2025 ᠤᠨ ᠤ ᠰᠢᠨ᠎ᠡ ᠵᠢᠯ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠥᠨᠢᠳ ᠪᠠᠷᠠᠭᠤᠨ | ᠬᠤᠰᠢᠭᠤ᠂ ᠰᠥᠨᠢᠳ ᠵᠡᠭᠦᠨ ᠬᠤᠰᠢᠭᠤ᠂ ᠡᠷᠢᠶᠡᠨ ᠬᠤᠲᠠ ︽ᠬᠤᠶᠠᠷ ᠬᠤᠰᠢᠭᠤ ᠨᠢᠭᠡ ᠬᠤᠲᠠ︾ ᠶᠢᠨ ᠭᠤᠷᠪᠠᠨ | ᠭᠠᠵᠠᠷ ᠤᠨ ᠪᠠᠷᠠᠭᠤᠨ ᠣᠷᠣᠨ ᠤ ᠲᠥᠯᠥᠪᠯᠡᠭᠡ ᠳᠤ ᠰᠠᠶᠢᠨ ᠲᠤᠷ᠎ᠠ ᠠᠴᠠ ᠪᠠᠨ ᠤᠶᠢᠯᠡᠴᠢᠯᠡᠬᠦ ᠤᠶᠤᠳᠠᠨ ᠰᠠᠶᠢᠨ | ᠲᠤᠷᠠᠴᠤᠳ ᠤᠨ ᠰᠢᠨ᠎ᠡ ᠤᠨ ᠢᠶᠠᠨ ᠤᠭᠳᠤᠬᠤ ᠦᠳᠡᠰᠢᠯᠡᠭᠡ ᠮᠠᠨ ᠤ ᠬᠤᠰᠢᠭᠤᠨ ᠳᠤ ᠠᠮᠵᠢᠯᠲᠠ ᠲᠠᠢ | ᠶᠠᠪᠤᠭᠳᠠᠪᠠ᠃ | ᠦᠳᠡᠰᠢᠯᠡᠭᠡ ᠶᠢᠨ ᠠᠬᠤᠢ ᠲᠠᠯᠠᠪᠠᠢ ᠳᠤ᠂ ᠭᠤᠷᠪᠠᠨ ᠭᠠᠵᠠᠷ ᠤᠨ ᠪᠠᠷᠠᠭᠤᠨ ᠣᠷᠣᠨ ᠤ ᠲᠥᠯᠥᠪᠯᠡᠭᠡ ᠳᠤ | ᠰᠠᠶᠢᠨ ᠲᠤᠷ᠎ᠠ ᠠᠴᠠ ᠪᠠᠨ ᠤᠶᠢᠯᠡᠴᠢᠯᠡᠬᠦ ᠵᠠᠭᠤ ᠭᠠᠷᠤᠢ ᠰᠠᠶᠢᠨ ᠲᠤᠷᠠᠴᠤᠳ ᠢᠨᠢᠶᠡᠲᠦ ᠬᠦᠷ ᠲᠠᠢ ᠬᠦᠭᠵᠢᠯᠳᠦᠨ | ᠪᠠᠶᠠᠰᠤᠯᠳᠤᠵᠦ᠂ ᠲᠡᠳᠡᠨ ᠤ ᠤᠷᠠᠨ ᠰᠡᠳᠬᠢᠬᠦᠢ ᠪᠠᠷ ᠨᠠᠶᠢᠷᠠᠭᠤᠯᠤᠨ ᠵᠤᠬᠢᠶᠠᠭᠰᠠᠨ ᠲᠣᠭᠯᠠᠯᠲᠠ ᠨᠢ ᠬᠦᠷᠦᠯᠴᠡᠨ | ᠢᠷᠡᠭᠰᠡᠨ ᠤᠯᠠᠨ ᠤ ᠪᠠᠶᠠᠷ ᠪᠠᠶᠠᠰᠤᠯ ᠢ ᠬᠦᠭᠵᠢᠭᠡᠨ᠂ ᠭᠤᠶᠢᠳᠠ ᠰᠠᠶᠢᠬᠠᠨ ᠪᠠᠶᠢᠯ᠎ᠠ᠃ ᠡᠯ᠎ᠡ ᠭᠠᠵᠠᠷ ᠤᠨ ᠰᠠᠶᠢᠨ | ᠳᠤᠷᠠᠴᠤᠳ ᠤᠨ ᠲᠥᠯᠥᠭᠡᠯᠡᠭᠴᠢ ᠪᠠᠰᠠ ᠲᠠᠶᠢᠰᠠᠨ ᠳᠤ ᠭᠠᠷᠴᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠦᠯᠢᠭᠡᠷ ᠢᠶᠠᠨ ᠬᠤᠪᠢᠶᠠᠯᠴᠠᠵᠤ᠂ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠪᠠ | ᠬᠠᠮᠲᠤ ᠶᠢᠨ ᠤᠤᠬᠠᠶᠢᠯᠠᠯ ᠢ ᠤᠯᠵᠦ ᠪᠠᠶᠢᠪᠠ᠃ ᠪᠦᠬᠦ᠋ᠢᠯᠡ ᠦᠳᠡᠰᠢᠯᠡᠭᠡ ᠶᠢᠨ ᠠᠬᠤᠢ ᠲᠠᠯᠠᠪᠠᠢ ᠶᠢᠨ ᠠᠭᠤᠷ | ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠭᠤᠷᠪᠠᠨ ᠭᠠᠵᠠᠷ ᠤᠨ ᠵᠠᠯᠠᠭᠤ ᠰᠠᠶᠢᠨ ᠳᠤᠷᠠᠴᠤᠳ ᠤᠨ ᠴᠤᠭ | ᠰᠦᠯᠳᠡ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | ᠣᠶᠢᠯᠠᠭᠠᠭᠰᠠᠨ ᠢᠶᠠᠷ᠂ ︽ᠬᠤᠶᠠᠷ ᠬᠤᠰᠢᠭᠤ ᠨᠢᠭᠡ ᠬᠤᠲᠠ︾ ᠭᠤᠷᠪᠠᠨ ᠭᠠᠵᠠᠷ ᠤᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠭᠤᠷᠪᠠᠨ ᠭᠠᠵᠠᠷ ᠤᠨ ᠡᠪᠯᠡᠯ ᠤᠨ ᠡᠭᠦᠷ | ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠠᠭᠤᠰᠤᠯᠴᠠᠵᠤ᠂ ︽ᠬᠠᠷᠢᠯᠴᠠᠨ ᠳᠡᠮᠵᠢᠬᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠬᠦᠷᠲᠡᠬᠦ᠂ ᠬᠠᠮᠲᠤ ᠪᠠᠷ ᠬᠥᠭᠵᠢᠬᠦ︾ | ᠵᠠᠷᠴᠢᠮ ᠢ ᠪᠠᠷᠢᠮᠲᠠᠯᠠᠵᠤ᠂ ᠬᠢᠯᠢ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠴᠢᠨᠠᠷᠯᠢᠭ ᠠᠬᠢᠭᠤᠯᠬᠤ | ᠲᠣᠭᠤᠷᠢᠨ ᠳᠤ ᠰᠣᠯᠢᠯᠴᠠᠭ᠎ᠠ ᠬᠠᠮᠲᠤᠷᠠᠯᠴᠠᠭᠠᠨ ᠤ ᠲᠣᠭᠲᠠᠴᠠ ᠪᠠ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ | ᠲᠤᠰ ᠲᠤᠰ ᠤᠨ ᠵᠣᠬᠢᠶᠠᠨ ᠪᠠᠶᠢᠭᠤᠯᠤᠯᠲᠠ᠂ ᠰᠠᠭᠤᠷᠢᠨ ᠭᠠᠵᠠᠷ᠂ ᠡᠬᠢ ᠪᠠᠶᠠᠯᠢᠭ ᠤᠨ ᠳᠠᠪᠠᠭᠤᠯᠢᠭ ᠢᠶᠠᠨ | ᠪᠠᠳᠠᠷᠠᠭᠤᠯᠵᠤ᠂ ︽ᠤᠯᠤᠰ ᠤᠨ ᠬᠢᠯᠢ ᠬᠢᠵᠠᠭᠠᠷ ᠢ ᠬᠠᠮᠠᠭᠠᠯᠠᠬᠤ︾ ᠠᠯᠢ ᠣᠯᠠᠨ ᠵᠠᠯᠠᠭᠤᠴᠤᠳ ᠪᠠᠭᠠᠴᠤᠳ ᠤᠨ | ᠬᠥᠮᠦᠵᠢᠯ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ | ᠦᠢᠯᠡᠳᠦᠯᠭᠡ ᠵᠡᠷᠭᠡ ᠲᠠᠯ᠎ᠠ ᠪᠠᠷ ᠴᠤ ᠬᠤᠯᠪᠣᠭᠠᠯᠠᠨ ᠬᠠᠮᠵᠢᠯᠴᠠᠬᠤ ᠶᠢ ᠪᠡᠶᠡᠯᠡᠬᠦᠯᠦᠭᠰᠡᠨ ᠪᠠᠶᠢᠨ᠎ᠠ᠃ | ᠥᠨᠦ ᠵᠢᠯ᠂ ᠭᠤᠷᠪᠠᠨ ᠭᠠᠵᠠᠷ ᠤᠨ ᠡᠪᠯᠡᠯ ᠤᠨ ᠬᠤᠷᠢᠶ᠎ᠠ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠢᠶᠠᠷ ᠭᠠᠷᠳᠠᠴᠠ ᠪᠤᠯᠭᠠᠵᠦ᠂ ᠬᠠᠮᠲᠤ ᠪᠠᠷ ᠪᠠᠶᠢᠭᠤᠯᠬᠤ ᠬᠡᠯᠪᠡᠷᠢ ᠶᠢ | ᠭᠦᠨᠵᠡᠭᠡᠶᠢᠷᠡᠬᠦᠯᠦᠨ᠂ ᠬᠠᠮᠲᠤ ᠪᠠᠷ ᠪᠠᠶᠢᠭᠤᠯᠬᠤ ᠬᠡᠯᠡᠯᠴᠡᠭᠡᠷ ᠢ ᠲᠤᠭᠳᠠᠵᠦ᠂ ᠵᠣᠬᠢᠶᠠᠨ ᠪᠠᠶᠢᠭᠤᠯᠤᠯᠲᠠ ᠶᠢ | ᠬᠠᠮᠲᠤ ᠪᠠᠷ ᠪᠠᠶᠢᠭᠤᠯᠬᠤ᠂ ᠠᠵᠢᠯᠯᠠᠭ᠎ᠠ ᠶᠢ ᠬᠠᠮᠲᠤ ᠪᠠᠷ ᠡᠷᠭᠢᠯᠡᠬᠦ᠂ ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠬᠦ | ᠣᠷᠣᠨ ᠪᠦᠰᠡ ᠶᠢ ᠨᠢᠭᠡ ᠴᠣᠭᠴᠠᠵᠢᠭᠤᠯᠬᠤ ᠤᠷᠲᠤ ᠬᠤᠭᠤᠴᠠᠭᠠᠨ ᠤ ᠬᠠᠮᠲᠤᠷᠠᠯᠴᠠᠭᠠᠨ ᠤ ᠲᠣᠭᠲᠠᠴᠠ ᠶᠢ ᠪᠣᠢ | ᠪᠣᠯᠭᠠᠵᠤ᠂ ᠤᠷᠢᠳ ᠬᠤᠵᠢᠳ ᠪᠠᠷᠠᠭᠤᠨ ᠣᠷᠣᠨ ᠤ ᠲᠥᠯᠥᠪᠯᠡᠭᠡ ᠶᠢᠨ ᠡᠪᠯᠡᠯᠤᠨ ᠡᠭᠦᠷ ᠤᠨ ︽ᠤᠯᠤᠰ ᠤᠨ ᠬᠢᠯᠢ | ᠬᠢᠵᠠᠭᠠᠷ ᠢ ᠬᠠᠮᠠᠭᠠᠯᠠᠬᠤ︾ ᠪᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠣᠢ ᠪᠣᠯᠭᠠᠬᠤ︾ ᠵᠡᠷᠭᠡ ᠬᠠᠮᠲᠤ ᠪᠠᠷ ᠪᠦᠲᠦᠭᠡᠨ ᠪᠠᠶᠢᠭᠤᠯᠬᠤ ᠭᠤᠣᠯ ᠰᠡᠳᠦᠪᠲᠦ ᠡᠪᠯᠡᠯ ᠤᠨ ᠡᠳᠦᠷ ᠤᠨ | ᠠᠵᠢᠯᠯᠠᠭ᠎ᠠ ᠶᠢ ᠥᠷᠨᠢᠭᠦᠯᠵᠦ᠂ ᠭᠤᠷᠪᠠᠨ ᠭᠠᠵᠠᠷ ᠤᠨ ᠰᠠᠶᠢᠨ ᠳᠤᠷᠠᠴᠤᠳ ᠲᠤ ᠰᠣᠯᠢᠯᠴᠠᠭᠠᠨ ᠤ ᠲᠠᠪᠴᠠᠩ | ᠪᠠᠶᠢᠭᠤᠯᠤᠨ᠂ ᠰᠠᠶᠢᠨ ᠳᠤᠷᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠡᠬᠡ ᠤᠯᠤᠰ ᠤᠨ ᠤᠮᠠᠷᠠᠲᠤ ᠬᠢᠯᠢ ᠳᠤ | ᠦᠨᠳᠦᠰᠦᠯᠡᠭᠦᠯᠵᠦ᠂ ᠤᠯᠤᠰ ᠢᠶᠠᠨ ᠬᠠᠮᠠᠭᠠᠯᠠᠨ ᠬᠢᠯᠢ ᠬᠢᠵᠠᠭᠠᠷ ᠢ ᠬᠠᠮᠠᠭᠠᠯᠠᠬᠤ ᠳᠤ ᠣᠷᠣᠯᠴᠠᠭᠤᠯᠵᠤ᠂ ᠰᠠᠶᠢᠨ | ᠳᠤᠷᠠᠴᠤᠳ ᠢ ︽ᠬᠥᠮᠦᠵᠢᠭᠦᠯᠬᠦ᠂ ᠬᠡᠷᠡᠭᠯᠡᠬᠦ᠂ ᠦᠯᠡᠳᠡᠭᠡᠬᠦ︾ ᠠᠵᠢᠯ ᠢ ᠬᠠᠮᠲᠤ ᠪᠠᠷ ᠰᠠᠶᠢᠲᠤᠷ ᠬᠢᠵᠦ᠂ ᠭᠤᠷᠪᠠᠨ | ᠭᠠᠵᠠᠷ ᠤᠨ ᠴᠢᠨᠠᠷᠯᠢᠭ ᠬᠥᠭᠵᠢᠯᠲᠡ ᠳᠤ ᠨᠡᠩ ᠣᠯᠠᠨ ᠵᠠᠯᠠᠭᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ | ᠪᠤᠯᠤᠨ᠎ᠠ᠃ | |