ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠮᠠᠨ ᠤ ᠬᠤᠰᠢᠭᠤᠨ ᠤ ᠦᠨᠳᠦᠰᠦᠲᠡᠨ ᠨᠦᠭᠦᠳ  ᠤᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2025/1/15
     ︽ᠬᠤᠶᠠᠷ ᠬᠤᠷᠠᠯ︾ ᠪᠣᠯ ᠠᠵᠤ ᠠᠬᠤᠢ ᠶᠢᠨ ᠬᠥᠭᠵᠢᠯᠲᠡ ᠶᠢᠨ ᠵᠦᠭᠯᠡᠭᠦᠷ ᠪᠣᠯᠬᠤ ᠮᠦᠷᠳᠡᠭᠡᠨ ᠨᠡᠩ ᠴᠦ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠠᠬᠢᠭᠤᠯᠤᠭᠴᠢ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠬᠤᠷᠠᠯᠳᠤᠬᠤ ᠶᠢ ᠳᠠᠭᠠᠯᠳᠤᠨ᠂ ᠮᠠᠨ ᠤ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠨᠡᠩ ᠤᠯᠠᠨ ᠬᠦᠰᠡᠯ ᠡᠷᠡᠮᠡᠯᠵᠡᠯ ᠲᠠᠢ ᠪᠣᠯᠵᠤ᠂ ᠲᠡᠳᠡ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ᠂ ᠴᠤ᠋ ᠰᠢᠨ᠎ᠡ ᠲᠡᠮᠡᠴᠡᠯ ᠤᠨ ᠵᠤᠷᠢᠭ ᠰᠠᠨᠠᠭ᠎ᠠ ᠪᠠᠷ ᠠᠮᠵᠢᠯᠲᠠ ᠪᠠᠨ ᠶᠠᠷᠢᠵᠤ᠂ ᠬᠥᠭᠵᠢᠯᠲᠡ ᠶᠢ ᠶᠠᠷᠢᠵᠤ᠂ ᠢᠷᠡᠭᠡᠳᠦᠢ ᠶᠢ ᠶᠠᠷᠢᠵᠤ᠂ ᠭᠠᠵᠠᠷ ᠪᠣᠯᠭᠠᠨ ᠳᠤ ᠦᠪᠡᠳᠡᠭᠰᠢ ᠴᠤᠭᠯᠠᠭᠠᠨ ᠢ ᠪᠠᠶᠠᠷᠯᠠᠨ ᠤᠭᠲᠤᠬᠤ ᠭᠦᠨ ᠵᠤᠵᠠᠭᠠᠨ ᠠᠭᠤᠷ ᠠᠮᠢᠰᠬᠤᠯ ᠢᠶᠠᠷ ᠪᠢᠯᠬᠠᠵᠤ ᠪᠠᠶᠢᠪᠠ᠃      ᠥᠩᠭᠡᠷᠡᠭᠰᠡᠨ ᠨᠢᠭᠡ ᠵᠢᠯ ᠳᠤ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠯᠬᠤᠭ᠎ᠠ ᠯᠠᠪᠳᠠᠭᠤᠨ ᠪᠠᠲᠤᠲᠠᠢ ᠪᠠᠶᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠤᠯᠠᠮ ᠠᠴᠠ ᠤᠯᠠᠮ ᠬᠥᠭᠵᠢᠶᠡᠨ ᠲᠠᠢ ᠪᠣᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠷᠠᠯᠳᠤᠬᠤ ᠶᠢ ᠳᠠᠭᠠᠯᠳᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠣᠶᠣᠯ᠂ ᠨᠠᠰᠤᠵᠢᠯ ᠤᠨ ᠠᠰᠠᠷᠠᠮᠵᠢ᠂ ᠰᠠᠭᠤᠷᠢ ᠲᠥᠬᠦᠭᠡᠷᠦᠮᠵᠢ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠴᠤ ᠰᠢᠨ᠎ᠡ ᠬᠦᠰᠡᠯ ᠡᠷᠡᠮᠡᠯᠵᠡᠯ ᠲᠠᠢ ᠪᠤᠯᠤᠭᠰᠠᠨ ᠪᠠᠶᠢᠨ᠎ᠠ᠃      ᠣᠯᠠᠨ ᠨᠡᠶᠢᠲᠡ ᠶᠢᠨ ᠰᠣᠶᠣᠯ ᠰᠡᠯᠡᠭᠦᠴᠡᠯ ᠤᠨ ᠲᠠᠯᠠᠪᠤᠷ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠂ ᠵᠢᠱᠢᠶᠡᠯᠡᠪᠡᠯ ᠬᠡᠶᠢᠲᠦ ᠠᠯᠠᠭᠠᠳᠠᠬᠤ ᠪᠥᠮᠪᠦᠭᠡ ᠲᠤᠭᠯᠠᠬᠤ ᠭᠠᠵᠠᠷ᠂ ᠥᠳᠥᠨ ᠪᠥᠮᠪᠦᠭᠡ ᠲᠤᠭᠯᠠᠬᠤ ᠭᠠᠵᠠᠷ ᠵᠡᠷᠭᠡ᠃      ᠦᠨᠳᠦᠰᠦᠨ ᠱᠠᠲᠤᠨ ᠤ ᠺᠠᠳ᠋ᠷ ᠤᠭᠳᠤᠮᠠᠯ᠄ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠨᠡᠩ ᠣᠯᠠᠨ ᠲᠥᠷᠥ ᠶᠢᠨ ᠪᠣᠳᠣᠯᠭ᠎ᠠ ᠶᠢᠨ ︽ᠠᠰᠢᠭ ᠲᠤᠰᠠ︾ ᠶᠢ ᠪᠠᠳᠠᠷᠠᠭᠤᠯᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠨᠥᠬᠦᠪᠥᠷᠢ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ᠃      ᠣᠶᠢᠷ᠎ᠠ ᠶᠢᠨ ᠵᠢᠯ ᠳᠤ᠂ ᠬᠤᠰᠢᠭᠤ ᠤᠯᠠᠭᠠᠨᠮᠥ᠋ᠴᠢᠷ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠲᠣᠭᠯᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ᠂ ᠤᠯᠠᠮᠵᠢᠯᠠᠨ ᠵᠠᠯᠭᠠᠮᠵᠢᠯᠠᠬᠤ᠂ ᠭᠠᠳᠠᠭᠠᠳᠤ ᠰᠣᠯᠢᠯᠴᠠᠭ᠎ᠠ ᠪᠠᠷ ᠥᠪᠡᠷ ᠤᠨ ᠡᠭᠦᠷᠭᠡ ᠪᠠᠨ ᠪᠣᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠦᠢᠯᠡᠴᠢᠯᠡᠪᠡ᠃ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠭᠰᠠᠨ ᠤ ᠬᠤᠪᠢ ᠳᠤ᠂ ᠲᠡᠳᠡ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠤᠶᠢᠯᠠᠭᠠᠵᠦ᠂ ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠬᠦᠨᠳᠦᠳᠬᠡᠵᠦ᠂ ᠠᠷᠠᠳ ᠲᠦᠮᠡᠨ ᠤ ᠣᠶᠤᠨ ᠤᠬᠠᠭᠠᠨ ᠢ ᠲᠥᠪᠯᠡᠷᠡᠭᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠢᠮᠠᠭᠲᠠ ᠪᠠᠲᠤ ᠴᠡᠭᠡᠵᠢᠯᠡᠵᠦ᠂ ᠨᠢᠭᠡ ᠪᠦᠯᠦᠭ ᠰᠢᠯᠢᠳᠡᠭ ᠪᠦᠲᠦᠭᠡᠯ ᠵᠤᠬᠢᠶᠠᠨ ᠪᠦᠲᠦᠭᠡᠪᠡ᠃ ᠲᠡᠳᠡ ᠲᠣᠭᠯᠠᠬᠤ ᠶᠢᠨ ᠳᠠᠭᠠᠤ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠨᠠᠮ ᠪᠠ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠮᠠᠭᠲᠠᠨ ᠳᠠᠭᠤᠯᠠᠪᠠ᠃      ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ ᠵᠠᠨ᠎ᠠ᠄ ᠤᠯᠠᠭᠠᠨᠮᠥ᠋ᠴᠢᠷ ᠨᠢ ᠦᠨᠳᠦᠰᠦᠨ ᠱᠠᠲᠤᠨ ᠤ ᠡᠮᠤᠨ᠎ᠡ ᠹᠷᠣᠨᠲ ᠤᠨ ᠤᠳᠬ᠎ᠠ ᠤᠷᠠᠯᠢᠭ ᠤᠨ ᠡᠩᠨᠡᠭᠡ ᠪᠣᠯᠤᠭᠰᠠᠨ ᠤ ᠬᠤᠪᠢ ᠳᠤ᠂ ᠪᠢᠳᠡ ᠦᠨᠦ ᠵᠢᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠳᠤ ᠳᠤᠷᠠᠳᠬᠤ ᠪᠠ ᠤᠳᠠᠯ ᠦᠭᠡᠢ ᠶᠠᠷᠢᠯᠴᠠᠬᠤ ᠭᠡᠵᠦ ᠪᠠᠶᠢᠭ᠎ᠠ ᠬᠠᠯᠠᠮᠰᠢᠯ ᠠᠰᠠᠭᠤᠳᠠᠯ᠂ ᠠᠷᠠᠳ ᠤᠨ ᠠᠮᠢᠳᠤᠷᠠᠯ ᠳᠤ ᠠᠩᠬᠠᠷᠤᠯ ᠲᠠᠯᠪᠢᠵᠤ᠂ ᠢᠯᠠᠩᠭᠤᠶ᠎ᠠ ᠤᠳᠬ᠎ᠠ ᠤᠷᠠᠯᠢᠭ᠂ ᠰᠣᠶᠣᠯ ᠤᠨ ᠲᠠᠯ᠎ᠠ ᠪᠠᠷ ᠬᠢ ᠵᠠᠷᠢᠮ ᠬᠠᠯᠠᠮᠰᠢᠯ ᠴᠡᠭ ᠢ ᠪᠢᠳᠡ ᠴᠠᠭ ᠢᠮᠠᠭᠳᠠ ᠠᠩᠬᠠᠷᠴᠤ ᠪᠠᠶᠢᠨ᠎ᠠ᠃ ᠡᠶᠢᠮᠦᠷᠬᠦ ᠪᠠᠶᠢᠳᠠᠯ ᠳᠤ᠂ ᠪᠢᠳᠠ 2025 ᠣᠨ ᠤ ᠦᠷᠨᠢᠬᠦᠯᠬᠦ ᠭᠡᠵᠦ ᠪᠠᠶᠢᠭ᠎ᠠ ᠠᠵᠢᠯ ᠢᠶᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠵᠢᠴᠢ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠬᠠᠯᠠᠮᠰᠢᠯ ᠴᠡᠭ᠂ ᠣᠨᠣᠯ ᠲᠠᠢ ᠤᠶᠠᠯᠳᠤᠭᠤᠯᠤᠨ ᠵᠣᠬᠢᠶᠠᠨ ᠪᠦᠲᠦᠭᠡᠨ ᠲᠣᠭᠯᠠᠯᠲᠠ ᠭᠠᠷᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭᠲᠦ ᠶᠢ ᠪᠣᠢ ᠪᠣᠯᠭᠠᠬᠤ ᠳᠤ ᠬᠦᠴᠦᠨ ᠨᠡᠮᠡᠷᠢᠯᠡᠵᠦ᠂ ᠮᠠᠨ ᠤ ᠡᠮᠦᠨ᠎ᠡ ᠹᠷᠣᠨᠲ ᠤᠨ ᠤᠳᠬ᠎ᠠ ᠤᠷᠠᠯᠢᠭ ᠤᠨ ᠠᠵᠢᠯᠲᠠᠨ ᠪᠣᠯᠤᠨ ᠤᠯᠠᠭᠠᠨᠮᠥ᠋ᠴᠢᠷ ᠤᠨ ᠬᠦᠴᠦᠨ ᠴᠢᠳᠠᠯ  ᠢᠶᠠᠨ ᠡᠷᠭᠦᠬᠦ ᠪᠤᠯᠤᠨ᠎ᠠ᠃      ᠮᠠᠨ ᠤ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠢ ᠰᠠᠶᠢᠳᠤᠷ ᠠᠩᠬᠠᠷᠴᠤ᠂ ᠲᠤᠰ ᠤᠳᠠᠭᠠᠨ ᠤ ︽ᠬᠤᠶᠠᠷ ᠬᠤᠷᠠᠯ︾ ᠨᠢ ᠥᠪᠥᠷ ᠮᠣᠩᠭᠤᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ ᠣᠯᠠᠨ ᠪᠤᠶᠠᠨ ᠦᠢᠯᠡᠳᠬᠦ ᠶᠢ ᠪᠠᠲᠤ ᠢᠲᠡᠭᠡᠵᠦ ᠪᠠᠶᠢᠨ᠎ᠠ᠃ ᠣᠯᠠᠨ ᠢᠶᠠᠷ ᠢᠶᠠᠨ ᠬᠤᠶᠠᠷ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠠᠵᠢᠯ ᠤᠨ ᠪᠠᠶᠢᠷᠢ ᠳᠡᠭᠡᠷ᠎ᠡ ᠪᠠᠨ ᠡᠷᠡᠮᠡᠬᠡᠶᠢᠯᠡᠨ ᠲᠡᠮᠡᠴᠡᠵᠦ᠂ ᠰᠥᠨᠢᠳ ᠪᠠᠷᠠᠭᠤᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号