ᠵᠢᠷᠦᠬᠡ ᠪᠠᠯᠭᠠᠰᠤ 2025 ᠤᠨ ᠤ ᠰᠢᠨ᠎ᠡ ᠵᠢᠯ ᠤᠨ ᠴᠠᠶᠢᠯᠠᠯᠭ᠎ᠠ ᠬᠢᠭᠰᠡᠨ
ᠨᠡᠶᠢᠲᠡᠯᠡᠭᠰᠡᠨ ᠴᠠᠭ᠄
2025/1/21
     ᠤᠶᠢᠷ᠎ᠠ ᠶᠢᠨ ᠡᠳᠦᠷ᠂ ᠵᠢᠷᠦᠬᠡ ᠪᠠᠯᠭᠠᠰᠤ ᠪᠦᠬᠦ ᠺᠠᠳ᠋ᠷ ᠠᠵᠢᠯᠳᠠᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠬᠠᠷᠢᠶ᠎ᠠ ᠣᠷᠣᠨ ᠤ ᠠᠵᠤ ᠠᠬᠤᠶᠢᠯᠠᠯ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠰᠢᠨ᠎ᠡ ᠵᠢᠯ ᠤᠨ ᠴᠠᠶᠢᠯᠠᠯᠭ᠎ᠠ ᠥᠷᠨᠢᠭᠦᠯᠵᠦ᠂ ᠴᠠᠭᠠᠨ ᠰᠠᠷ᠎ᠠ ᠪᠠᠨ ᠤᠭᠳᠤᠨ ᠪᠡᠯᠭᠡᠯᠡᠯ᠎ᠡ᠃      ᠤᠶᠠᠩᠭ᠎ᠠ ᠳᠡᠬᠦᠯᠳᠡᠷ ᠮᠤᠷᠢᠨ ᠬᠤᠭᠤᠷ ᠤᠨ ᠠᠶᠠᠯᠭᠤ ᠪᠠᠷ ᠠᠵᠢᠯᠯᠠᠭᠠᠨ ᠤ ᠬᠦᠰᠢᠬᠡ ᠶᠢ ᠰᠡᠬᠦᠵᠦ᠂ ᠬᠠᠮᠳᠤᠪᠡᠷ ᠰᠢᠷᠡᠭᠡ ᠳᠤᠭᠤᠷᠢᠨ ᠰᠠᠭᠠᠳᠠᠵᠠᠭᠠᠵᠤ᠂ ᠦᠩᠭᠡᠷᠡᠭᠰᠡᠨ ᠵᠢᠯ ᠤᠨ ᠤᠯᠤᠯᠳᠠ ᠠᠮᠵᠢᠯᠳᠠ ᠪᠠᠨ ᠳ᠋ᠦᠩᠨᠡᠨ᠂ ᠢᠷᠡᠬᠦ ᠵᠢᠯ ᠤᠨ ᠢᠶᠠᠨ ᠰᠠᠶᠢᠨ ᠰᠠᠶᠢᠬᠠᠨ ᠢ ᠵᠦᠩᠨᠡᠨ᠂ ᠴᠠᠭᠠᠨ ᠰᠠᠷ᠎ᠠ ᠶᠢᠨ ᠪᠠᠶᠠᠷᠳᠤ ᠠᠭᠤᠷ ᠠᠮᠢᠰᠬᠤᠯ ᠪᠢᠯᠬᠠᠮ᠎ᠠ ᠪᠠᠶᠢᠯ᠎ᠠ᠃      ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠺᠠᠳ᠋ᠷ ᠠᠵᠢᠯᠲᠠᠳ ᠤᠨ ᠨᠢᠮᠪᠠᠶᠢᠯᠠᠨ ᠪᠡᠯᠡᠳᠭᠡᠭᠰᠡᠨ ᠤᠷᠠᠨ ᠰᠠᠶᠢᠬᠠᠨ ᠤ ᠳᠤᠭᠯᠠᠯᠳᠠ ᠠᠴᠠ ᠭᠠᠳᠠᠨ᠎ᠠ ᠰᠤᠨᠢᠷᠬᠠᠯᠳᠠᠢ ᠤᠷᠤᠯᠳᠤᠭᠠᠨ ᠳᠤᠭᠯᠠᠭᠠᠮ ᠦᠷᠨᠢᠬᠦᠯᠦᠨ᠂ ᠤᠯᠠᠨ ᠢ ᠪᠠᠶᠠᠰᠬᠠᠵᠤ᠂ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠨᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠶ ᠪᠦᠯᠬᠦᠮᠳᠡᠨ ᠤᠷᠤᠭᠰᠢᠯᠠᠬᠤ ᠬᠦᠴᠦᠨ ᠴᠢᠳᠠᠯ ᠢ ᠨᠢ ᠨᠢᠭᠲᠠᠷᠠᠭᠤᠯᠤᠭᠰᠠᠨ ᠪᠠᠶᠢᠨ᠎ᠠ᠃      ᠲᠠᠷᠠᠭ᠎ᠠ ᠨᠢ᠂ ᠪᠦᠬᠦ ᠺᠠᠳ᠋ᠷ ᠠᠵᠢᠯᠳᠠᠨ ᠤᠯᠠᠨ ᠲᠦᠮᠡᠨ ᠬᠠᠮᠳᠤᠪᠡᠷ ᠰᠢᠨ᠎ᠡ ᠶᠢᠨ ᠪᠠᠩᠰᠢ ᠪᠠᠷᠢᠵᠤ᠂ ᠬᠠᠷᠢᠯᠴᠠᠨ ᠰᠢᠨ᠎ᠡ ᠵᠢᠯ ᠤᠨ ᠵᠥᠩᠨᠡᠯ ᠳᠡᠪᠰᠢᠭᠦᠯᠵᠦ᠂ ᠪᠠᠶᠠᠷ ᠬᠦᠷ ᠲᠠᠢ ᠪᠠᠷ ᠴᠠᠭᠠᠨ ᠰᠠᠷ᠎ᠠ ᠪᠠᠨ ᠤᠭᠲᠤᠵᠠᠢ᠃      ᠲᠣᠰ ᠤᠳᠠᠭᠠᠨ ᠤ ᠠᠵᠢᠯᠯᠠᠭ᠎ᠠ ᠨᠢ ᠺᠠᠳ᠋ᠷ ᠠᠵᠢᠯᠲᠠᠨ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠰᠣᠯᠢᠯᠴᠠᠭ᠎ᠠ ᠶᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠪᠠ᠃ ᠤᠯᠠᠨ ᠢᠶᠠᠷ ᠢᠶᠠᠨ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠤᠷᠤᠭᠰᠢᠯᠠᠨ ᠳᠠᠪᠰᠢᠬᠤ ᠵᠣᠷᠢᠭ ᠪᠣᠯᠤᠨ ᠴᠣ ᠰᠢᠨ᠎ᠡ ᠳᠦᠷᠰᠦ ᠪᠠᠶᠢᠳᠠᠯ ᠢᠶᠠᠷ᠂ ᠡᠷᠴᠢ ᠵᠣᠷᠢᠭ ᠢᠶᠠᠨ ᠬᠥᠪᠴᠢᠯᠡᠵᠦ ᠰᠢᠷᠭᠠᠭᠤ ᠪᠤᠳᠠᠳᠠᠢ ᠠᠵᠢᠯᠯᠠᠨ᠂ ᠨᠡᠩ ᠤᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠮᠠᠯᠴᠢᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ ᠪᠣᠯᠭᠠᠵᠤ᠂ ᠵᠤᠯ ᠵᠢᠷᠭᠠᠯᠲᠤ ᠲᠦᠷᠦᠭᠳᠡᠯ ᠢ ᠨᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠢ ᠨᠡᠩ ᠪᠠᠲᠤᠯᠠᠭ᠎ᠠ ᠲᠠᠢ ᠪᠣᠯᠭᠠᠨ᠎ᠠ ᠭᠡᠵᠦ ᠢᠯᠡᠷᠭᠡᠶᠢᠯᠡᠵᠡᠭᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号