᠰᠢᠷᠣᠢ ᠶᠢ ᠠᠮᠢᠳᠤᠯᠢᠭ ᠢᠶᠠᠷ ᠠᠰᠢᠭᠯᠠᠬᠤ ᠪᠠ ᠰᠤᠯᠠ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ | ᠰᠢᠢᠳᠪᠦᠷᠢᠯᠡᠬᠦ ᠡᠭᠦᠷᠭᠡ ᠶᠢ ᠰᠠᠶᠢᠲᠤᠷ ᠪᠠᠶᠠᠯᠠᠬᠦᠯᠦᠨ᠎ᠡ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ | ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠨᠢᠭᠡᠨᠲᠡ ᠬᠠᠶᠢᠨ ᠲᠣᠳᠣᠯᠠᠭᠰᠠᠨ ᠬᠠᠳᠠᠭᠠᠯᠠᠭᠳᠠᠴᠠ ᠲᠠᠢ | ᠠᠯᠲᠠᠨ ᠤ ᠠᠭᠤᠷᠬᠠᠢ᠂ ᠨᠡᠭᠦᠷᠡᠰᠦᠨ ᠤ ᠠᠭᠤᠷᠬᠠᠢ᠂ ᠬᠠᠶᠢᠯᠤᠭᠤᠷ ᠵᠤᠩᠰᠢ ᠶᠢᠨ ᠠᠭᠤᠷᠬᠠᠢ ᠵᠡᠷᠭᠡ ᠳᠤ ᠬᠦᠴᠢᠷ | ᠪᠡᠷᠬᠡᠰᠢᠶᠡᠯ ᠢ ᠢᠯᠠᠨ ᠲᠠᠪᠠᠨ ᠪᠠᠶᠢᠵᠦ ᠬᠠᠶᠢᠨ ᠰᠢᠨᠵᠢᠯᠡᠵᠦ ᠰᠢᠯᠵᠢᠭᠦᠯᠦᠨ ᠮᠠᠯᠲᠠᠬᠤ ᠭᠠᠷᠳᠠᠮ ᠢ ᠳᠠᠷᠤᠢ ᠲᠦᠷᠭᠡᠨ | ᠬᠦᠢᠴᠡᠳᠭᠡᠨ ᠦᠭᠴᠦ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ | ᠳᠡᠭᠡᠳᠦ ᠱᠠᠲᠤᠨ ᠤ ᠡᠨᠧᠷᠭᠢ ᠶᠢᠨ ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠳᠡᠢ ᠭᠤᠶᠤᠴᠢᠯᠠᠨ ᠤᠯᠵᠦ᠂ | ᠰᠠᠶᠢᠬᠠᠠᠭᠤᠪᠢ ᠨᠡᠬᠦᠷᠡᠰᠤᠨ ᠤ ᠠᠭᠤᠷᠬᠠᠢ ᠶᠢ ᠨᠡᠭᠡᠭᠡᠨ ᠮᠠᠯᠳᠠᠬᠤ ᠡᠮᠤᠨᠡᠬᠢ ᠬᠤᠭᠤᠴᠠᠭᠠᠨ ᠤ ᠭᠠᠷᠳᠠᠮ ᠢ | ᠬᠦᠢᠴᠡᠳᠭᠡᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠨᠡᠭᠡᠭᠡᠨ ᠮᠠᠯᠳᠠᠬᠤ ᠲᠦᠯᠦᠪᠯᠡᠭᠡ ᠳᠤ ᠡᠷᠳᠡᠭᠡᠨ | ᠤᠷᠤᠭᠤᠯᠬᠤ ᠪᠠᠷ ᠴᠢᠷᠮᠡᠶᠢᠨ᠎ᠡ᠃ ᠨᠡᠭᠦᠷᠡᠰᠦᠨ ᠤ ᠪᠤᠰᠤ ᠠᠭᠤᠷᠬᠠᠢ ᠪᠠᠷ ᠭᠤᠣᠯᠳᠠᠯᠭ᠎ᠠ ᠪᠣᠯᠭᠠᠨ᠂ ᠬᠠᠤᠯᠢ ᠠᠴᠠ | ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ | ᠰᠢᠯᠢᠳᠡᠭ ᠨᠡᠷᠡᠰ ᠤᠨ ᠵᠢᠭᠰᠠᠭᠠᠯᠲᠠ ᠶᠢᠨ ᠪᠡᠷᠢᠮᠵᠢᠶᠠᠨ ᠳᠤ ᠬᠦᠷᠭᠡᠨ ᠡᠭᠦᠳᠦᠨ ᠪᠠᠶᠢᠭᠤᠯᠬᠤ ᠠᠵᠢᠯ ᠢ ᠬᠠᠮᠵᠢᠯᠴᠠᠨ | ᠠᠬᠢᠭᠤᠯᠤᠨ᠎ᠠ᠃ | ︵ᠲᠦᠷᠪᠡ︶ ᠣᠷᠣᠨ ᠪᠦᠰᠡ ᠶᠢᠨ ᠬᠠᠮᠵᠢᠯᠴᠠᠭ᠎ᠠ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ | ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠥᠭᠵᠢᠯᠲᠡ ᠶᠢᠨ ᠰᠢᠨ᠎ᠡ ᠲᠦᠷᠢ ᠲᠦᠷᠬᠦ ᠶᠢ | ᠪᠤᠢ ᠪᠣᠯᠭᠠᠨ᠎ᠠ᠃ ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠤᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ17 ᠶᠢ ᠬᠦᠨᠵᠡᠬᠡᠢ ᠰᠤᠷᠤᠯᠴᠠᠨ | ᠠᠰᠢᠭᠯᠠᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠲᠤᠭᠳᠠᠯᠴᠠᠭ᠎ᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠰᠠᠭᠤᠷᠢ ᠲᠦᠬᠦᠭᠡᠷᠤᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ | ᠨᠥᠬᠦᠪᠦᠷᠢᠯᠡᠨ᠎ᠡ᠃ ᠵᠢᠯ ᠤᠨ ᠲᠤᠳᠤᠷ᠎ᠡ ᠡᠯ᠎ᠡ ᠱᠠᠳᠤᠨ ᠤ ᠡᠯ᠎ᠡ ᠲᠦᠷᠦᠯ ᠤᠨ ᠵᠤᠯᠭᠠᠭᠤᠯᠤᠨ ᠬᠠᠪᠰᠤᠷᠤᠨ ᠲᠡᠳᠬᠦᠬᠦ | ᠪᠡᠯᠡ ᠮᠦᠩᠬᠦ 1.43 ᠳ᠋ᠦᠩᠰᠢᠭᠤᠷ ᠲᠦᠬᠦᠷᠢᠭ ᠤᠷᠤᠭᠤᠯᠬᠤ ᠪᠠᠷ ᠲᠦᠯᠦᠪᠯᠡᠵᠦ᠂ ᠠᠵᠦ ᠦᠢᠯᠡᠰ ᠤᠨ | ᠬᠦᠭᠵᠢᠯᠳᠡ᠂ ᠰᠠᠭᠤᠷᠢ ᠲᠦᠬᠦᠭᠡᠷᠤᠮᠵᠢ ᠵᠡᠷᠭᠡ ᠬᠦᠷᠢᠶ᠎ᠠ ᠴᠡᠷ᠎ᠡ ᠶᠢᠨ 54 ᠲᠦᠷᠦᠯ ᠵᠦᠢᠯ ᠢ ᠭᠡᠷᠡᠭᠵᠢᠬᠦᠯᠦᠨ᠎ᠡ᠃ ︽ | ᠤᠯᠠᠨ ᠲᠦᠮᠡᠨ ᠬᠠᠨᠤᠮᠵᠢᠳᠡᠢ ᠪᠠᠶᠢᠬᠤ︾ ᠶᠢ ᠴᠢᠩᠭ᠎ᠠ ᠪᠡᠷᠢᠮᠳᠠᠯᠠᠵᠦ᠂ ᠵᠢᠯ ᠤᠨ ᠲᠤᠳᠤᠷ᠎ᠡ ᠰᠢᠨ᠎ᠡ ᠪᠠᠷ 230 | ᠵᠤᠷᠯᠤᠩ ᠤᠭᠰᠠᠷᠠᠨ᠎ᠠ᠃ ᠰᠢᠨ᠎ᠡ ᠪᠠᠷ 50 ᠬᠤᠳᠳᠤᠭ ᠮᠠᠯᠳᠠᠵᠣ᠂ 100 ᠡᠷᠦᠬᠡ ᠳᠤ ᠣᠰᠣ ᠲᠡᠳᠡᠨ | ᠤᠷᠤᠭᠤᠯᠵᠦ᠂ 681 ᠬᠦᠮᠦᠨ ᠤ ᠤᠰᠤᠨ ᠤ ᠠᠰᠠᠭᠤᠳᠠᠯ ᠢ ᠰᠢᠢᠳᠪᠤᠷᠢᠯᠡᠨ᠎ᠡ᠃ ᠬᠦᠳᠡᠭᠡ ᠲᠣᠰᠬᠤᠨ ᠤ 298 | ᠺᠢᠯᠣᠮᠧᠲᠷ ᠤᠨ ᠴᠠᠬᠢᠯᠭᠠᠨ ᠲᠣᠣᠷ ᠢ ᠦᠬᠡᠷᠡᠴᠢᠯᠠᠨ ᠲᠡᠰ ᠲᠡᠪᠰᠢᠬᠦᠯᠵᠦ᠂ ᠰᠢᠨ᠎ᠡ ᠡᠨᠧᠷᠬᠢ ᠶᠢᠨ ᠴᠠᠬᠢᠯᠭᠠᠨ ᠢ | 228 ᠺᠢᠯᠣᠮᠧᠲᠷ ᠨᠡᠪᠳᠡᠷᠡᠭᠦᠯᠵᠦ᠂ 260 ᠮᠠᠯᠵᠢᠬᠤ ᠡᠷᠦᠬᠡ ᠶᠢᠨ ᠴᠠᠬᠢᠯᠭᠠᠨ ᠤ ᠭᠡᠷᠡᠭᠴᠡᠭᠡ ᠶᠢ ᠬᠠᠩᠭᠠᠨ᠎ᠠ᠃ | 5G ᠴᠢᠮᠡᠭᠡ ᠬᠤᠯᠪᠣᠭᠠᠨ ᠤ 30 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠣ᠂ ᠪᠤᠶᠢᠳᠠ ᠪᠦᠭᠯᠡᠬᠦᠦ ᠭᠠᠵᠡᠷ | ᠤᠷᠤᠨ ᠤ ᠴᠢᠮᠡᠭᠡ ᠨᠡᠪᠳᠡᠷᠡᠯᠬᠡ ᠶᠢᠨ ᠲᠤᠬᠢᠶ᠎ᠠ ᠠᠨᠠᠢ ᠪᠠᠶᠢᠳᠠᠯ ᠢ ᠲᠠᠰᠤᠷᠠᠯᠳᠠ ᠶᠢ ᠰᠠᠶᠢᠵᠢᠷᠠᠭᠤᠯᠤᠨ᠎ᠠ᠃ | ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡᠨ ᠤ ᠬᠦᠮᠦᠨ ᠤ ᠲᠤᠭ᠎ᠠ ᠶᠢ ᠨᠡᠮᠡᠭᠳᠡᠬᠦᠯᠦᠨ ᠦᠢᠯᠡᠴᠢᠯᠠᠭᠡᠨ ᠤ ᠶᠠᠰᠤ | ᠴᠢᠨᠠᠷ ᠢ ᠲᠡᠭᠡᠭᠰᠢᠯᠡᠬᠦᠯᠵᠦ᠂ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠨᠢ ᠮᠠᠯ ᠤᠨ ᠡᠬᠦᠯᠳᠡᠷ | ᠢ ᠰᠠᠶᠢᠵᠢᠷᠠᠭᠤᠯᠬᠤ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ ᠵᠠᠬᠢᠶᠠᠯᠠᠭ᠎ᠠ ᠶᠢᠨ ᠮᠠᠯ ᠠᠵᠤ ᠠᠬᠤᠢ᠂ | ᠡᠳ᠋ᠰᠢᠭᠦᠯᠵᠦ ᠪᠣᠯᠪᠠᠰᠤᠷᠠᠭᠤᠯᠬᠤ ᠪᠠᠷᠠᠭᠠᠨ ᠤ ᠭᠦᠢᠯᠭᠡᠭᠡ᠂ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠵᠡᠷᠭᠡ | ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠮᠠᠯᠴᠢᠨ ᠲᠠᠷᠢᠶᠠᠴᠢᠳ ᠲᠤ ᠠᠵᠤ ᠦᠢᠯᠡᠰ ᠤᠨ | ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠨᠠᠩ ᠤᠯᠠᠨ ᠡᠳ᠋ᠯᠡᠭᠦᠯᠦᠨ᠎ᠡ᠃ ︽ᠨᠠᠮ ᠵᠠᠰᠠᠭ ᠬᠠᠷᠢᠯᠴᠠᠨ | ᠰᠤᠷᠪᠤᠯᠵᠢᠯᠠᠬᠤ᠂ ᠴᠢᠳᠠᠪᠤᠷᠢᠲᠠᠨ ᠢ ᠬᠠᠷᠢᠯᠴᠠᠨ ᠲᠣᠮᠢᠯᠠᠬᠤ᠂ ᠠᠵᠤ ᠠᠬᠤᠶᠢᠯᠠᠯ ᠬᠠᠷᠢᠯᠴᠠᠨ ᠬᠥᠳᠡᠯᠦᠯᠴᠡᠬᠦ᠂ | ᠬᠡᠷᠡᠭᠯᠡᠭᠡ ᠪᠠᠷ ᠬᠠᠮᠵᠢᠯᠴᠠᠬᠤ᠂ ᠨᠡᠶᠢᠭᠡᠮ ᠢᠶᠠᠷ ᠢᠶᠠᠨ ᠬᠠᠪᠰᠤᠷᠤᠨ ᠲᠡᠳᠬᠦᠬᠦ︾ ᠵᠡᠷᠭᠡ ᠲᠠᠯ᠎ᠠ ᠪᠠᠷ ᠠᠵᠤ ᠠᠬᠤᠢ ᠶᠢᠨ | ᠨᠡᠭᠡᠭᠡᠯᠳᠡ ᠶᠢᠨ ᠣᠷᠣᠨ ᠪᠠ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠯᠦᠭᠡ ᠶᠢᠨ | ᠬᠠᠮᠳᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭ᠎ᠠ᠂ | ᠴᠡᠭ ᠲᠣᠭᠲᠠᠭᠠᠨ ᠬᠠᠪᠰᠤᠷᠤᠨ ᠲᠡᠳᠬᠦᠬᠦ ᠰᠢᠨ᠎ᠡ ᠨᠡᠶᠢᠳᠡᠯᠢᠭ ᠵᠢᠱᠢᠶ᠎ᠠ ᠶᠢ ᠡᠬᠦᠳᠤᠨ᠎ᠡ᠃ ᠬᠤᠶᠠᠷ ᠲᠤ | ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠤᠬᠢᠷᠠᠮᠵᠢᠳᠠᠢ ᠤᠷᠴᠢᠨ ᠨᠦᠬᠦᠴᠠᠯ ᠢ | ᠪᠦᠷᠢᠯᠳᠤᠬᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠠᠶᠢᠷ᠎ᠡ ᠬᠠᠯᠠᠮᠵᠢ ᠶᠢᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠵᠦ᠂ ᠤᠯᠤᠰ ᠠᠴᠠ ᠬᠤᠲᠠ ᠶᠢᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠠᠬᠢᠭᠤᠯᠬᠤ ᠠᠵᠠ | ᠲᠣᠬᠢᠶᠠᠯ ᠢ ᠴᠢᠩᠭ᠎ᠠ ᠠᠳᠬᠤᠵᠤ᠂ ᠪᠡᠯᠡ ᠮᠥᠩᠭᠦ ᠭᠤᠶᠤᠴᠢᠯᠠᠨ ᠣᠯᠬᠤ ᠡᠷᠴᠢᠮ ᠢᠶᠠᠨ ᠴᠢᠩᠭᠠᠷᠠᠭᠤᠯᠤᠨ᠂ ᠢᠯᠴᠢ | ᠴᠠᠬᠢᠯᠭᠠᠨ ᠢ ᠬᠠᠮᠳᠤᠷᠠᠨ ᠦᠢᠯᠡᠳᠪᠤᠷᠢᠯᠡᠬᠦ᠂ ᠲᠤᠯᠠᠭᠠᠯᠭ᠎ᠠ ᠬᠠᠩᠭᠠᠬᠤ ᠬᠤᠭᠤᠯᠠᠢ ᠲᠤᠤᠷ ᠢ ᠦᠬᠡᠷᠡᠴᠢᠯᠠᠬᠦ ᠪᠡ ︽ | ᠡᠪᠤᠯ ᠤᠨ ᠤᠯᠠᠷᠢᠯ ᠤᠨ ᠲᠤᠯᠠᠭᠠᠯᠭ᠎ᠠ ᠶᠢᠨ ᠠᠰᠠᠭᠤᠳᠠᠯ ᠢ ᠵᠤᠨ ᠤ ᠤᠯᠠᠷᠢᠯ ᠳᠤ ᠰᠢᠢᠳᠪᠤᠷᠢᠯᠡᠬᠦ︾ ᠢᠨᠵᠧᠨᠧᠷᠢᠩ ᠢ | ᠪᠦᠬᠦ ᠬᠦᠴᠦᠨ ᠢᠶᠠᠷ ᠢᠶᠠᠨ ᠭᠡᠷᠡᠭᠵᠢᠬᠦᠯᠵᠦ᠂ ᠤᠯᠠᠨ ᠠᠷᠭ᠎ᠠ ᠵᠡᠮ ᠢᠶᠠᠷ ᠤᠯᠠᠨ ᠲᠦᠮᠡᠨ ᠤ ᠲᠤᠯᠠᠭᠠᠯᠭ᠎ᠠ ᠶᠢᠨ | ᠠᠰᠠᠭᠤᠳᠠᠯ ᠢ ᠰᠠᠶᠢᠳᠤᠷ ᠰᠢᠢᠳᠪᠤᠷᠢᠯᠡᠨ᠎ᠡ᠃ ᠵᠢᠯ ᠤᠨ ᠲᠤᠳᠤᠷ᠎ᠡ 12 ᠺᠢᠯᠦᠮᠧᠲᠷ ᠤᠨ ᠲᠤᠯᠠᠭᠠᠯᠭ᠎ᠠ ᠬᠠᠩᠭᠠᠬᠤ | ᠬᠤᠭᠤᠯᠠᠢ ᠲᠤᠤᠷ᠂ ᠤᠰᠤ ᠬᠠᠩᠭᠠᠬᠤ ᠬᠤᠭᠤᠯᠠᠢ ᠲᠤᠤᠷ᠂ ᠪᠤᠬᠢᠷ ᠤᠰᠤᠨ ᠤ ᠬᠤᠭᠤᠯᠠᠢ ᠲᠤᠤᠷ ᠢ ᠦᠬᠡᠷᠡᠴᠢᠯᠠᠨ | ᠵᠠᠰᠠᠵᠦ᠂ 3 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠬᠡᠷᠡᠴᠢᠯᠠᠨ ᠵᠠᠰᠠᠵᠦ᠂ ᠴᠢᠳᠠᠪᠤᠷᠢᠳᠠᠨ ᠤ | ᠨᠠᠶᠢᠳᠠ ᠶᠢᠨ ᠪᠠᠶᠢᠷᠢ 60 ᠶᠢ ᠬᠤᠪᠢᠶᠡᠷᠢᠯᠠᠨᠠ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ᠂ ᠬᠤᠭᠤᠯᠠᠨ ᠭᠡᠷ | ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠪᠠ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠲᠤᠨᠤᠯᠵᠢᠨ | ᠵᠡᠮ ᠠᠴᠠ ᠳᠤᠮᠳᠠᠳᠤ ᠤᠯᠤᠰ ᠤᠨ ᠶᠧᠦ ᠯᠢᠶᠠᠨ ᠲᠤᠰᠤ ᠨᠡᠮᠡᠬᠦ ᠦᠷᠳᠡᠭᠡ ᠬᠦᠷᠬᠦ ᠵᠠᠮ ᠢ ᠥᠷᠭᠡᠳᠬᠡᠬᠦ | ᠢᠨᠵᠧᠨᠧᠷᠢᠩ ᠢ ᠪᠡᠶᠡᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠴᠢᠭᠢᠷᠠᠭᠵᠢᠭᠤᠯᠬᠤ | ᠶᠠᠪᠠᠭᠠᠨ ᠵᠠᠮ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠡᠶᠢᠨ᠎ᠡ᠃ ᠬᠤᠲᠠ | ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠨᠳᠡᠯᠡᠨ | ᠤ ᠡᠲᠡᠭᠡᠳ ᠢ ᠤᠷᠢᠵᠤ ᠬᠤᠲᠠ ᠶᠢᠨ ᠲᠦᠷᠢ ᠲᠦᠷᠬᠦ ᠶᠢ ᠪᠠᠶᠢᠴᠠᠭᠠᠯᠭᠠᠬᠤ ᠠᠵᠢᠯ ᠢ ᠬᠡᠷᠡᠭᠵᠢᠭᠦᠯᠦᠨ᠂ ᠲᠤᠳᠠᠭᠳᠠᠯ ᠢ | ᠨᠢ ᠵᠠᠰᠠᠵᠦ᠂ ᠮᠠᠭᠤᠳᠠᠬᠤ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠨ᠎ᠡ᠃ ᠬᠤᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠲᠦᠷᠢ ᠲᠦᠷᠬᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠡᠵᠡᠮᠳᠡᠯ ᠪᠠ ᠠᠳᠠᠯ ᠠᠬᠤᠢ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠡ ᠳᠤ ᠰᠠᠭᠤᠷᠢ | ᠲᠦᠬᠦᠭᠡᠷᠤᠮᠵᠢ ᠶᠢᠨ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠪᠠᠶᠠᠨᠰᠢᠯᠢ — ᠡᠷᠢᠶᠠᠠᠨᠠᠭᠤᠷ ᠬᠦᠷᠬᠦ ᠭᠡᠰᠡᠭ ᠢ ᠬᠤᠯᠪᠤᠬᠤ 38 | ᠺᠢᠯᠦᠮᠧᠲᠷ ᠤᠨ ᠵᠡᠮ᠂ G511 ᠠᠴᠠ ᠰᠢᠷ᠎ᠡ ᠱᠠᠩᠳᠤ ᠵᠡᠰ ᠤᠨ ᠠᠭᠤᠷᠬᠠᠢ ᠶᠢᠨ ᠺᠤᠮᠫᠠᠨᠢ ᠬᠦᠷᠬᠦ 21 ᠺᠢᠯᠦᠮᠧᠲᠷ | ᠤᠨ ᠠᠵᠦ ᠦᠢᠯᠡᠰ ᠤᠨ ᠵᠡᠮ ᠢ ᠵᠢᠯ ᠤᠨ ᠲᠤᠳᠤᠷ᠎ᠡ ᠲᠡᠷᠭᠡ ᠨᠡᠪᠳᠡᠷᠡᠬᠦᠯᠬᠦ ᠪᠠᠷ ᠴᠢᠷᠮᠠᠶᠢᠨ᠎ᠡ᠃ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠯᠳᠠ ᠶᠢᠨ 6 | ᠲᠥᠷᠥᠯ ᠵᠦᠢᠯ ᠢ ᠢᠳᠡᠪᠬᠢᠳᠡᠢ ᠪᠠᠷ ᠭᠤᠶᠤᠴᠢᠯᠠᠨ ᠣᠯᠵᠤ᠂ ᠮᠠᠯᠵᠢᠬᠤ ᠲᠠᠷᠢᠶᠠᠯᠠᠬᠤ ᠣᠷᠣᠨ ᠤ 100 ᠺᠢᠯᠣᠮᠧᠲᠷ | ᠤᠨ ᠵᠠᠰᠠᠮᠠᠯ ᠵᠠᠮ ᠢ ᠰᠢᠨ᠎ᠡ ᠪᠠᠷ ᠲᠠᠪᠢᠰᠴᠦ᠂ 110 ᠺᠢᠯᠣᠮᠧᠲᠷ ᠤᠨ ᠵᠡᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ᠂ | 69.8 ᠺᠢᠯᠣᠮᠧᠲᠷ ᠤᠨ ᠵᠡᠮ ᠳᠤ ᠠᠮᠢ ᠨᠠᠰᠤᠨ ᠤ ᠠᠮᠤᠷ ᠲᠦᠪᠰᠢᠨ ᠤ ᠬᠠᠮᠠᠭᠠᠯᠠᠯᠳᠠ ᠶᠢᠨ ᠢᠨᠵᠧᠨᠧᠷᠢᠩ ᠢ | ᠰᠢᠨ᠎ᠡ ᠪᠠᠷ ᠪᠠᠶᠢᠭᠤᠯᠤᠨ᠎ᠠ᠃ G209 ᠦᠨᠳᠤᠷ ᠬᠤᠷᠳᠤᠴᠠᠳᠤ ᠵᠠᠰᠠᠮᠠᠯ ᠵᠡᠮ ᠤᠨ ᠰᠦᠨᠢᠳ ᠵᠡᠬᠦᠨ ᠬᠤᠰᠢᠭᠤ | ᠠᠴᠠ ᠬᠦᠭᠡᠬᠤᠳᠠ ᠬᠦᠷᠬᠦ ᠭᠡᠰᠡᠭ ᠤᠨ ᠮᠡᠨ ᠤ ᠬᠤᠰᠢᠭᠤᠨ ᠤ ᠬᠢᠯᠢ ᠲᠤᠳᠤᠷᠡᠬᠢ ᠪᠦᠳᠤᠭᠡᠨ ᠪᠠᠶᠢᠭᠤᠯᠤᠯᠳᠠ ᠶᠢᠨ | ᠲᠦᠷᠦᠯ ᠵᠦᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠦ᠂ ᠡᠷᠳᠡᠭᠡᠨ ᠠᠵᠢᠯ ᠡᠬᠢᠯᠡᠬᠦᠯᠦᠨ ᠪᠦᠳᠤᠭᠡᠨ | ᠪᠠᠶᠢᠭᠤᠯᠬᠤ ᠪᠠᠷ ᠴᠢᠷᠮᠡᠶᠢᠨ᠎ᠡ᠃ | ︵ᠲᠠᠪᠤ︶ ᠥᠭᠡᠷᠡᠴᠢᠯᠡᠯᠲᠡ ᠳᠤ ᠨᠦᠬᠦᠴᠠᠯ ᠪᠦᠷᠢᠯᠳᠤᠬᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠤ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | ᠨᠢᠬᠡ ᠳᠤ ᠦᠬᠡᠷᠡᠴᠢᠯᠠᠯᠳᠠ ᠶᠢ ᠪᠤᠳᠠᠳᠠᠢ ᠬᠦᠨᠵᠡᠬᠡᠶᠢᠷᠡᠬᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ | ᠦᠮᠴᠢᠯᠠᠯᠳᠤ ᠠᠵᠦ ᠠᠬᠤᠶᠢᠯᠠᠯ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠦᠨ ᠲᠡᠭᠡᠭᠰᠢᠯᠡᠬᠦᠯᠬᠦ ᠠᠵᠢᠯᠯᠠᠭ᠎ᠠ ᠶᠢ | ᠬᠦᠨᠵᠡᠬᠡᠢ ᠦᠷᠨᠢᠬᠦᠯᠵᠦ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ | ᠪᠠ ᠴᠢᠳᠠᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ | ᠴᠡᠭᠴᠡᠯᠡᠬᠦ ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠠᠭᠠᠭᠠᠮᠠᠯ ᠤᠨ ᠲᠤᠰᠢᠶᠠᠯ ᠤᠨ | ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠤᠯᠤᠰ ᠤᠨ | ᠦᠮᠴᠢᠯᠠᠯᠳᠤ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢ ᠨᠢ | ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠮᠲᠤᠷᠠᠯᠴᠠᠭ᠎ᠠ ᠪᠠᠷ ᠳᠠᠮᠵᠢᠭᠤᠯᠤᠨ ᠰᠢᠨ᠎ᠡ ᠡᠨᠧᠷᠭᠢ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠶᠢᠨ ᠰᠠᠭᠤᠷᠢ ᠲᠥᠬᠦᠭᠡᠷᠦᠮᠵᠢ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠴᠢᠷᠮᠠᠶᠢᠨ | ᠪᠡᠶᠡᠯᠡᠭᠦᠯᠦᠨ᠎ᠡ᠃ ᠡᠭᠦᠨ ᠤ ᠬᠠᠮᠲᠤ᠂ ᠤᠯᠤᠰ ᠤᠨ ᠦᠮᠴᠢᠯᠠᠯᠳᠤ ᠡᠳ᠋ ᠬᠥᠷᠥᠩᠭᠡ ᠶᠢᠨ ᠬᠠᠳᠠᠭᠠᠯᠠᠯᠲᠠ ᠶᠢᠨ | ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠲᠥᠷᠥᠯ ᠤᠨ ᠦᠷ᠎ᠡ ᠠᠰᠢᠭ ᠢᠶᠠᠷ ᠲᠤᠤᠷ᠎ᠡ ᠪᠦᠭᠡᠳ | ᠰᠤᠯᠠ ᠪᠠᠶᠢᠭ᠎ᠠ ᠡᠳ᠋ ᠬᠥᠷᠥᠩᠭᠡ ᠶᠢ ᠪᠦᠲᠦᠮᠵᠢᠲᠡᠶ ᠠᠮᠢᠳᠤᠯᠢᠭ ᠠᠰᠢᠭᠯᠠᠵᠤ᠂ ᠤᠯᠤᠰ ᠤᠨ ᠦᠮᠴᠢᠯᠠᠯᠳᠤ ᠡᠳ᠋ | ᠬᠥᠷᠥᠩᠭᠡ ᠶᠢᠨ ᠥᠷᠲᠡᠭ ᠢ ᠪᠠᠳᠤᠯᠠᠨ ᠨᠡᠮᠡᠭᠳᠡᠬᠦᠯᠬᠦ ᠶᠢ ᠪᠡᠶᠡᠯᠡᠬᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠦᠬᠦ ᠬᠦᠴᠦᠨ ᠢᠶᠠᠷ ᠢᠶᠠᠨ ᠲᠡᠳᠬᠦᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ | ᠠᠬᠤᠶᠢᠯᠠᠯ ᠢ ᠪᠣᠶᠢᠵᠢᠭᠤᠯᠬᠤ᠂ ᠲᠤᠮᠳᠠ ᠵᠢᠵᠢᠭ ᠠᠵᠦ ᠠᠬᠤᠶᠢᠯᠠᠯ ᠢ ᠭᠡᠪᠴᠢᠶᠠᠵᠢᠯ ᠠᠴᠠ ᠲᠡᠭᠡᠭᠰᠢᠬᠢ ᠠᠵᠦ | ᠠᠬᠤᠶᠢᠯᠠᠯ ᠪᠤᠯᠭᠠᠨ ᠲᠡᠰ ᠲᠡᠪᠰᠢᠬᠦᠯᠦᠨ ᠨᠢᠬᠡᠳᠤᠯᠳᠠᠢ ᠬᠠᠮᠢᠶᠠᠷᠤᠯᠳᠠ ᠳᠤ ᠤᠷᠤᠭᠤᠯᠬᠤ ᠪᠠ ᠭᠤᠣᠯᠳᠠᠯᠭ᠎ᠠ ᠲᠠᠢ | ᠠᠵᠢᠯ ᠲᠥᠷᠥᠯ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠣᠷᠣᠨ ᠤ ᠭᠠᠳᠠᠨᠠᠬᠢ | ᠬᠠᠤᠯᠢ ᠶᠢᠨ ᠡᠷᠬᠡᠲᠡᠨ ᠤ ᠬᠠᠷᠢᠶ᠎ᠠ ᠭᠠᠵᠠᠷ ᠲᠤ ᠳᠠᠩᠰᠠᠯᠠᠭᠤᠯᠬᠤ ᠵᠡᠷᠭᠡ ᠲᠡᠮᠵᠢᠯᠬᠡ ᠶᠢᠨ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ︽ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠭᠡᠯᠪᠡᠷᠢ ᠶᠢ | ᠬᠤᠪᠢᠷᠠᠭᠤᠯᠤᠨ ᠠᠵᠤ ᠠᠬᠤᠶᠢᠯᠠᠯ ᠪᠤᠯᠭᠠᠬᠤ︾ ︽ᠲᠤᠮᠳᠠ ᠪᠠᠭ᠎ᠠ ᠠᠵᠦ ᠠᠬᠤᠶᠢᠯᠠᠯ ᠤᠨ ᠭᠡᠯᠪᠡᠷᠢ ᠶᠢ ᠨᠢ | ᠬᠤᠪᠢᠷᠠᠭᠤᠯᠤᠨ ᠬᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ ᠪᠤᠯᠭᠠᠬᠤ︾ ᠶᠢ ᠢᠳᠡᠪᠬᠢᠲᠡᠢ ᠠᠬᠢᠭᠤᠯᠵᠤ᠂ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠭᠠᠷᠳᠠᠮ ᠭᠦᠢᠴᠡᠳᠬᠡᠬᠦ᠂ ᠪᠡᠯᠡ | ᠬᠤᠷᠠᠮᠳᠤᠭᠤᠯᠬᠤ ᠵᠢᠭᠡᠯᠡᠯᠭᠡ᠂ ᠬᠦᠴᠦᠨ ᠵᠦᠢᠯ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ | ᠵᠡᠷᠭᠡ ᠲᠠᠯ᠎ᠠ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠬᠦᠩᠭᠡᠯᠡᠬᠦ | ᠲᠥᠷᠥ ᠶᠢᠨ ᠪᠣᠳᠣᠯᠭ᠎ᠠ ᠶᠢ ᠰᠢᠭᠤᠳ ᠬᠦᠷᠳᠡᠭᠡᠬᠦ ᠶᠢ ᠠᠬᠢᠭᠤᠯᠤᠨ᠎ᠠ᠃ ᠬᠤᠶᠠᠷ ᠲᠤ ᠰᠢᠨ᠎ᠡ ᠶᠢ ᠡᠬᠦᠳᠬᠦ ᠠᠵᠢᠯ ᠢ | ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ︽ᠰᠢᠪᠳᠤᠯᠤᠯᠳᠠ︾ ᠶᠢᠨ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠤ ᠦᠢᠯᠡᠰ ᠤᠨ ᠲᠥᠪᠯᠡᠷᠡᠭᠦᠯᠦᠨ ᠰᠢᠨ᠎ᠡ ᠶᠢ | ᠡᠭᠦᠳᠬᠦ ᠰᠢᠪᠳᠤᠯᠤᠯᠳᠠ ᠶᠢᠨ ᠠᠵᠢᠯ ᠦᠷᠨᠢᠬᠦᠯᠬᠦ ᠶᠢ ᠳᠡᠮᠵᠢᠵᠦ᠂ ᠭᠡᠪᠴᠢᠶᠠᠵᠢᠯ ᠠᠴᠠ ᠲᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠬᠠᠷᠢᠴᠠᠯ ᠢ 20% ᠠᠴᠠ | ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠹᠧᠩ ᠽᠦᠸᠧ ᠵᠢᠢ | ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠰᠥᠨᠢᠳ ᠬᠤᠨᠢᠨ ᠤ ᠤᠶᠤᠨᠴᠢ ᠪᠠᠷ ᠡᠭᠦᠯᠳᠡᠷ ᠪᠣᠶᠢᠵᠢᠭᠤᠯᠬᠤ ᠲᠣᠮᠣ ᠳ᠋ᠠᠶᠢᠲ᠋ᠠ ᠶᠢᠨ ᠦᠢᠯᠡᠴᠢᠯᠡᠭᠡ᠂ | ᠰᠢᠨ᠎ᠡ ᠡᠭᠦᠯᠳᠡᠷ ᠤᠨ ᠲᠡᠵᠢᠭᠡᠯ ᠡᠪᠡᠰᠤᠨ ᠤ ᠦᠢᠯᠡᠰ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠲᠠᠯ᠎ᠠ ᠪᠠᠷ | ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ︽ᠬᠤᠶᠠᠷ ᠢ ᠲᠡᠬᠢᠨ ᠢᠶᠠᠷ ᠨᠡᠮᠡᠭᠳᠡᠬᠦᠯᠬᠦ︾18 ᠠᠵᠢᠯᠯᠠᠭ᠎ᠠ ᠶᠢ | ᠦᠷᠬᠦᠯᠵᠢᠯᠡᠨ ᠠᠬᠢᠭᠤᠯᠵᠦ᠂ ᠵᠢᠯ ᠤᠨ ᠲᠣᠳᠣᠷ᠎ᠠ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ 2 ᠢ | ᠪᠤᠶᠢᠵᠢᠭᠤᠯᠵᠦ᠂ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ 3 ᠲᠤᠮᠳᠠ ᠪᠠᠭ᠎ᠠ ᠠᠵᠦ ᠠᠬᠤᠶᠢᠯᠠᠯ ᠢ ᠦᠨᠡᠯᠡᠨ ︽ | ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ ᠲᠤᠮᠳᠠ ᠪᠠᠭ᠎ᠠ ᠠᠵᠦ ᠠᠬᠤᠶᠢᠯᠠᠯ ᠤᠨ ᠮᠡᠳᠡᠭᠡ ᠵᠠᠩᠬᠢ | ᠶᠢᠨ ᠬᠦᠮᠦᠷᠬᠡ︾ ᠳᠤ ᠤᠷᠤᠭᠤᠯᠤᠨ᠎ᠠ᠃ ᠴᠢᠳᠠᠪᠤᠷᠢᠲᠠᠨ ᠢ ᠬᠦᠮᠦᠵᠢᠬᠦᠯᠬᠦ᠂ ᠰᠢᠯᠵᠢᠭᠦᠯᠦᠨ ᠣᠷᠣᠭᠤᠯᠬᠤ᠂ ᠦᠨᠡᠯᠡᠨ | ᠤᠷᠮᠠᠰᠢᠭᠤᠯᠬᠤ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠴᠤᠭᠯᠠᠷᠠᠭᠤᠯᠬᠤ ᠰᠠᠭᠤᠷᠢ ᠶᠢ | ᠪᠠᠲᠤᠳᠬᠠᠨ᠎ᠠ᠃ ᠭᠤᠷᠪᠠ ᠳᠤ ᠦᠨᠳᠤᠷ ᠲᠦᠪᠰᠢᠨ ᠢᠶᠠᠷ ᠨᠡᠭᠡᠭᠡᠯᠳᠡ ᠬᠢᠬᠦ ᠶᠢ ᠦᠷᠭᠡᠳᠭᠡᠨ᠎ᠡ᠃ ᠴᠢᠯᠦᠬᠡᠳᠤ | ᠠᠷᠠᠯᠵᠢᠶᠠᠨ ᠤ ᠲᠤᠭᠤᠷᠢᠭ ᠢ ᠡᠬᠦᠳᠤᠨ ᠪᠠᠶᠢᠭᠤᠯᠬᠤ ᠢᠨᠵᠧᠨᠧᠷᠢᠩ ᠵᠢᠴᠢ ᠲᠤᠮᠳᠠᠳᠤ ᠮᠤᠩᠭᠤᠯ ᠤᠨ ᠠᠮᠢ ᠠᠬᠤᠢ | ᠶᠢᠨ ᠪᠣᠯᠪᠠᠰᠤᠨ ᠤ ᠪᠦᠳᠤᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠣᠷᠣᠨ᠂ ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ | ᠡᠷᠢᠶᠠᠨ ᠬᠤᠳᠠ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤᠨ ᠤ ᠪᠠᠶᠢᠯᠳᠤᠬᠤ ᠪᠤᠳᠤᠯᠭ᠎ᠠ ᠶᠢᠨ | ᠬᠠᠮᠳᠤᠷᠠᠯᠴᠠᠭᠠᠨ ᠤ ᠭᠡᠷ᠎ᠡ︾ ᠶᠢᠨ ᠨᠠᠶᠢᠳᠠᠪᠤᠷᠢᠵᠢᠭᠤᠯᠤᠯᠳᠠ ᠶᠢ ᠢᠳᠡᠪᠬᠢᠳᠡᠢ ᠠᠬᠢᠭᠤᠯᠵᠦ᠂ ᠬᠠᠷᠢᠯᠴᠠᠨ | ᠬᠦᠳᠡᠯᠤᠯᠴᠠᠵᠦ᠂ ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠨ᠂ ᠬᠠᠮᠳᠤᠪᠡᠷ ᠬᠦᠭᠵᠢᠬᠦ ᠶᠢ ᠨᠠᠩ ᠰᠠᠶᠢᠳᠤᠷ | ᠪᠠᠶᠠᠯᠠᠬᠦᠯᠵᠦ᠂ ᠰᠢᠯᠢ ᠶᠢᠨ ᠭᠤᠤᠯ ᠤᠨ ᠪᠠᠷᠠᠭᠤᠨ ᠭᠡᠰᠡᠭ ᠤᠨ ᠠᠵᠦ ᠠᠬᠤᠢ ᠶᠢᠨ ᠰᠢᠨ᠎ᠡ ᠨᠡᠮᠡᠭᠳᠡᠯ ᠴᠡᠭ ᠢ ᠡᠬᠦᠳᠬᠦ᠂ | ᠤᠳᠤᠬᠢᠴᠢᠯᠠᠭᠰᠠᠨ ᠰᠢᠯᠢ ᠶᠢᠨ ᠭᠤᠤᠯ ᠤᠨ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠳᠤ ᠬᠦᠴᠦᠨ | ᠴᠢᠳᠠᠯ ᠢᠶᠠᠨ ᠡᠷᠬᠦᠨ᠎ᠡ᠃ ᠵᠢᠨᠢᠩ ᠠᠴᠠ ᠡᠷᠢᠶᠠᠨ ᠬᠤᠳᠠ ᠬᠦᠷᠬᠦ ᠲᠠᠪᠬᠤᠷ ᠵᠡᠮ ᠪᠡ ᠴᠠᠬᠢᠯᠭᠠᠨᠵᠢᠭᠤᠯᠤᠨ | ᠦᠬᠡᠷᠡᠴᠢᠯᠠᠬᠦ ᠠᠰᠢᠭᠳᠠᠢ ᠲᠤᠬᠢᠶᠠᠯ ᠢ ᠴᠢᠩᠭ᠎ᠠ ᠡᠵᠡᠮᠳᠡᠵᠦ᠂ ᠮᠡᠨ ᠤ ᠬᠤᠰᠢᠭᠤ ᠨᠢ ᠭᠤᠤᠯ ᠪᠤᠯᠬᠤ ᠵᠡᠮ ᠲᠡᠭᠡᠷ᠎ᠡ | ᠪᠠᠶᠢᠭ᠎ᠠ ᠠᠰᠢᠭᠳᠠᠢ ᠨᠦᠬᠦᠴᠠᠯ ᠳᠡᠭᠡᠨ ᠲᠦᠰᠢᠭᠯᠡᠵᠦ᠂ ᠲᠡᠮᠤᠷ ᠵᠡᠮ᠂ ᠵᠠᠰᠠᠮᠠᠯ ᠵᠡᠮ ᠤᠨ ᠪᠠᠷᠠᠭᠠᠨ ᠤ ᠬᠦᠢᠯᠭᠡᠭᠡᠨ ᠤ | ᠠᠵᠦ ᠦᠢᠯᠡᠰ ᠤᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠡᠷᠢᠶᠠᠨ ᠬᠤᠳᠠ ᠶᠢ ᠤᠨᠴᠠᠭᠠᠢ | ᠠᠷᠠᠯᠵᠢᠶᠠᠨ ᠤ ᠲᠤᠭᠤᠷᠢᠭ ᠪᠤᠯᠭᠠᠨ ᠪᠦᠳᠤᠭᠡᠨ ᠪᠠᠶᠢᠭᠤᠯᠬᠤ ᠤᠯᠤᠰ ᠤᠨ ᠲᠦᠷᠦ ᠶᠢᠨ ᠪᠤᠳᠤᠯᠭ᠎ᠠ ᠳᠤ ᠮᠡᠨ ᠤ | ᠬᠤᠰᠢᠭᠤ ᠪᠠᠨ ᠬᠠᠮᠤᠷᠤᠭᠤᠯᠤᠨ ᠤᠷᠤᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠡᠶᠢᠵᠦ᠂ ᠮᠡᠨ ᠤ ᠬᠤᠰᠢᠭᠤ | ᠪᠠᠨ ᠡᠳ᠋ ᠪᠠᠷᠠᠭ᠎ᠠ ᠶᠢ ᠲᠦᠪᠯᠡᠷᠡᠬᠦᠯᠦᠨ ᠲᠠᠷᠬᠠᠭᠠᠬᠤ᠂ ᠭᠠᠳᠠᠭᠠᠳᠤ ᠠᠴᠠ ᠤᠷᠤᠭᠤᠯᠤᠭᠰᠠᠨ ᠪᠦᠳᠦᠭᠡᠭᠳᠡᠬᠦᠨ ᠢ | ᠪᠤᠯᠪᠠᠰᠤᠷᠠᠭᠤᠯᠬᠤ ᠪᠡ ᠪᠠᠷᠠᠭᠠᠨ ᠤ ᠬᠦᠢᠯᠬᠡᠬᠡᠨ ᠢ ᠲᠤᠬᠢᠷᠠᠭᠤᠯᠤᠨ ᠬᠦᠷᠭᠡᠬᠦ ᠶᠢ ᠬᠦᠯᠢᠶᠠᠨ ᠠᠪᠬᠤ ᠲᠤᠳᠤᠷ᠎ᠠ ᠭᠠᠵᠡᠷ | ᠤᠨ ᠲᠤᠭᠤᠷᠢᠭ ᠪᠤᠯᠭᠠᠨ ᠪᠦᠳᠤᠭᠡᠨ ᠪᠠᠶᠢᠭᠤᠯᠬᠤ ᠪᠠᠷ ᠴᠢᠷᠮᠡᠶᠢᠨ᠎ᠡ᠃ ᠠᠵᠦ ᠠᠬᠤᠢ ᠶᠢᠨ ᠨᠡᠭᠡᠭᠡᠯᠳᠡ ᠶᠢᠨ ᠤᠷᠤᠨ | ᠪᠡ ᠲᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠤᠷᠤᠨ ᠲᠡᠳᠬᠦᠬᠦ ᠲᠠᠪᠠᠭᠤᠯᠢᠭ ᠢ ᠬᠦᠢᠴᠡᠳ | ᠰᠠᠶᠢᠳᠤᠷ ᠠᠰᠢᠭᠯᠠᠵᠦ᠂ ᠱᠠᠨᠳᠦ᠋ᠩ᠂ ᠡᠾᠧᠪᠸᠢ ᠵᠡᠷᠭᠡ ᠭᠠᠵᠡᠷ ᠤᠷᠤᠨ ᠤ ᠬᠠᠮᠳᠤᠷᠠᠯᠴᠠᠭ᠎ᠠ ᠰᠤᠯᠢᠯᠴᠠᠭ᠎ᠠ ᠶᠢ | ᠨᠡᠮᠡᠭᠳᠡᠬᠦᠯᠵᠦ᠂ ᠠᠵᠦ ᠦᠢᠯᠡᠰ ᠤᠨ ᠰᠢᠯᠵᠢᠯᠳᠡ ᠶᠢ ᠬᠦᠯᠢᠶᠠᠨ ᠠᠪᠬᠤ᠂ ᠭᠤᠤᠯ ᠪᠤᠯᠬᠤ ᠠᠵᠦ ᠦᠢᠯᠡᠰ ᠤᠨ | ᠭᠡᠯᠬᠢᠶ᠎ᠠ ᠶᠢ ᠤᠷᠳᠤᠳᠬᠠᠨ ᠨᠦᠬᠦᠪᠤᠷᠢᠯᠡᠬᠦ᠂ ᠰᠢᠨ᠎ᠡ ᠭᠡᠯᠪᠡᠷᠢ ᠶᠢᠨ ᠠᠵᠦ ᠦᠢᠯᠡᠰ ᠤᠨ ᠰᠦᠷᠦᠭᠵᠢᠯ ᠢ | ᠲᠦᠪᠯᠡᠷᠡᠬᠦᠯᠬᠦ᠂ ᠰᠢᠨᠵᠢᠯᠡᠭᠡ ᠮᠡᠷᠭᠡᠵᠢᠯ ᠤᠨ ᠰᠤᠶᠤᠯ ᠤᠨ ᠰᠤᠯᠢᠯᠴᠠᠭ᠎ᠠ ᠶᠢᠨ ᠲᠤᠭᠤᠷᠢᠨ ᠳᠤ ᠲᠤᠮᠤ ᠬᠦᠴᠦᠷᠭᠡᠭ | ᠠᠵᠦ ᠠᠬᠤᠶᠢᠯᠠᠯ ᠢ ᠤᠷᠢᠵᠦ᠂ ᠬᠦᠭᠵᠢᠯᠳᠡ ᠶᠢᠨ ᠤᠷᠤᠨ ᠵᠠᠢ ᠶᠢ ᠦᠷᠭᠡᠳᠭᠡᠵᠦ᠂ ᠬᠠᠨᠳᠤᠰᠢ ᠪᠠᠶᠢᠳᠠᠯ ᠢ ᠨᠢ | ᠠᠵᠢᠭᠯᠠᠵᠦ᠂ ᠲᠠᠪᠠᠭᠤᠯᠢᠭ ᠢ ᠨᠢ ᠠᠰᠢᠭᠯᠠᠨ ᠰᠠᠶᠢᠳᠤᠷ ᠬᠦᠭᠵᠢᠬᠦᠯᠦᠨ᠎ᠡ᠃ | ︵ᠵᠢᠷᠭᠤᠭ᠎ᠠ︶ ᠠᠷᠠᠳ ᠲᠦᠮᠡᠨ ᠢ ᠲᠡᠭᠡᠳᠤᠯᠠᠬᠦ᠂ ᠵᠤᠯ ᠵᠢᠷᠭᠠᠯ ᠢ ᠨᠢ ᠨᠡᠮᠡᠭᠳᠡᠬᠦᠯᠬᠦ ᠶᠢ ᠪᠠᠷᠢᠮᠳᠠᠯᠠᠵᠦ᠂ | ᠤᠯᠠᠨ ᠲᠦᠮᠡᠨ ᠤ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠬᠠᠩᠭᠠᠨ᠎ᠠ᠃ᠦᠪᠡᠷᠳᠡᠭᠡᠨ ᠵᠠᠰᠠᠬᠤ ᠤᠷᠤᠨ ᠤ | ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠤᠨ | ᠦᠨᠳᠤᠰᠤᠨ ᠠᠮᠢᠳᠤᠷᠠᠯ ᠢ ᠪᠠᠷᠢᠮᠵᠢᠶᠠᠨ ᠳᠤ ᠬᠦᠷᠭᠡᠬᠦ ᠶᠢ ᠠᠬᠢᠭᠤᠯᠬᠤ ᠪᠤᠶᠤ ᠪᠦᠬᠦ ᠤᠯᠤᠰ ᠤᠨ ᠲᠤᠮᠳᠠᠴᠢ ᠬᠢᠷᠢ | ᠲᠦᠪᠰᠢᠨ ᠠᠴᠠ ᠲᠠᠪᠠᠭᠤᠯᠬᠤ ᠶᠢ ᠠᠷᠠᠳ ᠤᠨ ᠠᠮᠢᠳᠤᠷᠠᠯ ᠤᠨ ᠠᠵᠢᠯ ᠤᠨ ᠲᠠᠷᠢᠬᠦᠨ ᠴᠢᠬᠤᠯᠠ ᠡᠬᠦᠷᠭᠡ ᠪᠤᠯᠭᠠᠵᠦ᠂ | ᠪᠦᠬᠦ ᠤᠯᠤᠰ᠂ ᠪᠦᠬᠦ ᠤᠷᠤᠨ᠂ ᠪᠦᠬᠦ ᠠᠶᠢᠮᠠᠭ ᠲᠠᠬᠢ ᠪᠦᠬᠦ ᠬᠤᠰᠢᠭᠤᠨ ᠤ ᠠᠷᠠᠳ ᠤᠨ ᠦᠨᠳᠤᠰᠤᠨ ᠠᠮᠢᠳᠤᠷᠠᠯ | ᠤᠨ ᠬᠦᠢᠴᠡᠳᠭᠡᠬᠦ ᠲᠤᠭᠠᠨ ᠤ ᠲᠠᠰ ᠲᠠᠷᠠᠭᠠᠯᠠᠯ ᠪᠡ ᠬᠢᠷᠢ ᠲᠦᠪᠰᠢᠨ ᠢ ᠪᠦᠬᠦ ᠲᠠᠯ᠎ᠠ ᠪᠠᠷ ᠤᠶᠢᠯᠠᠭᠠᠨ᠂ | ᠤᠨᠤᠪᠴᠢᠳᠠᠢ ᠡᠵᠡᠮᠰᠢᠵᠦ᠂ ᠬᠠᠷᠠᠭᠠᠯᠵᠠᠯ ᠬᠦᠷᠳᠡᠬᠦ ᠡᠳᠡᠭᠡᠳ᠂ ᠪᠡᠯᠡ ᠮᠦᠩᠬᠦᠨ ᠤ ᠬᠡᠷᠡᠭᠯᠡᠯᠳᠡ᠂ ᠲᠦᠷᠦᠯ ᠵᠦᠢᠯ ᠢ | ᠲᠤᠬᠢᠷᠠᠭᠤᠯᠬᠤ ᠵᠡᠷᠭᠡ ᠲᠠᠯ᠎ᠠ ᠪᠠᠷ ᠨᠠᠩ ᠶᠡᠭᠡ ᠬᠦᠴᠦ ᠲᠠᠯᠪᠢᠨ᠎ᠡ᠃ ᠨᠢᠬᠡ ᠳᠤ ᠠᠷᠠᠳ ᠲᠦᠮᠡᠨ ᠤ ᠬᠠᠨᠤᠮᠵᠢᠳᠡᠢ | ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠤᠰᠤᠨ | ᠡᠬᠦᠷᠭᠡ ᠶᠢ ᠨᠠᠶᠢᠳᠠᠪᠤᠷᠢᠵᠢᠭᠤᠯᠵᠦ᠂ ᠰᠠᠭᠤᠷᠢ ᠰᠤᠷᠭᠠᠨ ᠬᠦᠮᠦᠵᠢᠯ ᠪᠡ ᠠᠵᠢᠯ ᠮᠡᠷᠭᠡᠵᠢᠯ ᠤᠨ ᠰᠤᠷᠭᠠᠨ ᠬᠦᠮᠦᠵᠢᠯ | ᠤᠨ ︽ᠬᠤᠶᠠᠷ ᠢ ᠲᠡᠭᠡᠭᠰᠢᠯᠡᠬᠦᠯᠬᠦ︾ ᠠᠵᠢᠯᠯᠠᠭ᠎ᠠ ᠶᠢ ᠭᠡᠷᠡᠭᠵᠢᠬᠦᠯᠵᠦ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠵᠢᠭᠠᠨ ᠰᠤᠷᠭᠠᠯᠳᠠ ᠳᠤ ᠵᠤᠬᠢᠴᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠨᠠᠮᠤᠷ | ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠤ | ᠤᠯᠤᠰ ᠤᠨ ᠨᠠᠶᠢᠳᠠᠮ ᠭᠡᠷᠡᠭᠯᠡᠬᠦ ᠦᠬᠡ ᠭᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ | ᠶᠢ ᠪᠦᠬᠦ ᠲᠠᠯ᠎ᠠ ᠪᠠᠷ ᠲᠦᠭᠡᠮᠡᠯᠵᠢᠬᠦᠯᠦᠨ ᠭᠡᠷᠡᠭᠯᠡᠬᠦ ᠶᠢ ᠪᠠᠳᠤᠯᠠᠨ᠎ᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ | ᠬᠦᠮᠦᠵᠢᠯ ᠤᠨ ᠲᠦᠬᠡᠮᠡᠯ ᠬᠠᠷᠠᠭᠠᠯᠵᠠᠯ ᠢ ᠡᠬᠦᠳᠤᠨ ᠪᠠᠶᠢᠭᠤᠯᠬᠤ᠂ ᠠᠯᠪᠡᠨ ᠵᠢᠷᠤᠮ ᠤᠨ ᠰᠤᠷᠭᠠᠨ ᠬᠦᠮᠦᠵᠢᠯ ᠢ | ᠴᠢᠨᠡᠷ ᠰᠠᠶᠢᠳᠠᠢ ᠪᠦᠭᠡᠳ ᠲᠠᠩᠴᠠᠬᠦᠷᠢᠳᠡᠢ ᠬᠦᠭᠵᠢᠬᠦᠯᠬᠦ᠂ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠳᠤ | ᠲᠠᠪᠰᠢᠬᠤ ᠪᠡ ᠶᠡᠭᠡ ᠲᠡᠭᠡᠳᠤ ᠰᠤᠷᠭᠠᠭᠤᠯᠢ ᠳᠤ ᠲᠠᠪᠰᠢᠬᠤ ᠰᠢᠯᠭᠠᠯᠳᠠ ᠶᠢᠨ ᠶᠡᠷᠦᠩᠭᠡᠶᠢᠯᠡᠭᠰᠡᠨ ᠦᠬᠡᠷᠡᠴᠢᠯᠠᠯᠳᠠ | ᠶᠢᠨ ᠠᠵᠢᠯ ᠢ ᠨᠢᠬᠡᠳᠤᠯᠳᠠᠢ ᠲᠦᠯᠦᠪᠵᠢᠬᠦᠯᠦᠨ ᠠᠬᠢᠭᠤᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ | ᠰᠤᠷᠭᠠᠭᠤᠯᠢ ᠪᠡ ᠠᠵᠦ ᠠᠬᠤᠶᠢᠯᠠᠯ ᠤᠨ ᠬᠠᠮᠳᠤᠷᠠᠯᠴᠠᠭ᠎ᠠ᠂ ᠦᠢᠯᠡᠳᠪᠤᠷᠢᠯᠡᠯ ᠪᠡ ᠰᠤᠷᠭᠠᠨ ᠬᠦᠮᠦᠵᠢᠯ ᠤᠨ | ᠠᠭᠤᠰᠤᠯᠴᠠᠯ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠭᠤᠷᠪᠡᠨ ᠡᠩᠨᠡᠭᠡᠨ ᠤ ᠪᠠᠶᠢᠭᠤᠯᠤᠯᠳᠠ | ᠶᠢ ᠰᠠᠶᠢᠳᠤᠷ ᠠᠳᠬᠤᠵᠦ᠂ ᠰᠤᠷᠭᠠᠭᠤᠯᠢ ︵ᠴᠡᠴᠡᠷᠯᠢᠭ︶ ᠶᠢᠨ ᠵᠠᠬᠢᠷᠤᠯ ᠤᠨ ᠲᠤᠰᠢᠶᠠᠯ ᠡᠬᠦᠷᠭᠡᠯᠡᠬᠦ ᠨᠦᠬᠦᠴᠠᠯ ᠪᠡ | ᠲᠤᠰᠬᠠᠢ ᠮᠡᠷᠭᠡᠵᠢᠯ ᠤᠨ ᠪᠠᠷᠢᠮᠵᠢᠶ᠎ᠠ ᠶᠤᠰᠤᠭᠠᠷ᠂ ᠲᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠪᠡᠯᠡᠳᠭᠡᠯ | ᠴᠢᠳᠠᠪᠤᠷᠢᠳᠡᠨ ᠤ ᠬᠦᠮᠦᠷᠭᠡ ᠶᠢ ᠪᠠᠶᠢᠭᠤᠯᠤᠨ ᠲᠡᠬᠦᠯᠳᠡᠷᠵᠢᠬᠦᠯᠦᠨ᠎ᠡ︔ ᠪᠠᠭᠰᠢ ᠶᠢᠨ ᠪᠤᠯᠪᠠᠰᠤᠷᠠᠯ ᠢ ᠦᠷᠬᠦᠯᠵᠢᠯᠡᠨ | ᠴᠢᠩᠭᠠᠳᠬᠠᠵᠦ᠂ ᠪᠠᠭᠰᠢ ᠶᠢᠨ ᠶᠡᠷᠦᠩᠭᠡᠢ ᠭᠡᠪ ᠪᠤᠯᠪᠠᠰᠤᠷᠠᠯ ᠢ ᠲᠠᠭᠡᠭᠰᠢᠯᠡᠬᠦᠯᠦᠨ᠎ᠡ︔ ᠵᠢᠭᠠᠨ ᠰᠤᠳᠤᠯᠤᠭᠴᠢ ᠶᠢᠨ | ᠡᠩᠨᠡᠭᠡᠨ ᠤ ᠪᠦᠳᠤᠴᠠ ᠶᠢ ᠲᠠᠰᠤᠷᠠᠯᠳᠠ ᠦᠬᠡᠢ ᠰᠢᠯᠢᠳᠡᠭᠵᠢᠬᠦᠯᠵᠦ᠂ ᠲᠤᠰᠢᠶᠠᠯ ᠬᠠᠪᠰᠤᠷᠭᠠᠭᠰᠠᠨ ᠵᠢᠭᠠᠨ | ᠰᠤᠳᠤᠯᠤᠭᠴᠢ ᠶᠢ ᠤᠷᠢᠨ ᠲᠤᠮᠢᠯᠠᠬᠤ ᠲᠤᠭᠳᠠᠴᠠ ᠶᠢ ᠲᠡᠬᠦᠯᠳᠡᠷᠵᠢᠬᠦᠯᠵᠦ᠂ ᠵᠢᠭᠠᠨ ᠰᠤᠳᠤᠯᠤᠭᠴᠢ ᠶᠢᠨ | ᠰᠢᠨᠵᠢᠯᠡᠬᠡᠨ ᠤ ᠵᠢᠭᠠᠨ ᠰᠤᠳᠤᠯᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠠᠶᠢᠬᠠᠨᠳᠠᠯ᠎ᠠ ᠬᠡᠤᠭᠡᠳ ᠤᠨ ᠴᠡᠴᠡᠷᠯᠢᠭ᠂ | ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠲᠠᠪᠤᠳᠤᠭᠠᠷ | ᠪᠠᠭ᠎ᠠ ᠰᠤᠷᠭᠠᠭᠤᠯᠢ ᠶᠢᠨ ᠶᠡᠷᠦᠩᠭᠡᠶᠢᠯᠡᠭᠰᠡᠨ ᠠᠰᠠᠷ ᠵᠡᠷᠭᠡ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ | ᠲᠦᠷᠭᠡᠭᠡᠨ ᠠᠬᠢᠭᠤᠯᠤᠨ᠎ᠠ᠃ C᠂ D ᠲᠠᠰ ᠤᠨ ᠰᠤᠷᠭᠠᠭᠤᠯᠢ ᠶᠢᠨ ᠪᠠᠶᠢᠷᠢ ᠶᠢ ᠲᠦᠪᠯᠡᠷᠡᠬᠦᠯᠦᠨ ᠪᠠᠶᠢᠴᠠᠭᠠᠵᠦ | ᠴᠡᠭᠴᠡᠯᠡᠨ ᠵᠠᠰᠠᠬᠤ ᠠᠵᠢᠯ ᠢ ᠪᠠᠶᠢᠩᠭᠤ ᠦᠷᠨᠢᠬᠦᠯᠵᠦ᠂ ︽ᠬᠡᠤᠭᠡᠳ ᠪᠠᠭᠠᠴᠤᠳ ᠢ ᠬᠠᠮᠠᠭᠠᠯᠠᠭᠰᠠᠨ ᠠᠮᠤᠷ | ᠲᠦᠪᠰᠢᠨ ᠰᠤᠷᠭᠠᠭᠤᠯᠢ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠲᠠᠰᠤᠷᠠᠯᠳᠠ ᠦᠬᠡᠢ ᠰᠢᠯᠢᠳᠡᠭᠵᠢᠬᠦᠯᠵᠦ᠂ | ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠪᠡ ᠴᠡᠴᠡᠷᠯᠢᠭ ᠤᠨ ᠬᠡᠤᠭᠡᠳ ᠤᠨ ᠠᠮᠢ ᠨᠠᠰᠤᠨ ᠤ ᠠᠮᠤᠷ | ᠲᠦᠪᠰᠢᠨ ᠢ ᠦᠨᠡᠨᠬᠦ ᠬᠠᠮᠠᠭᠠᠯᠠᠨ᠎ᠠ᠃ ᠬᠤᠶᠠᠷ ᠲᠤ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠲᠤᠭᠳᠠᠯᠴᠠᠭ᠎ᠠ | ᠶᠢ ᠰᠢᠯᠢᠳᠡᠭᠵᠢᠬᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠠᠯᠳᠠ ᠶᠢ | ᠦᠷᠬᠦᠯᠵᠢᠯᠡᠨ ᠬᠦᠨᠵᠡᠬᠡᠶᠢᠷᠡᠬᠦᠯᠵᠦ᠂ ᠱᠠᠳᠤ ᠬᠤᠪᠢᠶᠠᠨ ᠡᠮᠴᠢᠯᠡᠬᠦ ᠲᠤᠭᠳᠠᠯᠴᠠᠭ᠎ᠠ ᠶᠢ ᠲᠠᠰᠤᠷᠠᠯᠳᠠ ᠦᠬᠡᠢ | ᠲᠡᠬᠦᠯᠳᠡᠷᠵᠢᠬᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠭᠰᠠᠨ ᠦᠢᠯᠡᠴᠢᠯᠡᠭᠡ ᠶᠢᠨ ᠬᠠᠮᠢᠶᠠᠷᠤᠯᠳᠠ ᠶᠢ | ᠴᠢᠩᠭᠠᠳᠬᠠᠨ᠂ ᠨᠢᠭᠳᠠ ᠬᠠᠮᠵᠢᠯᠴᠠᠭᠠᠨ ᠤ ᠭᠡᠯᠪᠡᠷᠢ ᠶᠢᠨ ᠰᠢᠶᠠᠨ ᠤ ᠭᠡᠪᠴᠢᠶᠠᠨ ᠤ ᠡᠮᠨᠡᠯᠬᠡ ᠶᠢᠨ ᠬᠠᠮᠳᠤ ᠶᠢᠨ | ᠴᠤᠭᠴᠠ ᠶᠢᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠦᠬᠦ ᠠᠶᠢᠮᠠᠭ ᠤᠨ ︽ᠦᠨᠳᠤᠰᠤᠨ ᠱᠠᠳᠤᠨ ᠤ | ᠬᠢᠳᠡᠳ ᠡᠮ ᠡᠮᠨᠡᠯᠬᠡ ᠶᠢᠨ ᠠᠵᠢᠯ ᠤᠨ ᠵᠢᠱᠢᠶ᠎ᠠ ᠦᠵᠡᠬᠦᠯᠬᠦ ᠰᠢᠶᠠᠨ︾ ᠢ ᠡᠬᠦᠳᠤᠨ ᠪᠠᠶᠢᠭᠤᠯᠬᠤ ᠪᠡ ᠪᠦᠬᠦ ᠠᠶᠢᠮᠠᠭ | ᠤᠨ ᠡᠮᠴᠢᠯᠡᠬᠡᠨ ᠤ ᠪᠡᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ ᠲᠠᠢ ᠬᠤᠳᠠ ᠶᠢᠨ ᠪᠦᠳᠤᠭᠡᠨ ᠪᠠᠶᠢᠭᠤᠯᠤᠯᠳᠠ ᠶᠢ | ᠡᠬᠢᠯᠡᠬᠦᠯᠬᠦ ᠠᠵᠠ ᠲᠤᠬᠢᠶᠠᠯ ᠢ ᠴᠢᠩᠭ᠎ᠠ ᠠᠳᠬᠤᠵᠦ᠂ ᠲᠦᠷᠦᠯ ᠵᠦᠢᠯ ᠤᠨ ᠪᠡᠯᠡ ᠮᠦᠩᠬᠦ ᠶᠢ ᠢᠳᠡᠪᠬᠢᠳᠡᠢ | ᠭᠤᠶᠤᠴᠢᠯᠠᠵᠦ᠂ ᠦᠨᠳᠤᠰᠤᠨ ᠱᠠᠳᠤᠨ ᠤ ᠡᠪᠡᠳᠴᠢᠨ ᠲᠠᠬᠤᠯ ᠢ ᠰᠡᠷᠭᠡᠶᠢᠯᠡᠨ ᠡᠮᠴᠢᠯᠠᠬᠦ ᠪᠡ ᠡᠷᠡᠬᠦᠯ ᠮᠠᠨᠳᠤ ᠶᠢᠨ | ᠬᠠᠮᠢᠶᠠᠷᠤᠯᠳᠠ ᠶᠢᠨ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠤᠯᠤᠭᠠᠨ᠎ᠠ ᠶᠢᠨ ᠬᠢᠵᠢᠭ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠲᠤᠭᠳᠠᠴᠠ ᠶᠢ ᠰᠠᠶᠢᠳᠤᠷ ᠨᠠᠶᠢᠳᠠᠪᠤᠷᠢᠵᠢᠭᠤᠯᠵᠦ᠂ ᠬᠤᠯᠤᠭᠠᠨ᠎ᠠ | ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠬᠡ ᠶᠢᠨ ᠤᠬᠠᠭᠤᠯᠭ᠎ᠠ ᠶᠢᠨ ᠭᠠᠷᠠᠭ᠂ ᠬᠤᠯᠤᠭᠠᠨ᠎ᠠ ᠪᠡ ᠨᠤᠬᠠᠢ ᠶᠢᠨ | ᠪᠦᠭᠡᠰᠤ ᠶᠢ ᠤᠰᠠᠳᠬᠠᠬᠤ ᠠᠵᠢᠯᠯᠠᠭ᠎ᠠ ᠶᠢᠨ ᠰᠡᠷ᠎ᠡ ᠲᠠᠢ ᠤᠶᠠᠯᠳᠤᠭᠤᠯᠵᠦ᠂ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠡᠵᠡᠮᠳᠡᠬᠦ ︽ᠭᠤᠷᠪᠡᠨ ᠪᠤᠯᠬᠤ ᠦᠬᠡᠢ ᠭᠤᠷᠪᠡ ᠶᠢ ᠮᠠᠳᠠᠬᠦᠯᠬᠦ ᠭᠤᠷᠪᠡ ᠶᠢ ᠬᠠᠮᠠᠭᠠᠯᠠᠬᠤ︾19 | ᠤᠬᠠᠭᠤᠯᠭ᠎ᠠ ᠬᠦᠮᠦᠵᠢᠯ ᠢ ᠪᠠᠶᠢᠩᠭᠤ ᠦᠷᠨᠢᠬᠦᠯᠵᠦ᠂ ᠺᠡᠳ᠋ᠷ ᠪᠡ ᠤᠯᠠᠨ ᠲᠦᠮᠡᠨ ᠤ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠬᠦ ᠤᠬᠠᠮᠰᠠᠷ ᠪᠡ ᠴᠢᠳᠠᠪᠤᠷᠢ ᠶᠢ ᠨᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠠᠪᠤᠷ ᠤᠨ ᠤᠯᠠᠷᠢᠯ ᠤᠨ | ᠬᠤᠯᠤᠭᠠᠨ᠎ᠠ ᠤᠰᠠᠳᠬᠠᠬᠤ ᠠᠵᠢᠯ ᠢ ᠡᠷᠳᠡᠭᠡᠨ ᠴᠢᠩᠭ᠎ᠠ ᠠᠳᠬᠤᠵᠦ᠂ ᠬᠦᠮᠦᠨ ᠳᠤ ᠬᠤᠯᠤᠭᠠᠨ᠎ᠠ ᠶᠢᠨ ᠬᠢᠵᠢᠭ | ᠬᠠᠯᠳᠠᠪᠤᠷᠢᠯᠠᠬᠤ ᠠᠴᠠ ᠴᠢᠩᠭ᠎ᠠ ᠰᠡᠷᠭᠡᠶᠢᠯᠡᠨ᠎ᠡ᠃ ︽ᠲᠦᠷᠪᠡᠨ ᠬᠠᠮᠤᠭ ᠤᠨ ᠴᠢᠩᠭ᠎ᠠ︾20 ᠱᠠᠭᠠᠷᠳᠠᠯᠭ᠎ᠠ | ᠶᠤᠰᠤᠭᠠᠷ ᠢᠳᠡᠭᠡᠨ ᠪᠡ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠰᠠᠶᠢᠳᠤᠷ ᠠᠳᠬᠤᠵᠦ᠂ | ᠪᠦᠬᠦ ᠠᠶᠢᠮᠠᠭ ᠤᠨ ᠤᠯᠤᠰ ᠤᠨ ᠲᠠᠰ ᠤᠨ ᠠᠷᠢᠭᠤᠨ ᠴᠡᠪᠡᠷ ᠬᠤᠳᠠ᠂ ᠤᠯᠤᠰ ᠤᠨ ᠲᠠᠰ ᠤᠨ ᠢᠳᠡᠭᠡᠨ ᠤ ᠠᠮᠤᠷ | ᠲᠦᠪᠰᠢᠨ ᠤ ᠵᠢᠱᠢᠶᠠᠴᠢ ᠬᠤᠳᠠ ᠶᠢ ᠡᠬᠦᠳᠤᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠦᠨ᠎ᠡ᠃ ᠭᠤᠷᠪᠡ | ᠳᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ | ᠬᠢᠨ᠎ᠡ᠃ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠠᠷᠭ᠎ᠠ ᠪᠡᠷᠢᠯ ᠢ ᠪᠦᠳᠤᠮᠵᠢᠳᠠᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ | ᠪᠦᠳᠤᠭᠡᠨ ᠪᠠᠶᠢᠭᠤᠯᠤᠯᠳᠠ ᠪᠡ ᠰᠢᠨ᠎ᠡ ᠪᠠᠷ ᠠᠰᠢᠭᠯᠠᠯᠳᠠ ᠳᠤ ᠤᠷᠤᠭᠰᠠᠨ ᠠᠵᠦ ᠠᠬᠤᠶᠢᠯᠠᠯ ᠤᠨ ᠠᠵᠢᠯ ᠤᠯᠭᠤᠯᠳᠠ | ᠶᠢ ᠠᠬᠢᠭᠤᠯᠬᠤ ᠬᠤᠯᠪᠤᠭᠠᠳᠤ ᠲᠤᠭᠳᠠᠴᠠ ᠶᠢ ᠢᠳᠡᠪᠬᠢᠳᠡᠢ ᠠᠬᠢᠭᠤᠯᠵᠦ᠂ ᠠᠷᠠᠳ ᠠᠴᠠ ᠡᠵᠡᠩᠨᠡᠭᠰᠡᠨ ᠠᠵᠦ | ᠠᠬᠤᠶᠢᠯᠠᠯ᠂ ᠲᠤᠮᠳᠠ ᠪᠠᠭ᠎ᠠ ᠵᠢᠵᠢᠭ ᠠᠵᠦ ᠠᠬᠤᠶᠢᠯᠠᠯ ᠤᠨ ᠠᠵᠢᠯ ᠤᠯᠭᠤᠯᠳᠠ ᠶᠢᠨ ᠭᠤᠤᠯ ᠠᠷᠭ᠎ᠠ ᠵᠡᠮ ᠤᠨ | ᠦᠢᠯᠡᠳᠤᠯ ᠢ ᠪᠠᠳᠠᠷᠠᠭᠤᠯᠵᠦ᠂ ᠪᠡᠭᠡᠵᠢᠩ ᠵᠡᠷᠭᠡ ᠭᠠᠵᠡᠷ ᠤᠷᠤᠨ ᠲᠠᠢ ᠬᠦᠳᠡᠯᠮᠤᠷᠢ ᠬᠦᠴᠦᠨ ᠤ ᠬᠠᠮᠳᠤᠷᠠᠯᠴᠠᠭ᠎ᠠ ᠶᠢ | ᠤᠯᠠᠮ ᠨᠢᠭᠡ ᠠᠯᠬᠤᠮ ᠬᠦᠨᠵᠡᠬᠡᠶᠢᠷᠡᠬᠦᠯᠵᠦ᠂ ᠤᠯᠠᠨ ᠠᠷᠭ᠎ᠠ ᠵᠡᠮ ᠢᠶᠠᠷ ᠠᠵᠢᠯ ᠤᠯᠭᠤᠯᠳᠠ ᠶᠢᠨ ᠠᠵᠢᠯ ᠤᠨ ᠪᠠᠶᠢᠷᠢ | ᠴᠤᠭᠯᠠᠭᠤᠯᠵᠦ᠂ ᠶᠡᠭᠡ ᠲᠡᠭᠡᠳᠤ ᠰᠤᠷᠭᠠᠭᠤᠯᠢ ᠠᠴᠠ ᠲᠡᠬᠦᠰᠦᠭᠰᠡᠨ ᠤᠶᠤᠳᠠᠳ᠂ ᠬᠤᠳᠠ ᠤᠷᠤᠭᠰᠠᠨ ᠮᠠᠯᠴᠢᠨ | ᠲᠠᠷᠢᠶᠠᠴᠢᠳ᠂ ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠠᠵᠢᠯ ᠤᠯᠭᠤᠬᠤ ᠳᠤ ᠬᠦᠴᠢᠷᠳᠡᠢ ᠬᠦᠮᠦᠰ᠂ | ︽ᠠᠵᠢᠯ ᠤᠯᠤᠭᠰᠠᠨ ᠬᠦᠮᠦᠨ ᠦᠬᠡᠢ︾ ᠭᠡᠷ ᠪᠦᠯᠢ ᠶᠢᠨ ᠪᠦᠷᠢᠯᠳᠤᠬᠦᠨ ᠵᠡᠷᠭᠡ ᠬᠦᠮᠦᠰ ᠤᠨ ᠠᠵᠢᠯ ᠤᠯᠬᠤ ᠳᠤ | ᠬᠦᠴᠢᠷᠳᠡᠢ ᠠᠰᠠᠭᠤᠳᠠᠯ ᠢ ᠦᠨᠡᠨᠬᠦ ᠰᠠᠶᠢᠳᠤᠷ ᠰᠢᠢᠳᠪᠤᠷᠢᠯᠡᠵᠦ᠂ ᠵᠢᠯ ᠤᠨ ᠲᠤᠳᠤᠷ᠎ᠡ ᠬᠤᠳᠠ ᠪᠠᠯᠭᠠᠰᠤᠨ ᠤ 700 | ᠬᠦᠮᠦᠨ ᠳᠤ ᠰᠢᠨ᠎ᠡ ᠪᠠᠷ ᠠᠵᠢᠯ ᠤᠯᠭᠤᠵᠦ᠂ ᠬᠤᠳᠠ ᠪᠠᠯᠭᠠᠰᠤᠨ ᠤ ᠲᠠᠩᠰᠠᠯᠠᠭᠳᠠᠭᠰᠠᠨ ᠠᠵᠢᠯ ᠠᠯᠳᠠᠯᠳᠠ ᠶᠢᠨ | ᠨᠤᠷᠮ᠎ᠡ ᠶᠢ 5% ᠶᠢᠨ ᠲᠤᠳᠤᠷ᠎ᠡ ᠬᠢᠵᠠᠭᠠᠷᠯᠠᠨ᠎ᠠ᠃ ᠴᠡᠯᠢᠩ ᠬᠦᠯᠦᠰᠦ ᠦᠷᠢᠳᠦᠬᠦ ᠶᠢ ᠤᠷᠢᠳᠴᠢᠯᠠᠨ ᠰᠡᠷᠭᠡᠶᠢᠯᠡᠨ | ᠵᠠᠰᠠᠨ ᠴᠡᠭᠴᠡᠯᠡᠬᠦ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠵᠦ᠂ ᠬᠦᠯᠦᠰᠦᠨ ᠠᠵᠢᠯᠴᠢᠨ ᠤ ᠴᠠᠯᠢᠩ | ᠬᠦᠯᠦᠰᠦ ᠶᠢ ᠴᠠᠭ ᠲᠤᠬᠠᠢ ᠳᠤᠨᠢ ᠬᠦᠢᠴᠡᠳ ᠲᠤᠭ᠎ᠠ ᠪᠠᠷ ᠤᠯᠭᠤᠬᠤ ᠶᠢ ᠬᠠᠤᠯᠢ ᠶᠤᠰᠤᠭᠠᠷ ᠪᠠᠳᠤᠯᠠᠵᠦ᠂ ᠴᠠᠯᠢᠩ | ᠬᠦᠯᠦᠰᠦ ᠦᠷᠢᠳᠤᠵᠦ ᠪᠠᠶᠢᠭ᠎ᠠ ᠠᠰᠠᠭᠤᠳᠠᠯ ᠢ ᠪᠦᠬᠦᠨ ᠢ ᠨᠢ ᠰᠢᠢᠳᠪᠤᠷᠢᠯᠡᠨ᠎ᠡ᠃ ᠲᠦᠷᠪᠡ ᠳᠤ ᠨᠡᠶᠢᠬᠡᠮ ᠤᠨ | ᠪᠠᠳᠤᠯᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠎ᠡ᠃ ᠡᠮ ᠡᠮᠨᠡᠯᠬᠡ ᠶᠢᠨ ᠲᠠᠠᠭᠠᠳᠬᠠᠯ᠂ ᠨᠠᠰᠤᠵᠢᠯ ᠤᠨ | ᠲᠠᠭᠠᠳᠬᠠᠯ ᠳᠤ ᠤᠷᠤᠯᠴᠠᠬᠤ ᠭᠡᠪᠴᠢᠶ᠎ᠠ ᠶᠢ ᠦᠷᠬᠦᠯᠵᠢᠯᠡᠨ ᠦᠷᠭᠡᠳᠭᠡᠵᠦ᠂ ᠦᠨᠳᠤᠰᠤᠨ ᠡᠮ ᠡᠮᠨᠡᠯᠬᠡ ᠶᠢᠨ | ᠲᠠᠭᠠᠳᠬᠠᠯ ᠳᠤ ᠤᠷᠤᠯᠴᠠᠭᠰᠠᠨ ᠨᠤᠷᠮ᠎ᠡ ᠶᠢ 95% ᠠᠴᠠ ᠲᠡᠭᠡᠭᠰᠢ ᠳᠤ ᠲᠤᠭᠳᠠᠪᠤᠷᠢᠵᠢᠭᠤᠯᠵᠦ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠠᠯ ᠤᠨ ᠪᠠᠳᠤᠯᠠᠬᠤ ᠶᠤᠰᠤᠳᠠᠢ ᠶᠢ ᠨᠢ | ᠪᠦᠬᠦᠨ ᠢ ᠪᠠᠳᠤᠯᠠᠬᠤ ᠶᠢ ᠪᠠᠶᠠᠯᠠᠬᠦᠯᠦᠨ᠎ᠡ᠃ ᠨᠡᠶᠢᠬᠡᠮ ᠤᠨ ᠠᠪᠤᠷᠠᠨ ᠲᠤᠰᠠᠯᠠᠵᠦ ᠬᠠᠪᠰᠤᠷᠤᠨ ᠲᠡᠳᠬᠦᠬᠦ ᠠᠵᠢᠯ ᠢ | ᠴᠢᠩᠭᠠᠳᠬᠠᠵᠦ᠂ ᠬᠤᠳᠠ ᠪᠡᠯᠭᠠᠰᠤᠨ ᠤ ︽ᠭᠤᠷᠪᠡ ᠦᠬᠡᠢ︾ ᠬᠦᠮᠦᠰ᠂ ᠲᠠᠪᠤᠨ ᠪᠠᠳᠤᠯᠠᠭᠠᠳᠤ ᠡᠷᠦᠬᠡ᠂ | ᠦᠨᠦᠴᠢᠨ ᠵᠡᠮᠳᠡᠭ ᠵᠡᠷᠭᠡ ᠬᠦᠮᠦᠰ ᠢ ᠨᠡᠶᠢᠬᠡᠮ ᠠᠴᠠ ᠠᠪᠤᠷᠠᠨ ᠲᠤᠰᠠᠯᠠᠬᠤ ᠠᠵᠢᠯ ᠢ ᠭᠤᠤᠯᠳᠠᠯᠭ᠎ᠠ ᠲᠠᠢ ᠰᠠᠶᠢᠳᠤᠷ | ᠬᠢᠨ᠎ᠡ᠃ ᠨᠠᠰᠤᠳᠠᠶᠢᠴᠤᠳ ᠢ ᠠᠰᠠᠷᠠᠬᠤ ᠦᠢᠯᠡᠴᠢᠯᠠᠬᠡᠨ ᠤ ᠬᠠᠩᠭᠠᠯᠭ᠎ᠠ ᠶᠢ ᠲᠡᠬᠦᠯᠳᠡᠷᠵᠢᠬᠦᠯᠵᠦ᠂ ᠠᠯᠪᠡᠨ ᠠᠴᠠ | ᠡᠷᠬᠢᠯᠡᠭᠰᠡᠨ ᠨᠠᠰᠤᠳᠠᠶᠢᠴᠤᠳ ᠢ ᠠᠰᠠᠷᠠᠬᠤ ᠦᠢᠯᠡᠴᠢᠯᠠᠭᠡᠨ ᠤ ᠪᠠᠶᠢᠭᠤᠯᠤᠮᠵᠢ ᠶᠢᠨ ᠪᠦᠳᠤᠭᠡᠨ ᠪᠠᠶᠢᠭᠤᠯᠤᠯᠳᠠ ᠶᠢᠨ | ᠲᠦᠷᠦᠯ ᠵᠦᠢᠯ ᠢ ᠰᠠᠶᠢᠳᠤᠷ ᠭᠡᠷᠡᠭᠵᠢᠬᠦᠯᠵᠦ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ ᠨᠠᠰᠤᠳᠠᠶᠢᠴᠤᠳ ᠢ | ᠠᠰᠠᠷᠠᠬᠤ ᠦᠢᠯᠡᠴᠢᠯᠠᠭᠡᠨ ᠤ ᠲᠦᠪ ︵ᠦᠷᠳᠡᠭᠡ︶ ᠤᠨ ᠪᠦᠷᠬᠦᠴᠠ ᠶᠢᠨ ᠨᠤᠷᠮ᠎ᠡ ᠶᠢ ᠲᠡᠭᠡᠭᠰᠢᠯᠡᠬᠦᠯᠦᠨ᠎ᠡ᠃ ᠪᠦᠬᠦ | ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠲᠦᠯᠦᠪᠵᠢᠬᠦᠯᠬᠡ ᠲᠠᠢ ᠵᠤᠯᠭᠠᠯᠳᠤᠭᠤᠯᠤᠭᠰᠠᠨ | ᠵᠠᠯᠠᠭᠤᠴᠤᠳ ᠪᠠᠭᠠᠴᠤᠳ᠂ ᠡᠮᠡᠭᠳᠡᠶᠢᠴᠤᠳ ᠪᠡ ᠬᠡᠤᠭᠡᠳ ᠤᠨ ᠬᠦᠭᠵᠢᠯᠳᠡ ᠶᠢᠨ ᠲᠦᠯᠦᠪᠵᠢᠬᠦᠯᠬᠡ ᠶᠢᠨ ᠠᠵᠢᠯ | ᠤᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠯᠠᠭᠤᠴᠤᠳ ᠪᠠᠭᠠᠴᠤᠳ ᠤᠨ ᠡᠷᠭᠡ ᠠᠰᠢᠭ ᠤᠨ ︽ | ᠬᠠᠮᠠᠭᠠᠯᠠᠭᠴᠢ︾᠂ ᠡᠮᠡᠭᠳᠡᠶᠢᠴᠤᠳ ᠬᠡᠤᠭᠡᠳ ᠤᠨ ︽ᠬᠠᠯᠠᠮᠵᠢᠯᠠᠭᠴᠢ︾ ᠪᠤᠯᠬᠤ ᠠᠵᠢᠯ ᠢ ᠪᠦᠬᠦ ᠰᠡᠳᠬᠢᠯ ᠢᠶᠠᠷ | ᠢᠶᠠᠨ ᠰᠠᠶᠢᠳᠤᠷ ᠬᠢᠨ᠎ᠡ᠃ ᠤᠷᠤᠰᠢᠭᠤᠯᠭ᠎ᠠ ᠶᠢᠨ ᠦᠢᠯᠡᠴᠢᠯᠠᠭᠡᠨ ᠤ ᠲᠦᠬᠦᠬᠡᠷᠤᠮᠵᠢ ᠶᠢᠨ ᠪᠦᠳᠤᠭᠡᠨ ᠪᠠᠶᠢᠭᠤᠯᠤᠯᠳᠠ | ᠶᠢ ᠯᠠᠪᠳᠠᠭᠤᠨ ᠪᠠᠳᠤᠳᠠᠢ ᠠᠬᠢᠭᠤᠯᠵᠦ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠨᠠᠶᠢᠳᠠ ᠶᠢᠨ ᠤᠩᠭᠤᠨ ᠤ | ᠲᠦᠷᠦᠯ ᠵᠦᠢᠯ ᠢ ᠪᠦᠳᠤᠭᠡᠨ ᠪᠠᠶᠢᠭᠤᠯᠤᠨ ᠠᠰᠢᠭᠯᠠᠯᠳᠠ ᠳᠤ ᠤᠷᠤᠭᠤᠯᠬᠤ ᠶᠢ ᠪᠠᠳᠤᠯᠠᠵᠦ᠂ ᠤᠷᠤᠰᠢᠭᠤᠯᠭ᠎ᠠ ᠶᠢᠨ | ᠭᠠᠵᠡᠷ ᠤᠨ ᠲᠦᠷᠦᠯ ᠵᠦᠢᠯ ᠤᠨ ᠭᠤᠤᠯ ᠴᠤᠭᠴᠠ ᠶᠢᠨ ᠪᠠᠷᠢᠯᠭ᠎ᠠ ᠶᠢ ᠪᠡᠶᠡᠯᠡᠬᠦᠯᠦᠨ᠎ᠡ᠃ | ︵ᠲᠤᠯᠤᠭ᠎ᠠ︶ ᠭᠤᠤᠯ ᠰᠢᠵᠢᠮ ᠤᠨ ᠲᠤᠭᠤᠷᠢᠨ ᠳᠤ᠂ ᠬᠢᠴᠢᠶᠠᠩᠬᠦᠢ ᠪᠠᠷ ᠵᠠᠰᠠᠬᠤ ᠶᠢ ᠪᠠᠷᠢᠮᠳᠠᠯᠠᠵᠦ᠂ ᠡᠶ᠎ᠡ | ᠵᠤᠬᠢᠴᠠᠯᠳᠤ ᠲᠤᠭᠳᠠᠭᠤᠨ ᠤ ᠰᠢᠨ᠎ᠡ ᠪᠠᠶᠢᠳᠠᠯ ᠢ ᠡᠬᠦᠳᠤᠨ᠎ᠡ᠃ ᠨᠢᠬᠡ ᠳᠤ ᠤᠯᠤᠰ ᠤᠨ ᠤᠯᠤᠰ ᠲᠦᠷᠦ ᠶᠢᠨ ᠠᠮᠤᠷ | ᠲᠦᠪᠰᠢᠨ ᠢ ᠡᠷᠡᠰ ᠬᠠᠮᠠᠭᠠᠯᠠᠨ᠎ᠠ᠃ ᠡᠯ᠎ᠡ ᠬᠦᠷᠢᠶ᠎ᠠ ᠴᠡᠷ᠎ᠡ ᠶᠢᠨ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ ᠠᠵᠢᠯ ᠢ | ᠨᠢᠬᠡᠳᠤᠯᠳᠠᠢ ᠲᠦᠯᠦᠪᠵᠢᠬᠦᠯᠦᠨ ᠰᠠᠶᠢᠳᠤᠷ ᠠᠳᠬᠤᠵᠦ᠂ ᠡᠯ᠎ᠡ ᠲᠦᠷᠦᠯ ᠤᠨ ᠨᠠᠪᠴᠢᠨ ᠤᠷᠤᠬᠤ ᠠᠵᠢᠯᠯᠠᠭ᠎ᠠ ᠶᠢ | ᠰᠡᠷᠭᠡᠶᠢᠯᠡᠨ ᠴᠤᠬᠢᠯᠳᠠ ᠦᠭᠬᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠠ ᠴᠡᠷ᠎ᠡ ᠳᠠᠬᠢ ᠨᠠᠪᠴᠢᠯᠳᠠ ᠶᠢ | ᠴᠢᠩᠭ᠎ᠠ ᠰᠡᠷᠭᠡᠶᠢᠯᠡᠬᠦ ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠡᠯ᠎ᠡ ᠲᠦᠷᠦᠯ ᠤᠨ ᠦᠵᠡᠯ | ᠤᠬᠠᠮᠰᠠᠷ ᠤᠨ ᠭᠡᠯᠪᠡᠷᠢ ᠶᠢᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠪᠡ ᠬᠠᠮᠢᠶᠠᠷᠤᠯᠳᠠ ᠶᠢ | ᠴᠢᠩᠭᠠᠳᠬᠠᠨ᠎ᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠳᠤᠷᠠᠨ ᠬᠢᠯᠢ ᠶᠢᠨ ᠰᠡᠷᠭᠡᠶᠢᠯᠡᠯᠳᠠ ᠶᠢᠨ ᠠᠵᠢᠯ ᠢ | ᠦᠷᠬᠦᠯᠵᠢᠯᠡᠨ ᠰᠠᠶᠢᠳᠤᠷ ᠠᠳᠬᠤᠵᠦ᠂ ᠬᠢᠯᠢ ᠲᠠᠭᠠᠤ ᠭᠠᠵᠡᠷ ᠤᠷᠤᠨ ᠤ ︽ᠤᠰᠤ ᠴᠠᠬᠢᠯᠭᠠᠨ ᠵᠡᠮ ᠬᠠᠷᠢᠯᠴᠠᠭ᠎ᠠ | ᠴᠢᠮᠡᠭᠡ ᠨᠡᠪᠳᠡᠷᠡᠯᠬᠡ︾ ᠶᠢᠨ ᠰᠠᠭᠤᠷᠢ ᠲᠦᠬᠦᠭᠡᠷᠤᠮᠵᠢ ᠶᠢᠨ ᠨᠢᠬᠡ ᠴᠤᠭᠴᠠᠵᠢᠭᠤᠯᠤᠭᠰᠠᠨ ᠪᠦᠳᠤᠭᠡᠨ ᠪᠠᠶᠢᠭᠤᠯᠤᠯᠳᠠ | ᠶᠢᠨ ᠭᠤᠷᠪᠡᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ ᠬᠢᠯᠢ ᠶᠢᠨ ᠰᠤᠮᠤᠨ ᠤ ᠤᠯᠠᠨ ᠨᠠᠶᠢᠳᠠ ᠶᠢᠨ | ᠦᠨᠳᠤᠰᠤᠨ ᠦᠢᠯᠡᠴᠢᠯᠡᠭᠡ ᠪᠡ ᠰᠠᠭᠤᠷᠢ ᠲᠦᠬᠦᠭᠡᠷᠤᠮᠵᠢ ᠶᠢᠨ ᠪᠠᠳᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠲᠡᠭᠡᠭᠰᠢᠯᠡᠬᠦᠯᠦᠨ᠎ᠡ᠃ ᠬᠤᠶᠠᠷ ᠲᠤ ᠦᠨᠳᠤᠰᠤᠳᠠᠨ ᠤ ᠪᠦᠯᠬᠦᠮᠳᠡᠯ ᠢ ᠦᠷᠬᠦᠯᠵᠢᠯᠡᠨ ᠪᠠᠬᠢᠵᠢᠬᠦᠯᠦᠨ | ᠬᠦᠭᠵᠢᠬᠦᠯᠦᠨ᠎ᠡ᠃ ︽ᠰᠦᠨᠢᠳ ᠪᠠᠷᠠᠭᠤᠨ ᠬᠤᠰᠢᠭᠤᠨ ᠤ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ | ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ︿1815﹀ ᠢᠨᠵᠧᠨᠧᠷᠢᠩ ᠤᠨ ᠭᠡᠷᠡᠭᠵᠢᠬᠦᠯᠬᠦ ᠲᠦᠰᠦᠯ︾ ᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠮᠡᠨ ᠤ ᠬᠤᠰᠢᠭᠤᠨ ᠤ ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ | ᠲᠡᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠤᠨ ᠪᠠᠶᠢᠭᠤᠯᠬᠤ ᠠᠵᠢᠯ ᠤᠨ ᠲᠠᠬᠢᠨ ᠰᠢᠯᠭᠠᠨ | ᠪᠠᠶᠢᠴᠠᠭᠠᠯᠳᠠ ᠪᠡ ᠪᠦᠬᠦ ᠠᠶᠢᠮᠠᠭ ᠤᠨ ᠦᠨᠳᠤᠰᠤᠳᠠᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠬᠦᠯᠬᠦ ᠠᠶᠢᠮᠠᠭ | ᠢ ᠡᠬᠦᠳᠤᠨ ᠪᠠᠶᠢᠭᠤᠯᠬᠤ ᠠᠵᠢᠯ ᠤᠨ ᠪᠠᠶᠢᠴᠠᠭᠠᠯᠳᠠ ᠶᠢ ᠤᠭᠳᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ | ᠬᠢᠨ᠎ᠡ᠃ ᠦᠪᠡᠷᠳᠡᠭᠡᠨ ᠵᠠᠰᠠᠬᠤ ᠤᠷᠤᠨ ᠤ ᠬᠢᠯᠢ ᠬᠢᠵᠠᠭᠠᠷ ᠭᠠᠵᠡᠷ ᠤᠷᠤᠨ ᠤ ᠴᠢᠨᠠᠷᠯᠢᠭ ᠬᠦᠭᠵᠢᠯᠳᠡ ᠶᠢ | ᠠᠬᠢᠭᠤᠯᠬᠤ ᠲᠦᠷᠢᠮ ᠵᠢᠴᠢ ᠠᠷᠭ᠎ᠠ ᠪᠡᠷᠢᠯ ᠤᠳ ᠢ ᠬᠦᠢᠴᠡᠳ ᠠᠮᠢᠳᠤᠯᠢᠭ ᠢᠶᠠᠷ ᠠᠰᠢᠭᠯᠠᠵᠦ᠂ ᠠᠷᠭ᠎ᠠ ᠪᠦᠬᠦᠨ ᠢ | ᠰᠦᠪᠡᠭᠴᠢᠯᠠᠨ ᠲᠦᠷᠦᠯ ᠵᠦᠢᠯ ᠤᠨ ᠪᠡᠯᠡ ᠮᠦᠩᠭᠦ ᠶᠢ ᠭᠤᠶᠤᠴᠢᠯᠠᠨ ᠤᠯᠵᠦ᠂ ᠬᠢᠯᠢ ᠲᠠᠭᠠᠤ ᠰᠠᠭᠤᠵᠦ ᠪᠠᠶᠢᠭ᠎ᠠ | ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠠᠯ ᠢ ᠴᠢᠷᠮᠡᠶᠢᠨ ᠰᠠᠶᠢᠵᠢᠷᠠᠭᠤᠯᠤᠨ᠎ᠠ᠃ ᠭᠤᠷᠪᠡ ᠳᠤ | ᠨᠡᠶᠢᠬᠡᠮ ᠤᠨ ᠶᠡᠭᠡ ᠲᠡᠯ᠎ᠡ ᠶᠢᠨ ᠲᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠨᠡᠶᠢᠬᠡᠮ ᠤᠨ ᠠᠮᠤᠷ | ᠲᠦᠪᠰᠢᠨ ᠢ ᠪᠦᠬᠦᠯᠢ ᠴᠤᠭᠴᠠ ᠳᠤᠨᠢ ᠰᠡᠷᠭᠡᠶᠢᠯᠡᠨ ᠡᠵᠡᠮᠳᠡᠬᠦ ᠪᠡ ᠠᠮᠢᠨ ᠭᠡᠷᠡᠭ ᠡᠬᠦᠰᠬᠦ ᠶᠢ ᠰᠡᠷᠭᠡᠶᠢᠯᠡᠬᠦ ᠠᠵᠢᠯ ᠢ | ᠴᠢᠩᠭᠠᠳᠬᠠᠵᠦ᠂ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢ | ᠤᠷᠤᠯᠠᠨ ᠬᠦᠢᠴᠡᠳᠭᠡᠬᠦ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠦ᠂ ᠡᠯ᠎ᠡ ᠲᠦᠷᠦᠯ ᠤᠨ ᠵᠠᠬᠢᠳᠠᠯ | ᠰᠤᠷᠪᠤᠯᠵᠢᠯᠠᠭ᠎ᠠ ᠶᠢᠨ ᠭᠡᠷᠡᠭ ᠢ ᠰᠠᠶᠢᠳᠤᠷ ᠰᠢᠢᠳᠪᠤᠷᠢᠯᠡᠵᠦ᠂ ︽ᠵᠦᠷᠢᠴᠠᠯ ᠢ ᠰᠢᠢᠳᠪᠤᠷᠢᠯᠡᠬᠦᠯᠬᠦ ᠪᠠᠷ | ᠱᠠᠭᠠᠷᠳᠠᠭᠤᠯᠵᠦ︾ ᠪᠠᠶᠢᠭᠰᠠᠨ ᠢ ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠤᠷᠢᠯᠡᠬᠦ︾ ᠪᠤᠯᠭᠠᠨ | ᠬᠤᠪᠢᠷᠠᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠶᠢ ᠰᠠᠶᠢᠳᠤᠷ | ᠬᠢᠨ᠎ᠡ᠃ ᠰᠢᠨ᠎ᠡ ᠴᠠᠭ ᠦᠶ᠎ᠠ ᠶᠢᠨ ︽ᠹᠧᠩ ᠴᠢᠶᠣᠣ ᠪᠠᠯᠭᠠᠰᠤᠨ ᠤ ᠲᠤᠷᠰᠢᠯᠭ᠎ᠠ︾ ᠶᠢ ᠪᠠᠷᠢᠮᠳᠠᠯᠠᠨ ᠬᠦᠭᠵᠢᠬᠦᠯᠵᠦ᠂ | ︽ᠦᠷᠳᠡᠭᠡᠴᠢᠯᠡᠭᠰᠡᠨ ᠭᠡᠯᠪᠡᠷᠢ ᠶᠢᠨ︾ ᠵᠦᠷᠢᠴᠠᠯ ᠵᠢᠭᠤᠷᠠᠯᠳᠤᠭᠠᠨ ᠢ ᠤᠯᠠᠨ ᠲᠠᠯ᠎ᠠ ᠪᠠᠷ ᠨᠠᠮᠳᠠᠭᠠᠬᠤ᠂ ︽ᠰᠢᠬᠦᠭᠴᠢ | ᠂ ᠪᠠᠶᠢᠴᠠᠭᠠᠭᠴᠢ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠡ ᠬᠠᠤᠯᠢᠴᠢ︾ ︽ᠨᠡᠶᠢᠬᠡᠮ ᠲᠤᠭᠤᠷᠢᠭ + ᠠᠷᠠᠳ | ᠤᠨ ᠴᠠᠭᠳᠠᠭ᠎ᠠ︾ ᠶᠢᠨ ᠠᠷᠭ᠎ᠠ ᠪᠡᠷᠢᠯ ᠢ ᠢᠳᠡᠪᠬᠢᠳᠡᠢ ᠲᠦᠬᠡᠮᠡᠯᠵᠢᠬᠦᠯᠵᠦ᠂ ᠵᠦᠷᠢᠴᠠᠯ ᠢ ᠡᠬᠢ ᠡᠬᠦᠰᠦᠯ ᠠᠴᠠ ᠨᠢ | ᠰᠡᠷᠭᠡᠶᠢᠯᠡᠨ ᠡᠵᠡᠮᠳᠡᠬᠦ᠂ ᠪᠡᠶᠢᠴᠠᠭᠠᠨ ᠡᠮᠬᠢᠯᠡᠬᠦ᠂ ᠵᠦᠷᠢᠴᠠᠯ ᠢ ᠨᠠᠮᠳᠠᠭᠠᠬᠤ᠂ ᠪᠠᠴᠢᠮ ᠪᠠᠶᠢᠳᠠᠯ ᠢ ᠠᠷᠭᠠᠴᠠᠨ | ᠰᠢᠢᠳᠪᠤᠷᠢᠯᠡᠬᠦ ︽ᠨᠡᠶᠢᠬᠡᠮ ᠤᠨ ᠵᠦᠷᠢᠴᠠᠯ ᠢ ᠶᠡᠷᠦᠩᠭᠡᠶᠢᠯᠡᠨ ᠵᠠᠰᠠᠬᠤ ᠲᠤᠭᠳᠠᠴᠠ︾ ᠶᠢ ᠲᠦᠷᠭᠡᠨ ᠪᠦᠷᠢᠯᠳᠤᠬᠦᠯᠵᠦ | ᠂ ᠦᠨᠳᠤᠷ ᠬᠢᠷᠢ ᠲᠦᠪᠰᠢᠨ ᠪᠦᠬᠦᠢ ︽ᠬᠠᠤᠯᠢᠳᠤ ᠪᠠᠷᠠᠭᠤᠨ ᠰᠦᠨᠢᠳ︾ ︽ᠠᠮᠤᠭᠤᠯᠠᠩᠳᠤ ᠪᠠᠷᠠᠭᠤᠨ ᠰᠦᠨᠢᠳ︾ | ᠢ ᠪᠠᠶᠢᠭᠤᠯᠤᠨ᠎ᠠ᠃ ᠲᠦᠷᠪᠡ ᠳᠤ ᠵᠠᠰᠠᠭ ᠤᠨ ᠤᠷᠳᠤᠨ ᠤ ᠦᠷᠢ ᠰᠢᠷᠢ ᠶᠢᠨ ᠲᠦᠭᠰᠢᠬᠦᠷᠢ ᠶᠢ ᠪᠦᠳᠤᠮᠵᠢᠳᠡᠢ | ᠰᠡᠷᠭᠡᠶᠢᠯᠡᠨ ᠡᠵᠡᠮᠳᠡᠨ᠎ᠡ᠃ ᠲᠦᠰᠦᠪ ᠤᠨ ᠬᠢᠵᠠᠭᠠᠷᠯᠠᠯ ᠪᠡ ᠠᠵᠢᠯ ᠤᠨ ᠦᠷ᠎ᠡ ᠪᠦᠳᠤᠮᠵᠢ ᠶᠢᠨ ᠬᠠᠮᠢᠶᠠᠷᠤᠯᠳᠠ ᠶᠢ | ᠪᠦᠬᠦ ᠲᠠᠯ᠎ᠠ ᠪᠠᠷ ᠭᠡᠷᠡᠭᠵᠢᠬᠦᠯᠵᠦ᠂ ᠨᠢᠭᠤᠭᠳᠠᠮᠠᠯ ᠦᠷᠢ ᠰᠢᠷᠢ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠦ᠂ ︽ | ᠪᠡᠳᠤ ᠴᠢᠩᠭ᠎ᠠ᠂ ᠡᠵᠡᠮᠳᠡᠵᠦ ᠪᠤᠯᠬᠤ᠂ ᠡᠮᠬᠢ ᠵᠢᠷᠤᠮ ᠲᠠᠢ᠂ ᠲᠤᠬᠢᠷᠠᠮᠵᠢᠳᠠᠢ ᠪᠠᠶᠢᠬᠤ︾ ᠶᠡᠷᠦᠩᠭᠡᠢ ᠱᠠᠭᠠᠷᠳᠠᠯᠭ᠎ᠠ | ᠶᠤᠰᠤᠭᠠᠷ᠂ ᠵᠢᠬᠡᠯᠡᠯᠬᠡ ᠶᠢ ᠨᠠᠮᠳᠠᠭᠠᠬᠤ ᠤᠨ ᠤ ᠡᠬᠦᠷᠭᠡ ᠪᠠᠨ ᠪᠡᠶᠡᠯᠡᠬᠦᠯᠬᠦ ᠶᠢ ᠪᠠᠳᠤᠯᠠᠨ᠎ᠠ᠃ ᠲᠡᠭᠡᠳᠤ ᠱᠠᠳᠤᠨ ᠤ | ᠵᠢᠭᠡᠯᠡᠯᠭᠡ ᠶᠢᠨ ᠲᠡᠮᠳᠡᠭᠳᠤ ᠪᠡ ᠡᠯ᠎ᠡ ᠲᠦᠷᠦᠯ ᠤᠨ ᠠᠵᠦ ᠦᠢᠯᠡᠰ ᠤᠨ ᠪᠡᠯᠡ ᠤᠷᠤᠭᠤᠯᠤᠯᠳᠠ ᠶᠢᠨ ᠰᠠᠭᠤᠷᠢ | ᠮᠦᠩᠬᠦᠨ ᠤ ᠲᠡᠮᠵᠢᠯᠬᠡ ᠶᠢ ᠢᠳᠡᠪᠬᠢᠳᠡᠢ ᠭᠤᠶᠤᠴᠢᠯᠠᠨ ᠤᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ | ᠪᠦᠳᠤᠭᠡᠨ ᠪᠠᠶᠢᠭᠤᠯᠤᠯᠳᠠ ᠳᠤ ᠪᠡᠯᠡ ᠮᠦᠩᠬᠦᠨ ᠤ ᠪᠠᠳᠤᠯᠠᠭ᠎ᠠ ᠬᠠᠩᠭᠠᠵᠦ᠂ ᠵᠠᠰᠠᠭ ᠤᠨ ᠤᠷᠳᠤᠨ ᠤ ᠨᠢᠭᠤᠭᠳᠠᠮᠠᠯ | ᠦᠷᠢ ᠰᠢᠷᠢ ᠶᠢᠨ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ ᠳᠤ ᠨᠠᠩ ᠰᠠᠶᠢᠨ ᠨᠦᠬᠦᠴᠠᠯ ᠡᠬᠦᠳᠤᠨ᠎ᠡ᠃ ᠠᠷᠠᠳ | ᠤᠨ ᠬᠤᠭᠤᠷᠤᠨᠳᠤᠬᠢ ᠵᠢᠬᠡᠯᠡᠯᠬᠡ ᠶᠢᠨ ᠠᠵᠢᠯᠯᠠᠭ᠎ᠠ ᠶᠢ ᠬᠠᠤᠯᠢ ᠶᠤᠰᠤᠭᠠᠷ ᠲᠦᠷᠢᠮᠵᠢᠬᠦᠯᠵᠦ᠂ ᠬᠠᠤᠯᠢ ᠪᠤᠰᠤ ᠪᠠᠷ | ᠪᠡᠯᠡ ᠬᠤᠷᠠᠮᠳᠤᠭᠤᠯᠬᠤ᠂ ᠦᠨᠳᠤᠷ ᠬᠦᠦ ᠲᠠᠢ ᠵᠢᠭᠡᠯᠡᠯᠭᠡ ᠲᠠᠯᠪᠢᠬᠤ ᠵᠡᠷᠭᠡ ᠮᠦᠩᠬᠦᠨ ᠬᠦᠢᠯᠬᠡᠬᠡᠨ ᠤ ᠬᠠᠤᠯᠢ ᠪᠤᠰᠤ | ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠡ ᠴᠤᠬᠢᠯᠳᠠ ᠦᠭᠴᠦ᠂ ᠮᠦᠩᠬᠦᠨ ᠬᠦᠢᠯᠬᠡᠬᠡᠨ ᠤ ᠠᠮᠤᠷ ᠲᠦᠪᠰᠢᠨ | ᠪᠡ ᠨᠡᠶᠢᠬᠡᠮ ᠤᠨ ᠲᠤᠭᠳᠠᠭᠤᠨ ᠢ ᠦᠨᠡᠨᠬᠦ ᠬᠠᠮᠠᠭᠠᠯᠠᠨ᠎ᠠ᠃ ᠲᠠᠪᠤ ᠳᠤ ᠠᠶᠤᠯᠬᠦᠢ ᠦᠢᠯᠡᠳᠪᠤᠷᠢᠯᠡᠯ ᠢ ᠦᠴᠦᠬᠡᠨ ᠴᠦ | ᠰᠤᠯᠠᠷᠡᠰᠢ ᠦᠬᠡᠢ ᠰᠠᠶᠢᠳᠤᠷ ᠠᠳᠬᠤᠨ᠎ᠡ᠃ ᠠᠶᠤᠯᠬᠦᠢ ᠦᠢᠯᠡᠳᠪᠤᠷᠢᠯᠡᠯ ᠤᠨ ᠬᠤᠷᠢᠭ᠎ᠠ ᠱᠤᠭᠤᠮ ᠤᠨ ᠤᠬᠠᠮᠰᠠᠷ ᠢ | ᠪᠠᠳᠤ ᠪᠠᠬᠢ ᠪᠤᠢ ᠪᠤᠯᠭᠠᠵᠦ᠂ ︽ᠭᠤᠷᠪᠡ ᠶᠢ ᠬᠠᠮᠢᠶᠡᠷᠬᠤ᠂ ᠭᠤᠷᠪᠡᠨ ᠡᠷᠭᠡᠪᠰᠢ︾21 ᠶᠢᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠦ᠂ ᠠᠮᠤᠷ ᠲᠦᠪᠰᠢᠨ ᠤ ᠲᠦᠬᠦᠭᠡᠷᠤᠮᠵᠢ ᠶᠢᠨ ᠭᠤᠷᠪᠡᠨ ᠬᠠᠮᠳᠤ ᠳᠤᠨᠢ ᠪᠠᠶᠢᠬᠤ | ᠬᠠᠮᠢᠶᠠᠷᠤᠯᠳᠠ22 ᠶᠢ ᠴᠢᠩᠭᠠᠳᠬᠠᠨ᠂ ᠠᠶᠦᠯᠬᠦᠢ ᠦᠢᠯᠡᠳᠪᠤᠷᠢᠯᠡᠯ ᠤᠨ ᠪᠤᠭᠤᠮᠳᠠ ᠶᠢ ᠡᠬᠢ ᠡᠬᠦᠰᠦᠯ ᠠᠴᠠ ᠨᠢ | ᠰᠠᠶᠢᠳᠤᠷ ᠠᠳᠬᠤᠨ᠎ᠡ᠃ ᠠᠳᠡᠯ ᠭᠡᠷᠡᠭ ᠢ ᠨᠢᠭᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ | ᠮᠡᠳᠡᠬᠦᠯᠦᠭᠰᠡᠨ᠂ ᠮᠡᠳᠡᠬᠦᠯᠬᠦ ᠦᠬᠡᠢ ᠪᠠᠷ ᠤᠷᠬᠢᠭᠳᠠᠭᠤᠯᠤᠭᠰᠠᠨ ᠦᠢᠯᠡ ᠠᠵᠢᠯᠯᠠᠭ᠎ᠠ ᠶᠢ ᠦᠴᠦᠬᠡᠨ ᠴᠦ ᠢᠯᠳᠠᠷ | ᠬᠠᠶᠠᠬᠤ ᠦᠬᠡᠢ ᠪᠠᠷ ᠴᠢᠩᠭ᠎ᠠ ᠪᠠᠶᠢᠴᠠᠭᠠᠨ ᠰᠢᠳᠭᠡᠵᠦ᠂ ᠴᠡᠭᠡᠷᠯᠡᠯ ᠪᠤᠯᠭᠠᠬᠤ ᠦᠢᠯᠡᠳᠤᠯ ᠢ ᠪᠠᠳᠠᠷᠠᠭᠤᠯᠤᠨ᠎ᠠ᠃ | ᠭᠤᠤᠯᠳᠠᠯᠭ᠎ᠠ ᠲᠠᠢ ᠬᠦᠷᠢᠶ᠎ᠠ ᠴᠡᠷ᠎ᠡ ᠶᠢᠨ ᠲᠠᠯᠳᠠ ᠭᠡᠮ ᠢ ᠪᠠᠶᠢᠴᠠᠭᠠᠬᠤ ᠪᠡ ᠲᠤᠰᠬᠠᠢ ᠲᠦᠷᠦᠯ ᠤᠨ ᠴᠡᠭᠴᠡᠯᠡᠯᠳᠠ ᠶᠢ | ᠴᠢᠩᠭᠠᠳᠬᠠᠵᠦ᠂ ᠬᠦᠮᠦᠨ ᠤᠯᠠᠨ ᠴᠤᠭᠯᠠᠷᠠᠭᠰᠠᠨ ᠭᠠᠵᠡᠷ ᠪᠡ ᠭᠤᠤᠯᠳᠠᠯᠭ᠎ᠠ ᠲᠠᠢ ᠰᠡᠷᠭᠡᠶᠢᠯᠡᠯᠳᠠ ᠶᠢᠨ ᠬᠦᠷᠢᠶ᠎ᠠ | ᠴᠡᠷ᠎ᠡ ᠶᠢᠨ ᠭᠠᠯ ᠤᠨᠳᠠᠷᠠᠭᠠᠬᠤ ᠠᠮᠤᠷ ᠲᠦᠪᠰᠢᠨ ᠢ ᠨᠢᠭᠳᠠ ᠠᠩᠬᠠᠷᠤᠨ᠎ᠠ᠃ ᠠᠶᠠᠨᠴᠢᠳ ᠤᠨ ᠲᠡᠭᠡᠭᠡᠪᠤᠷᠢ᠂ | ᠪᠠᠷᠠᠭᠠᠨ ᠤ ᠲᠡᠭᠡᠭᠡᠪᠤᠷᠢ ᠶᠢᠨ ᠵᠠᠬ᠎ᠠ ᠲᠠᠯᠬᠡᠬᠦᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠪᠡ ᠢᠳᠡᠭᠡᠨ ᠡᠮ | ᠤᠨ ᠵᠦᠢᠯ ᠤᠨ ᠠᠵᠢᠯ ᠲᠦᠷᠦᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠤᠨᠴᠠ | ᠶᠡᠭᠡ ᠠᠳᠡᠯ ᠡᠬᠦᠰᠬᠦ ᠶᠢ ᠡᠷᠡᠰ ᠰᠡᠷᠭᠡᠶᠢᠯᠡᠨ᠎ᠡ᠃ ᠡᠩ ᠤᠨ ᠦᠶᠠᠰ ᠪᠤᠯᠤᠨ ᠪᠡᠴᠢᠮ ᠪᠠᠶᠢᠳᠠᠯ ᠲᠠᠢ ᠤᠶᠠᠯᠳᠤᠭᠤᠯᠬᠤ | ᠶᠢ ᠪᠠᠷᠢᠮᠳᠠᠯᠠᠵᠦ᠂ ᠦᠪᠡᠷᠳᠡᠭᠡᠨ ᠵᠠᠰᠠᠬᠤ ᠤᠷᠤᠨ ᠤ ︽ᠠᠶᠤᠯᠬᠦᠢ ᠦᠢᠯᠡᠳᠪᠤᠷᠢᠯᠡᠯ ᠤᠨ ᠦᠨᠳᠤᠰᠤᠨ ᠱᠠᠳᠤᠨ ᠤ | ᠰᠠᠭᠤᠷᠢ ᠪᠦᠳᠤᠭᠡᠨ ᠪᠠᠶᠢᠭᠤᠯᠤᠯᠳᠠ ᠶᠢᠨ ᠤᠨ︾ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ᠠᠶᠤᠯᠬᠦᠢ ᠦᠢᠯᠡᠳᠪᠤᠷᠢᠯᠡᠯ ᠪᠡ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ | ᠴᠢᠳᠠᠪᠤᠷᠢ ᠶᠢᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠪᠠᠴᠢᠮ ᠪᠠᠶᠢᠳᠠᠯ ᠢ ᠠᠷᠭᠠᠴᠠᠨ | ᠰᠢᠢᠳᠪᠤᠷᠢᠯᠡᠬᠦ ᠴᠢᠳᠠᠪᠤᠷᠢ ᠪᠡ ᠬᠢᠷᠢ ᠲᠦᠪᠰᠢᠨ ᠢ ᠲᠡᠭᠡᠭᠰᠢᠯᠡᠬᠦᠯᠦᠨ᠂ ᠠᠷᠠᠳ ᠤᠯᠠᠨ ᠤ ᠠᠮᠢ ᠨᠠᠰᠤ ᠪᠡ ᠡᠳ᠋ | ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ | ᠭᠤᠷᠪᠡ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠲᠦᠯᠦᠬᠡᠯᠡᠭᠴᠢᠳ ᠡ᠂ ᠬᠥᠭᠵᠢᠯᠲᠡ ᠶᠢᠨ ᠬᠦᠨᠳᠦ ᠡᠭᠦᠷᠭᠡ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢᠨ | ᠡᠮᠦᠨ᠎ᠡ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠡᠳᠤ | ᠴᠤᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠬᠦᠭᠵᠢᠯᠳᠡ ᠶᠢ | ᠰᠦᠪᠡᠭᠴᠢᠯᠠᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠠᠰᠠᠭ ᠤᠨ ᠣᠷᠳᠣᠨ ᠤ ᠵᠠᠰᠠᠯᠲᠠ ᠶᠢᠨ ᠲᠤᠭᠳᠠᠯᠴᠠᠭ᠎ᠠ | ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠨᠢᠬᠡ︶ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢᠨ ᠴᠢᠬᠤᠯᠠ ᠴᠢᠨᠡᠷ ᠢ ᠪᠠᠲᠤ ᠡᠵᠡᠮᠳᠡᠵᠦ᠂ ᠤᠯᠤᠰ | ᠲᠦᠷᠦ ᠶᠢᠨ ᠲᠠᠯ᠎ᠠ ᠪᠠᠷ ᠴᠠᠭᠠᠷᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠡᠭᠦᠨ ᠢ ᠵᠠᠰᠠᠭ ᠤᠨ ᠣᠷᠳᠣᠨ ᠤ ᠠᠵᠢᠯ ᠢ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃ ᠨᠠᠮ ᠤᠨ ᠤᠳᠤᠷᠢᠳᠤᠯᠭ᠎ᠠ ᠶᠢ ᠵᠠᠰᠠᠭ ᠤᠨ | ᠣᠷᠳᠣᠨ ᠤ ᠠᠵᠢᠯ ᠤᠨ ᠡᠯ᠎ᠡ ᠬᠦᠷᠢᠶ᠎ᠡ ᠴᠡᠷ᠎ᠡ᠂ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠢᠮᠠᠭᠲᠠ | ︽ᠬᠤᠶᠠᠷ ᠢ ᠲᠤᠭᠳᠠᠭᠠᠭᠰᠠᠨ︾ ᠤ ᠡᠷᠡᠰ ᠪᠠᠲᠤ ᠬᠠᠮᠠᠭᠠᠯᠠᠭᠴᠢ᠂ ︽ᠬᠤᠶᠠᠷ ᠢ ᠬᠠᠮᠠᠭᠠᠯᠠᠬᠤ︾ ᠶᠢᠨ ᠦᠨᠡᠨᠴᠢ | ᠰᠢᠳᠤᠷᠭᠤ ᠦᠢᠯᠡᠳᠦᠯᠭᠡᠵᠢᠭᠦᠯᠦᠭᠴᠢ ᠪᠤᠯᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ | ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠳᠠᠩᠰᠠ ᠮᠡᠳᠡᠭᠦᠯᠬᠦ ᠤᠬᠠᠮᠰᠠᠷ᠂ ᠡᠬᠦᠷᠭᠡ ᠪᠠᠨ ᠪᠠᠶᠡᠯᠡᠬᠦᠯᠬᠦ | ᠤᠬᠠᠮᠰᠠᠷ᠂ ᠦᠷ᠎ᠡ ᠪᠦᠲᠦᠭᠡᠯ ᠭᠠᠷᠭᠠᠬᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ︽ᠤᠶᠢᠯᠠᠰ ᠪᠤᠰᠬᠠᠬᠤ ᠵᠣᠷᠢᠭ | ᠰᠠᠨᠠᠭ᠎ᠠ︾ ᠪᠠᠷ ᠵᠠᠮ ᠨᠡᠭᠡᠭᠡᠵᠦ᠂ ︽ᠠᠰᠠᠭᠤᠳᠠᠯ ᠢ ᠰᠢᠢᠳᠪᠤᠷᠢᠯᠡᠬᠦ ᠰᠡᠳᠬᠢᠬᠦᠢ ᠲᠠᠢ ᠪᠠᠶᠢᠬᠤ︾ ᠪᠠᠷ ᠠᠵᠢᠯ ᠢᠶᠠᠨ | ᠡᠬᠢᠯᠡᠭᠦᠯᠵᠦ᠂ ᠨᠠᠮ ᠤᠨ ᠲᠥᠪ ᠬᠤᠷᠢᠶ᠎ᠠ ᠪᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠡ ᠵᠠᠰᠠᠭ ᠤᠨ | ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠪᠡ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ᠂ ᠬᠤᠰᠢᠭᠤ ᠨᠠᠮ ᠤᠨ | ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠨᠠᠷᠢᠨ ᠲᠠᠩᠰᠠ ᠶᠢᠨ | ᠬᠠᠮᠢᠶᠠᠷᠤᠯᠲᠠ᠂ ᠲᠠᠩᠰᠠ ᠡᠪᠭᠡᠮᠡᠯ ᠤᠨ ᠠᠵᠢᠯ ᠢ ᠠᠬᠢᠭᠤᠯᠬᠤ᠂ ᠱᠠᠯᠠᠪᠳᠠᠭᠤᠯᠤᠨ ᠭᠦᠢᠴᠡᠳᠬᠡᠬᠦ ᠶᠢ ᠮᠦᠷᠳᠡᠨ | ᠲᠠᠭᠠᠬᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ︾ ᠠᠵᠢᠯ ᠤᠨ ᠪᠢᠳᠡᠬᠦᠮᠵᠢᠯᠡᠭᠰᠡᠨ ᠵᠠᠭᠪᠤᠷ ᠢ | ᠲᠡᠭᠦᠯᠳᠡᠷᠵᠢᠭᠦᠯᠦᠨ᠂ ᠶᠠᠪᠤᠳᠠᠯ ᠪᠤᠯᠭᠠᠨ ᠤ ᠨᠠᠶᠢᠳᠠᠪᠤᠷᠢᠵᠢᠭᠤᠯᠤᠯᠳᠠ ᠶᠢ ᠠᠳᠬᠤᠵᠤ᠂ ᠤᠴᠢᠷ ᠪᠣᠯᠭᠠᠨ ᠳᠤ ᠦᠷ᠎ᠡ | ᠪᠦᠲᠦᠮᠵᠢ ᠲᠠᠢ ᠪᠠᠶᠢᠬᠤ ᠶᠢ ᠪᠠᠲᠤᠯᠠᠨ᠎ᠠ᠃ | ︵ᠬᠤᠶᠠᠷ︶ ᠠᠷᠠᠳ ᠲᠦᠮᠡᠨ ᠢ ᠲᠡᠭᠡᠳᠤᠯᠠᠬᠦ ᠶᠢᠨ ᠦᠨᠳᠤᠰᠤ ᠶᠢ ᠪᠠᠳᠤ ᠡᠵᠡᠮᠳᠡᠵᠦ᠂ ᠠᠷᠠᠳ ᠤᠨ ᠲᠥᠯᠥᠭᠡ | ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ | ᠦᠨᠳᠤᠰᠤᠨ ᠱᠠᠳᠤᠨ ᠳᠤ ᠭᠦᠨᠵᠡᠭᠡᠶᠢᠷᠡᠨ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ | ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ | ᠵᠣᠪᠠᠨᠢᠯ ᠢ ᠰᠢᠢᠳᠪᠦᠷᠢᠯᠡᠨ᠎ᠡ᠃ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ᠂ ᠪᠢᠳᠡ ᠬᠠᠷᠢᠭᠤ ᠦᠭᠬᠦ ᠶᠢ | ᠪᠠᠷᠢᠮᠲᠠᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠳᠤ ᠮᠡᠳᠡᠷᠡᠭᠳᠡᠬᠦ ᠨᠢᠭᠡ ᠪᠦᠯᠦᠭ ᠪᠣᠳᠠᠲᠤ | ᠶᠠᠪᠤᠳᠠᠯ ᠢ ᠬᠢᠵᠦ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠡᠮᠨᠡᠬᠦᠯᠬᠦ ᠠᠴᠠ ᠡᠮᠨᠡᠯᠬᠡ ᠲᠠᠢ᠂ ᠰᠠᠭᠤᠬᠤ | ᠠᠴᠠ ᠲᠤᠬᠢᠯᠢᠭ ᠰᠠᠭᠤᠴᠠ ᠲᠠᠢ᠂ ᠬᠦᠴᠢᠷᠳᠡᠯ ᠳᠤ ᠲᠤᠯᠭᠠᠷᠠᠪᠠᠯ ᠤᠯᠠᠨ ᠢᠶᠠᠷ ᠢᠶᠠᠨ ᠲᠤᠰᠠᠯᠠᠵᠤ᠂ ᠥᠲᠡᠯᠪᠡᠯ | ᠠᠰᠠᠷᠠᠮᠵᠢ ᠲᠠᠢ ᠪᠠᠶᠢᠬᠤ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠣᠣᠷ ᠴᠢᠨᠠᠷ ᠢᠶᠠᠨ | ᠢᠯᠡᠷᠡᠭᠦᠯᠵᠦ᠂ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠤᠯᠠᠨ ᠲᠦᠮᠡᠨ ᠤ ᠵᠤᠯ ᠵᠢᠷᠭᠠᠯ ᠢ ᠨᠡᠮᠡᠭᠳᠡᠬᠦᠯᠵᠦ᠂ | ᠬᠥᠭᠵᠢᠯᠲᠡ ᠶᠢᠨ ᠨᠠᠩ ᠤᠯᠠᠨ ᠦᠷ᠎ᠡ ᠪᠦᠳᠤᠮᠵᠢ ᠶᠢ ᠠᠷᠠᠳ ᠲᠦᠮᠡᠨ ᠳᠤ ᠡᠳ᠋ᠯᠡᠬᠦᠯᠦᠨ᠎ᠡ᠃ | ︵ᠭᠤᠷᠪᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠰᠠᠭᠤᠷᠢ ᠶᠢ ᠪᠠᠲᠤ ᠰᠠᠬᠢᠵᠤ᠂ ᠬᠠᠤᠯᠢ ᠪᠠᠷ | ᠵᠠᠰᠠᠭᠰᠠᠨ ᠦᠨᠡᠨᠴᠢ ᠢᠳᠡᠭᠡᠮᠵᠢᠳᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠳᠤ ᠵᠠᠰᠠᠭ ᠤᠨ ᠣᠷᠳᠣᠨ᠂ | ᠬᠠᠤᠯᠢᠳᠤ ᠨᠡᠶᠢᠭᠡᠮ ᠢ ᠨᠢᠭᠡ ᠴᠣᠭᠴᠠᠵᠢᠭᠤᠯᠤᠨ ᠪᠠᠶᠢᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ | ᠲᠦᠯᠬᠢᠨ ᠠᠬᠢᠭᠤᠯᠵᠤ᠂ ᠲᠣᠭᠲᠠᠭᠤᠨ ᠪᠠᠶᠢᠳᠠᠯ ᠢ ᠬᠠᠮᠠᠭᠠᠯᠠᠨ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ | ᠪᠣᠯᠪᠠᠰᠤᠨ ᠢᠶᠠᠷ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠯᠳᠠ | ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ | ᠨᠡᠷᠢᠨ ᠬᠢᠨᠠᠮᠠᠭᠠᠢ ᠲᠤᠤᠱᠯᠠᠭᠤᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠤᠴᠢᠷ ᠶᠠᠪᠤᠳᠠᠯ ᠤᠨ ᠲᠤᠬᠠᠢ | ᠬᠠᠮᠳᠤᠪᠡᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ | ᠠᠪᠴᠤ ᠮᠡᠳᠡᠭᠦᠯᠦᠯᠲᠡ ᠬᠢᠬᠦ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ ᠶᠢ ᠢᠯᠡ ᠪᠣᠯᠭᠠᠨ᠎ᠠ᠃ | ︵ᠲᠦᠷᠪᠡ︶ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠬᠦ ᠶᠣᠰᠣ ᠮᠣᠷᠠᠯ ᠢᠶᠠᠨ ᠪᠠᠲᠤᠳᠬᠠᠵᠤ᠂ ᠠᠷᠢᠭᠤᠨ | ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ︽ᠨᠢᠭᠡᠳᠦᠭᠡᠷ ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ | ᠶᠢᠨ ᠬᠤᠤᠰ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠪᠠ | ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠤᠯᠠᠨ ᠭᠤᠷᠪᠠᠨ ᠴᠥᠭᠡᠨ | ᠭᠤᠷᠪᠠᠨ ᠤᠳᠠᠭᠠᠨ︾ ᠤ ᠠᠰᠠᠭᠤᠳᠠᠯ ᠢ ᠬᠦᠨᠵᠡᠬᠡᠢ ᠴᠡᠭᠴᠡᠯᠡᠨ ᠵᠠᠰᠠᠵᠦ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠬᠤ ᠶᠢ ᠢᠮᠠᠭᠳᠠ ᠪᠠᠷᠢᠮᠲᠠᠯᠠᠵᠤ᠂ ᠤᠯᠤᠰ ᠲᠦᠷᠦ ᠶᠢᠨ ᠤᠷᠴᠢᠨ ᠢ ᠬᠠᠮᠠᠭᠠᠯᠠᠨ᠎ᠠ᠃ ᠠᠷᠪᠢᠴᠢ | ᠭᠠᠮᠳᠠᠢ ᠪᠠᠶᠢᠬᠤ ᠶᠢ ᠡᠷᠬᠢᠮᠯᠡᠵᠦ᠂ ᠵᠠᠰᠠᠭ ᠤᠨ ᠣᠷᠳᠣᠨ ᠤ ᠵᠠᠷᠤᠯᠭ᠎ᠠ ᠶᠢ ᠪᠠᠭᠠᠰᠬᠠᠵᠦ᠂ ᠠᠵᠤ ᠠᠬᠤᠶᠢᠯᠠᠯ ᠢ | ᠳᠡᠮᠵᠢᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠠᠭᠤᠵᠢᠭᠤ ᠲᠠᠯᠪᠢᠵᠤ᠂ ᠵᠠᠰᠠᠭ ᠤᠨ ᠣᠷᠳᠣᠨ | ︽ᠠᠷᠪᠢᠯᠠᠨ ᠭᠠᠮᠨᠠᠬᠤ︾ ᠪᠠᠷ ᠲᠠᠮᠵᠢᠨ ᠠᠷᠠᠳ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦᠯᠦᠨ᠎ᠡ᠃ | ᠲᠥᠯᠥᠭᠡᠯᠡᠭᠴᠢᠳ ᠠ᠋᠂ ᠲᠡᠮᠡᠴᠡᠯ ᠪᠣᠯ ᠥᠨᠢᠳᠡ ᠳᠠᠭᠤᠰᠤᠰᠢ ᠦᠭᠡᠢ ᠶᠤᠮ᠂ ᠴᠢᠷᠮᠡᠶᠢᠨ ᠠᠵᠢᠯᠯᠠᠪᠠᠯ ᠰᠠᠶ᠋ᠢ | ᠢᠷᠡᠭᠡᠳᠦᠢ ᠪᠠᠨ ᠴᠤᠭᠴᠠᠯᠠᠵᠦ ᠲᠠᠶᠢᠯᠤᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ︾ ᠤ | ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠠᠵᠠ ᠲᠣᠬᠢᠶᠠᠯ ᠢ ᠠᠳᠬᠤᠵᠦ᠂ ᠰᠢᠨ᠎ᠡ ᠪᠡᠷᠬᠡ ᠰᠡᠳᠦᠪ ᠢ | ᠰᠢᠢᠳᠪᠦᠷᠢᠯᠡᠵᠦ᠂ ᠰᠢᠨ᠎ᠡ ᠰᠢᠪᠲᠤᠯᠤᠯᠲᠠ ᠶᠢ ᠡᠷᠢᠯᠬᠢᠯᠡᠨ᠂ ᠣᠳᠣᠬᠢᠴᠢᠯᠠᠭᠰᠠᠨ ᠰᠦᠨᠢᠳ ᠪᠠᠷᠠᠭᠤᠨ ᠬᠤᠰᠢᠭᠤᠨ ᠤ | ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ︕ | |