︽ᠬᠤᠪᠢ ᠬᠤᠷᠠᠮᠳᠤᠭᠤᠯᠭ᠎ᠠ︾ ᠶᠢᠨ ᠵᠠᠭᠪᠤᠷ ᠢᠶᠠᠷ ᠪᠤᠯᠪᠠᠰᠤᠨ ᠰᠤᠷᠳᠠᠯ ᠢ ᠦᠢᠯᠡᠳᠦᠯᠬᠡᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2025/1/10
     ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠪᠦᠯᠬᠦᠮᠳᠡᠯ ᠪᠠ ᠡᠶ᠎ᠡ ᠵᠣᠬᠢᠴᠠᠯ ᠢ ᠠᠬᠢᠭᠤᠯᠤᠨ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠰᠠᠶᠢᠬᠠᠨᠲᠠᠯ᠎ᠠ ᠪᠠᠯᠭᠠᠰᠤᠨ ᠤ ᠪᠤᠯᠠᠭ ᠨᠡᠶᠢᠭᠡᠮ ᠲᠣᠭᠤᠷᠢᠭ ︽ᠬᠤᠪᠢ ᠬᠤᠷᠠᠮᠳᠤᠭᠤᠯᠭ᠎ᠠ︾ ᠶᠢᠨ ᠵᠠᠭᠪᠤᠷ ᠢᠶᠠᠷ ᠳᠠᠮᠵᠢᠨ ᠪᠤᠯᠪᠠᠰᠤᠨ ᠰᠤᠷᠳᠠᠯ ᠢ ᠦᠢᠯᠡᠳᠦᠯᠭᠡᠵᠢᠬᠦᠯᠵᠦ ᠪᠠᠶᠢᠨ᠎ᠠ᠃      ᠨᠡᠶᠢᠭᠡᠮ ᠲᠣᠭᠤᠷᠢᠭ ᠤᠨ ︽ᠪᠣᠯᠪᠠᠰᠤᠨ ᠪᠦᠯᠬᠦᠮᠳᠡᠯ ᠴᠢᠯᠦᠭᠡᠳᠦ ᠳᠡᠯᠭᠡᠭᠦᠷ︾ ᠲᠤ᠂ ᠰᠠᠭᠤᠭᠠᠯᠢ ᠠᠷᠠᠳ ᠬᠤᠷᠠᠮᠳᠤᠭᠤᠯᠤᠭᠰᠠᠨ ᠬᠤᠪᠢ ᠪᠠᠷ ᠢᠶᠠᠨ ᠪᠠᠷᠠᠭ᠎ᠠ ᠰᠤᠯᠢᠬᠤ ᠪᠠᠷ ᠬᠤᠶᠢᠨ᠎ᠠ ᠬᠤᠶᠢᠨ᠎ᠠ ᠠᠴᠠ ᠪᠠᠨ ᠢᠷᠡᠵᠡᠬᠡᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠰᠠᠭᠤᠭᠠᠯᠢ ᠠᠷᠠᠳ ᠲᠤ ᠬᠤᠷᠠᠮᠳᠤᠭᠤᠯᠤᠭᠰᠠᠨ ᠬᠤᠪᠢ ᠪᠠᠷ ᠢᠶᠠᠨ ᠪᠠᠷᠠᠭ᠎ᠠ ᠰᠣᠯᠢᠬᠤ  ᠤᠷᠮᠠᠰᠢᠭᠤᠯᠤᠯ ᠤᠨ ᠲᠣᠭᠲᠠᠴᠠ ᠶᠢ ᠳᠠᠶᠢᠯᠪᠤᠷᠢᠯᠠᠵᠤ ᠦᠭᠭᠦᠨ᠂ ᠨᠢᠬᠡᠳ ᠨᠢᠬᠡ ᠪᠠᠷ ᠡᠮᠬᠢ ᠵᠢᠷᠤᠮ ᠲᠠᠢ ᠬᠠᠷᠭᠤᠭᠤᠯᠵᠤ᠂ ᠰᠠᠭᠤᠭᠠᠯᠢ ᠠᠷᠠᠳ ᠤᠨ ᠬᠦᠰᠡᠭᠰᠡᠨ ᠢᠶᠠᠷ ᠴᠠᠬᠢᠯᠭᠠᠨ ᠳᠡᠪᠦᠷ᠎ᠡ᠂ ᠤᠰᠤᠨ ᠴᠣᠮᠣ᠂ ᠴᠠᠭᠠᠰᠤ᠂ ᠬᠤᠪᠴᠠᠰᠤ ᠤᠬᠢᠶᠠᠬᠤ ᠰᠢᠩᠭᠡᠨ ᠵᠡᠷᠭᠡ ᠡᠳᠦᠷ ᠲᠤᠲᠤᠮ ᠤᠨ ᠠᠮᠢᠳᠤᠷᠠᠯ ᠤᠨ ᠭᠡᠷᠡᠭᠰᠡᠯ ᠰᠣᠯᠢᠵᠤ ᠦᠭᠭᠦᠯ᠎ᠡ᠃      ︽ᠪᠣᠯᠪᠠᠰᠤᠨ ᠪᠦᠯᠬᠦᠮᠳᠡᠯ ᠴᠢᠯᠦᠭᠡᠳᠦ ᠳᠡᠯᠭᠡᠭᠦᠷ︾ ᠨᠢ ᠬᠤᠪᠢ ᠬᠤᠷᠠᠮᠳᠤᠭᠤᠯᠵᠤ ᠱᠠᠩᠨᠠᠬᠤ ᠵᠠᠭᠪᠤᠷ ᠲᠤ ᠲᠦᠰᠢᠭᠯᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠬᠡ ᠶᠢᠨ ᠥᠷᠲᠡᠭᠡ ᠪᠠᠷ ᠠᠴᠢᠶᠠᠯᠠᠪᠤᠷᠢ ᠪᠣᠯᠭᠠᠵᠤ᠂ ᠭᠤᠤᠯᠳᠠᠭᠤ ᠰᠤᠷᠤᠯᠴᠠᠯᠭ᠎ᠠ ᠪᠤᠯᠪᠠᠰᠤᠷᠠᠯ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ᠂ ᠨᠠᠰᠤᠲᠠᠨ ᠢᠶᠠᠨ ᠬᠦᠨᠳᠦᠯᠡᠵᠦ ᠲᠥᠷᠥᠯ ᠰᠠᠳᠤᠨ ᠢᠶᠠᠨ ᠬᠠᠶᠢᠷᠠᠯᠠᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠦᠨᠡᠨᠴᠢ ᠢᠲᠡᠭᠡᠮᠵᠢᠲᠡᠶ ᠪᠠᠶᠢᠬᠤ᠂ ᠠᠮᠢ ᠠᠬᠤᠶ ᠶᠢᠨ ᠪᠣᠯᠪᠠᠰᠤᠨ ᠢ ᠬᠠᠮᠠᠭᠠᠠᠬᠤ ᠵᠡᠷᠭᠡ ᠠᠵᠢᠯ ᠤᠨ ᠲᠣᠭᠤᠷᠢᠨ ᠳᠤ᠂ ᠣᠯᠠᠨ ᠲᠦᠮᠡᠨ ᠢ ᠳᠠᠶᠢᠴᠢᠯᠠᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠬᠡ ᠶᠢᠨ ᠠᠵᠢᠯ ᠤᠨ ᠣᠯᠠᠨ ᠲᠦᠮᠡᠨ ᠳᠤ ᠦᠢᠯᠡᠴᠢᠯᠡᠬᠦ ᠬᠦᠷᠢᠶ᠎ᠡ ᠬᠡᠪᠴᠢᠶ᠎ᠡ ᠶᠢ ᠦᠷᠭᠡᠳᠬᠡᠵᠡᠢ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ︽ᠪᠣᠯᠪᠠᠰᠤᠨ ᠪᠦᠯᠬᠦᠮᠳᠡᠯ ᠴᠢᠯᠦᠬᠡᠳᠦ ᠳᠡᠯᠭᠡᠭᠦᠷ︾ ᠢ ᠦᠷᠭᠦᠯᠵᠢᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠬᠡ ᠶᠢᠨ ᠬᠦᠴᠦᠲᠡᠶ ᠭᠠᠷᠳᠠᠴᠠ ᠪᠣᠯᠭᠠᠵᠤ᠂ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠢ ᠳᠠᠶᠢᠴᠢᠯᠠᠬᠤ ᠠᠮᠢᠳᠤᠯᠢᠭ ᠬᠢᠴᠢᠶᠡᠯ ᠤᠨ ᠲᠠᠩᠬᠢᠮ ᠪᠠ ᠦᠢᠯᠡᠳᠦᠯᠬᠡ ᠶᠢᠨ ᠭᠠᠵᠠᠷ ᠪᠣᠯᠭᠠᠵᠤ᠂ ᠪᠣᠯᠪᠠᠰᠤᠨ ᠰᠤᠷᠲᠠᠯ ᠢ ᠳᠡᠯᠭᠡᠷᠡᠬᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠳᠡ ᠶᠢ ᠠᠬᠢᠭᠤᠯᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号