ᠮᠠᠯᠴᠢᠳ ᠤᠨ ᠴᠠᠭᠠᠨ ᠰᠠᠷ᠎ᠠ ᠶᠢᠨ ᠪᠠᠷᠠᠭ᠎ᠠ ᠳᠠᠸᠠᠷ ᠤᠨ ᠴᠤᠭᠯᠠᠭᠠᠨ ᠬᠦᠭᠵᠢᠶᠡᠨᠳᠡᠢ ᠶᠠᠪᠤᠭᠳᠠᠯ᠎ᠠ
ᠨᠡᠶᠢᠲᠡᠯᠡᠭᠰᠡᠨ ᠴᠠᠭ᠄
2025/1/13
     ᠴᠠᠭᠠᠨ ᠰᠠᠷ᠎ᠠ ᠤᠶᠢᠷᠠᠳᠬᠤ ᠶᠢ ᠳᠠᠭᠠᠯᠳᠤᠨ᠂ ᠰᠠᠶᠢᠬᠠᠠᠠᠦ᠋ᠯᠵᠡᠢ ᠰᠤᠮᠤᠨ ᠤ ᠠᠩᠬᠠᠳᠤᠭᠠᠷ ᠬᠤᠭᠤᠴᠠᠭᠠᠨ ᠤ ᠮᠠᠯᠴᠢᠳ ᠤᠨ ᠴᠠᠭᠠᠨ ᠰᠠᠷ᠎ᠠ ᠶᠢᠨ ᠪᠠᠷᠠᠭ᠎ᠠ ᠳᠠᠸᠠᠷ ᠤᠨ ᠴᠤᠭᠯᠠᠭᠠᠨ ᠬᠦᠭᠵᠢᠶᠡᠨᠳᠡᠢ ᠶᠠᠪᠤᠭᠳᠠᠵᠤ᠂ ᠮᠠᠯᠴᠢᠳ ᠤᠨ ᠦᠪᠡᠷᠳᠡᠭᠡᠨ ᠬᠢᠭᠰᠡᠨ ᠴᠡᠪᠡᠷ ᠪᠠᠶᠢᠭᠠᠯᠢᠯᠢᠭ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠯ ᠭᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠵᠠᠢ᠃      ᠪᠠᠷᠠᠭ᠎ᠠ ᠳᠠᠸᠠᠷ ᠤᠨ ᠴᠤᠭᠯᠠᠭᠠᠨ ᠤ ᠠᠬᠤᠢ ᠳᠠᠯᠠᠪᠠᠢ ᠳᠤ ᠳᠠᠪᠠᠭ ᠢᠳᠡᠭᠡ᠂ ᠦᠷᠦᠮ᠎ᠡ᠂ ᠬᠤᠷᠤᠳ᠂ ᠪᠢᠰᠢᠯᠠᠭ᠂ ᠰᠢᠷ᠎ᠠ ᠴᠠᠭᠠᠨ ᠳᠤᠰᠤ ᠵᠡᠷᠭᠡ ᠡᠯ᠎ᠡ ᠲᠦᠷᠦᠯ ᠤᠨ ᠴᠡᠪᠡᠷ ᠪᠠᠶᠢᠭᠠᠯᠢᠯᠢᠭ ᠤᠯᠠᠮᠵᠢᠯᠠᠯᠳᠤ ᠴᠠᠭᠠᠨ ᠢᠳᠡᠭᠡᠨ ᠪᠠ ᠤᠳᠤ ᠮᠠᠶ᠋ᠢᠭ ᠤᠨ ᠰᠦ ᠰᠠᠭᠠᠯᠢ ᠶᠢᠨ ᠪᠦᠲᠦᠭᠡᠭᠳᠡᠬᠦᠨ᠂ ᠰᠦᠨᠢᠳ ᠬᠤᠨᠢᠨ ᠮᠢᠬ᠎ᠠ᠂ ᠬᠠᠳᠠᠭᠠᠭᠰᠠᠨ ᠪᠤᠷᠴᠠ᠂ ᠰᠠᠭᠠᠯᠢ ᠶᠢᠨ ᠠᠷᠢᠬᠢ᠂ ᠮᠠᠯᠴᠢᠨ ᠪᠦᠰᠡᠭᠦᠶᠢᠴᠦᠳ ᠤᠨ ᠦᠪᠡᠷᠳᠡᠭᠡᠨ ᠬᠢᠭᠰᠡᠨ ᠡᠯ᠎ᠡ ᠲᠦᠷᠦᠯ ᠤᠨ ᠰᠢᠷ᠎ᠠ ᠳᠤᠰᠤᠨ  ᠤ ᠪᠤᠭᠤᠷᠰᠤᠭ ᠠᠴᠠ ᠭᠠᠳᠠᠨ᠎ᠠ ᠬᠦᠮᠡᠯᠢ ᠲᠠᠢ ᠪᠤᠤᠽᠢ᠂ ᠡᠭᠡᠳᠡᠮ ᠲᠠᠢ ᠪᠤᠤᠽᠢ᠂ ᠳᠠᠪᠤᠰᠤᠯᠠᠭᠰᠠᠨ ᠬᠦᠮᠡᠯᠢ᠂ ᠦᠬᠡᠷ  ᠤᠨ ᠮᠢᠬᠠᠨ ᠵᠢᠶᠠᠩ ᠵᠡᠷᠭᠡ ᠤᠨᠴᠠᠯᠢᠭᠳᠤ ᠢᠳᠡᠭᠡᠨ ᠤ ᠵᠦᠢᠯ ᠳᠡᠯᠭᠡᠭᠳᠡᠵᠦ᠂ ᠡᠯᠳᠡᠪ ᠵᠦᠢᠯ ᠤᠨ ᠰᠠᠪᠠᠯᠠᠭ᠎ᠠ ᠲᠠᠢ ᠰᠠᠷ᠎ᠠ ᠰᠢᠨ᠎ᠡ ᠶᠢᠨ ᠪᠠᠷᠠᠭ᠎ᠠ ᠭᠡᠷᠡᠭᠯᠡᠭᠴᠢᠳ ᠤᠨ ᠠᠩᠬᠠᠷᠤᠯ ᠢ ᠳᠠᠳᠠᠨ᠎ᠠ᠃      ᠡᠬᠦᠨ ᠠᠴᠠ ᠭᠠᠳᠠᠨ᠎ᠠ ᠪᠠᠰᠠ ᠠᠯᠴᠢᠭᠤᠷ᠂ ᠳ᠋ᠠᠯᠢᠩ᠂ ᠲᠦᠷᠡᠶᠢᠪᠴᠢ ᠵᠡᠷᠭᠡ ᠬᠠᠳᠬᠤᠮᠠᠯ ᠤᠷᠠᠯᠠᠯ᠂ ᠮᠤᠩᠭᠤᠯ ᠬᠡᠦᠬᠡᠯᠳᠡᠢ᠂ ᠳᠡᠪᠡᠯ ᠳᠡᠷᠯᠢᠭ ᠦᠩᠭᠡ ᠢᠯᠭᠠᠷᠠᠨ ᠳᠡᠯᠭᠡᠭᠳᠡᠵᠦ᠂ ᠮᠠᠯᠴᠢᠨ ᠠᠷᠠᠳ ᠤᠨ ᠤᠷ᠎ᠠ ᠤᠬᠠᠭᠠᠨ ᠢ ᠭᠠᠶᠢᠬᠠᠭᠤᠯᠤᠨ᠎ᠠ᠃ ᠰᠠᠶᠢᠬᠠᠠᠠᠦ᠋ᠯᠵᠡᠢ ᠰᠤᠮᠤᠨ ᠤ ᠳᠤᠷᠤᠮ ᠭᠠᠴᠠᠭᠠᠨ ᠤ ᠮᠠᠯᠴᠢᠨ ᠤᠶᠤᠠᠭᠤᠸ᠎ᠠ 2019 ᠣᠨ ᠳᠤ ︽ᠨᠡᠷᠡᠳᠡᠢ︾ ᠴᠠᠭᠠᠨ ᠢᠳᠡᠭᠡᠨ ᠤ ᠲᠠᠸᠠᠷ ᠤᠨ ᠲᠡᠮᠳᠡᠭ ᠢ ᠳᠠᠩᠰᠠᠯᠠᠭᠤᠯᠵᠠᠢ᠃ ᠥᠨᠥᠳᠦᠷ ᠲᠡᠷᠡ ᠤᠷᠤᠯᠭ᠎ᠠ ᠪᠠᠨ ᠨᠡᠮᠡᠭᠳᠡᠬᠦᠯᠬᠦ ᠪᠠ ᠤᠯᠠᠮ ᠠᠷᠪᠢᠨ ᠭᠡᠷᠡᠭᠯᠡᠭᠴᠢ ᠲᠠᠢ ᠪᠤᠯᠬᠤ ᠵᠤᠷᠢᠯᠭ᠎ᠠ ᠪᠠᠷ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠳᠤ ᠢᠳᠡᠪᠬᠢᠯᠡᠨ ᠤᠷᠤᠯᠴᠠᠭᠰᠠᠨ ᠪᠠᠶᠢᠨ᠎ᠠ᠃      ᠠᠵᠢᠯᠯᠠᠭ᠎ᠠ ᠳᠤ ᠨᠡᠶᠢᠲᠡ 50 ᠭᠠᠷᠤᠶ ᠳᠡᠯᠭᠡᠨ ᠪᠤᠷᠤᠯᠠᠭᠤᠯᠬᠤ ᠪᠠᠶᠢᠷᠢ ᠭᠠᠷᠭᠠᠵᠤ᠂ ᠵᠠᠭᠤ ᠭᠠᠷᠤᠶ ᠮᠠᠯᠴᠢᠳ ᠢᠳᠡᠪᠬᠢᠯᠡᠨ ᠤᠷᠤᠯᠴᠠᠵᠤ᠂ ᠮᠠᠯ ᠤᠨ ᠠᠰᠢᠭ ᠰᠢᠮ᠎ᠡ᠂ ᠤᠷᠤᠨ ᠨᠤᠳᠤᠭ ᠤᠨ ᠤᠨᠴᠠᠯᠢᠭᠳᠤ ᠭᠠᠷᠤᠯᠳᠠ ᠪᠦᠲᠦᠭᠡᠭᠳᠡᠬᠦᠨ᠂ ᠦᠨᠳᠦᠰᠦᠳᠡᠨ ᠤ ᠬᠤᠪᠴᠠᠰᠤ ᠵᠠᠰᠠᠯ᠂ ᠬᠠᠳᠬᠤᠮᠠᠯ ᠤᠷᠠᠯᠠᠯ᠂ ᠫᠢᠯᠠ ᠳᠠᠪᠠᠭ᠂ ᠬᠡᠬᠡᠨᠴᠢᠷ ᠭᠠᠩᠭᠠᠩ ᠵᠠᠰᠠᠯ ᠤᠨ ᠵᠦᠢᠯᠡᠰ ᠢᠶᠠᠨ ᠳᠡᠯᠭᠡᠨ ᠪᠤᠷᠤᠯᠠᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠰᠠᠶᠢᠬᠠᠠᠠᠦ᠋ᠯᠵᠡᠢ ᠰᠤᠮᠤ ︽ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠢᠯ ᠲᠥᠷᠥᠯ ᠢᠶᠠᠷ ᠢᠶᠠᠨ ᠠᠰᠢᠭ ᠭᠥᠷᠳᠡᠵᠦ᠂ ᠣᠯᠠᠨ ᠲᠦᠮᠡᠨ ᠳᠤ ᠠᠰᠢᠭ ᠬᠦᠷᠲᠡᠭᠡᠬᠦ︾ ᠠᠵᠢᠯ ᠤᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠤᠨᠴᠠᠯᠢᠭ᠍ᠳᠦ ᠭᠠᠷ ᠤᠷᠠᠯᠠᠯ ᠤᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠦᠪ ᠤᠨ ᠰᠢᠯᠢᠳᠡᠭ ᠪᠦᠲᠦᠭᠡᠭᠳᠡᠬᠦᠨ ᠢ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠰᠠᠶᠢᠬᠠᠠᠠᠦ᠋ᠯᠵᠡᠢ ᠰᠤᠮᠤᠨ ᠤ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠦᠷᠭᠦᠯᠵᠢᠯᠡᠨ ᠬᠦᠴᠦᠨ ᠨᠡᠮᠡᠷᠢᠯᠡᠵᠦ ᠪᠠᠶᠢᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号