ᠰᠠᠩᠪᠤᠯᠠᠭ ᠰᠤᠮᠤ ︽ᠨᠠᠮ ᠤᠯᠠᠨ ᠲᠦᠮᠡᠨ ᠲᠠᠢ ᠰᠡᠳᠬᠢᠯ ᠨᠢᠭᠡᠳᠤᠨ᠂ ︿ᠤᠯᠠᠭᠠᠨ ᠪᠣᠭᠴᠣ﹀ ᠶᠢᠨ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ
ᠨᠡᠶᠢᠲᠡᠯᠡᠭᠰᠡᠨ ᠴᠠᠭ᠄
2025/1/10
     ᠰᠢᠨ᠎ᠡ ᠵᠢᠯ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠲᠦ ᠶᠢᠨ ᠦᠨᠳᠦᠰᠦᠲᠡᠨ ᠤ ᠨᠠᠰᠦᠲᠠᠨ ᠢᠶᠠᠨ ᠬᠦᠨᠳᠦᠳᠬᠡᠬᠦ᠂ ᠨᠠᠰᠦᠲᠠᠨ ᠢᠶᠠᠨ ᠬᠦᠨᠳᠦᠯᠡᠬᠦ᠂ ᠨᠠᠰᠦᠲᠠᠨ ᠢᠶᠠᠨ ᠬᠠᠶᠢᠷᠠᠯᠠᠬᠤ᠂ ᠨᠠᠰᠦᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠨ ᠰᠠᠶᠢᠬᠠᠨ ᠰᠤᠷᠲᠠᠯ ᠢ ᠪᠠᠳᠠᠷᠠᠭᠤᠯᠵᠤ᠂ ᠪᠠᠶᠠᠷ ᠬᠥᠷ ᠲᠠᠢ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠰᠠᠩᠪᠤᠯᠠᠭ ᠰᠤᠮᠤ ︽ᠨᠠᠮ ᠤᠯᠠᠨ ᠲᠦᠮᠡᠨ ᠲᠠᠢ ᠰᠡᠳᠬᠢᠯ ᠨᠢᠭᠡᠳᠤᠨ᠂ ︿ᠤᠯᠠᠭᠠᠨ ᠪᠣᠭᠴᠣ﹀ ᠶᠢᠨ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠵᠦ᠂ ᠵᠢᠷᠭᠠᠯᠠᠩᠲᠤ ᠶᠡᠷᠥᠩᠬᠡᠶᠢᠯᠡᠭᠰᠡᠨ ᠨᠠᠰᠦᠳᠠᠨ ᠢ ᠠᠰᠠᠷᠠᠬᠤ ᠬᠦᠷᠢᠶᠡᠯᠡᠩ ᠤᠨ ᠨᠠᠰᠦᠳᠠᠳ ᠲᠤ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠪᠠ ᠳᠣᠬᠤᠨᠢᠭᠤᠯᠭ᠎ᠠ ᠶᠢ ᠬᠦᠷᠭᠡᠵᠦ ᠥᠭᠪᠡ᠃      ᠬᠥᠳᠡᠯᠭᠡᠭᠡᠨ ᠤ ᠡᠮᠦᠨ᠎ᠡ ᠡᠳᠦᠷ᠂ ᠰᠤᠮᠤᠨ ᠤ ᠺᠠᠳ᠋ᠷᠴᠤᠳ ᠡᠷᠲᠡᠯᠡᠨ ᠪᠣᠰᠴᠤ᠂ ᠨᠣᠭᠤᠭ᠎ᠠ ᠴᠠᠭ᠎ᠠ ᠪᠠᠨ ᠨᠠᠷᠢᠨ ᠨᠢᠮᠪᠠᠢ ᠪᠡᠯᠡᠳᠬᠡᠨ᠂ ᠠᠵᠢᠯ ᠬᠤᠪᠢᠶᠠᠷᠢᠯᠠᠨ ᠬᠠᠷᠢᠯᠴᠠᠨ ᠬᠠᠮᠵᠢᠯᠴᠠᠵᠤ᠂ ᠥᠪᠡᠷ ᠤᠨ ᠴᠢᠳᠠᠮᠠᠭᠠᠢ ᠠᠷᠭ᠎ᠠ ᠮᠠᠶ᠋ᠢᠭ ᠢᠶᠠᠷ ᠠᠮᠲᠠᠲᠦ ᠪᠠᠩᠰᠢ ᠪᠠᠷᠢᠵᠤ᠂ ᠪᠠᠶᠠᠷᠯᠠᠨ ᠢᠨᠢᠶᠡᠯᠴᠡᠬᠦ ᠳᠠᠭᠤᠨ ᠳᠤᠮᠳᠠ ᠪᠠᠷᠢᠭᠰᠠᠨ ᠪᠠᠩᠰᠢ ᠪᠠᠨ ᠨᠢᠭᠡᠳ ᠨᠢᠭᠡ ᠪᠠᠷ ᠪᠠᠭᠯᠠᠭ᠎ᠠ ᠰᠠᠪᠠ ᠳᠣᠲᠣᠷ᠎ᠠ ᠪᠠᠨ ᠪᠣᠭᠤᠳᠠᠯᠯᠠᠨ ᠪᠠᠭᠯᠠᠵᠠᠢ᠃ ᠬᠥᠳᠡᠯᠭᠡᠭᠡᠨ ᠤ ᠭᠦᠨᠵᠡᠭᠡᠶᠢᠷᠡᠬᠦ ᠶᠢ ᠳᠠᠭᠠᠯᠳᠤᠨ᠂ ᠰᠤᠮᠤ ᠶᠢᠨ ᠠᠵᠢᠯᠲᠠᠳ ᠪᠢᠯᠬᠠᠮ᠎ᠠ ᠬᠠᠶᠢᠷ᠎ᠠ ᠰᠢᠩᠭᠡᠭᠰᠡᠨ ᠪᠠᠩᠰᠢ ᠪᠠᠨ ᠨᠠᠰᠤᠲᠠᠶᠢᠴᠤᠳ ᠤᠨ ᠭᠠᠷ  ᠲᠤ ᠬᠦᠷᠭᠡᠭᠰᠡᠨ ᠪᠥᠭᠡᠳ ᠲᠡᠳᠡᠨ ᠲᠠᠢ ᠳᠤᠲᠤᠨᠤᠰᠠᠭ ᠢᠶᠠᠷ ᠶᠠᠷᠢᠯᠴᠠᠨ᠂ ᠲᠡᠳᠡᠨ ᠤ ᠠᠮᠢᠳᠤᠷᠠᠯ ᠤᠨ ᠪᠠᠶᠢᠳᠠᠯ ᠪᠠ ᠬᠡᠷᠡᠭᠴᠡᠭᠡ ᠶᠢ ᠣᠶᠢᠯᠠᠭᠠᠪᠠ᠃      ᠨᠢᠭᠡ ᠫᠢᠯᠠ ᠪᠠᠩᠰᠢ᠂ ᠨᠢᠭᠡ ᠬᠤᠪᠢ ᠬᠠᠯᠠᠮᠵᠢ᠃ ᠰᠠᠩᠪᠤᠯᠠᠭ ᠰᠤᠮᠤ ︽ᠤᠯᠠᠭᠠᠨ ᠪᠣᠭᠴᠣ︾ ᠬᠠᠶᠢᠷ᠎ᠠ ᠬᠠᠯᠠᠮᠵᠢ ᠬᠦᠷᠭᠡᠬᠦ ᠬᠥᠳᠡᠯᠭᠡᠭᠡᠨ ᠥᠷᠨᠢᠭᠦᠯᠬᠦ ᠪᠠᠷ ᠳᠠᠮᠵᠢᠨ᠂ ᠨᠠᠰᠤᠲᠠᠳ ᠲᠤ ᠨᠠᠮ ᠵᠠᠰᠠᠭ ᠤᠨ ᠬᠠᠶᠢᠷ᠎ᠠ ᠬᠠᠯᠠᠮᠵᠢᠯᠠᠯ  ᠢ ᠦᠨᠡᠨᠬᠦ ᠮᠡᠳᠡᠷᠡᠬᠦᠯᠵᠦ᠂ ᠨᠠᠰᠤᠲᠠᠶᠢᠴᠤᠳ ᠤᠨ ᠠᠮᠢᠳᠤᠷᠠᠯ ᠳᠤ ᠥᠩᠭᠡ ᠪᠣᠳᠤᠭ ᠨᠡᠮᠡᠷᠢᠯᠡᠵᠡᠢ᠃ ᠳᠠᠷᠠᠭᠠᠴᠢ ᠶᠢᠨ ᠠᠯᠬᠤᠮ ᠳᠤ᠂ ᠰᠠᠩᠪᠦᠯᠠᠭ ᠰᠤᠮᠤ ︽ᠤᠯᠠᠭᠠᠨ ᠪᠣᠭᠴᠣ︾ ︽ᠨᠢᠭᠡ ᠱᠤᠭᠤᠮ ᠳᠥᠷᠪᠡᠨ ᠪᠣᠭᠴᠣ︾ ᠤᠶᠢᠯᠡᠴᠢᠯᠡᠭᠡᠨ ᠤ ᠵᠠᠭᠪᠤᠷ ᠢᠶᠠᠷ ᠳᠦᠰᠢᠭ ᠪᠣᠯᠭᠠᠵᠤ᠂ ︽ᠬᠡᠷᠡᠭᠰᠡᠯ ᠤᠨ ᠪᠣᠭᠴᠣ︾ ᠶᠢᠨ ᠤᠶᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠵᠤᠶᠢᠯ ᠤᠨ ᠬᠡᠯᠪᠡᠷᠢ ᠪᠠᠷ ᠠᠷᠠᠳ ᠲᠤ ᠦᠢᠯᠡᠴᠢᠯᠡᠬᠦ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠳᠤ ᠬᠦᠷᠲᠡᠭᠡᠬᠦ ᠬᠠᠶᠢᠷ᠎ᠠ ᠬᠠᠯᠠᠮᠵᠢ ᠶᠢ ᠦᠨᠡᠨ ᠬᠦ ᠪᠣᠳᠠᠲᠠᠢ ᠭᠠᠵᠠᠷ ᠲᠤ ᠨᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠣᠯ ᠵᠢᠷᠭᠠᠯᠲᠦ ᠠᠮᠢᠳᠤᠷᠠᠯ ᠢ ᠳᠠᠰᠤᠷᠠᠯᠲᠠ ᠦᠭᠡᠢ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号