2025 ᠤᠨ ᠬᠦᠷᠴᠦ ᠢᠷᠡᠬᠦ ᠳᠠᠰᠢᠷᠠᠮ ᠪᠦᠬᠦ ᠬᠤᠰᠢᠭᠤ ᠳᠠᠶᠠᠭᠠᠷ ᠰᠢᠨ᠎ᠡ ᠤᠨ ᠢᠶᠠᠨ ᠪᠠᠶᠠᠷᠯᠠᠨ | ᠳᠡᠮᠳᠡᠭᠯᠡᠬᠦ ᠪᠠᠶᠠᠷᠳᠤ ᠠᠭᠤᠷ ᠠᠮᠢᠰᠬᠤᠯ ᠢᠶᠠᠷ ᠪᠢᠯᠬᠠᠨ᠂ ᠡᠯ᠎ᠡ ᠨᠡᠶᠢᠬᠡᠮ ᠳᠤᠭᠤᠷᠢᠭ᠂ ᠪᠠᠶᠢᠭᠤᠯᠭ᠎ᠠ ᠨᠢᠭᠡᠴᠡ᠂ | ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠰᠤᠷᠭᠠᠭᠤᠯᠢ ᠴᠡᠴᠡᠷᠯᠢᠭ ᠰᠢᠨ᠎ᠡ ᠤᠨ ᠢᠶᠠᠨ ᠪᠠᠶᠠᠷᠯᠠᠨ | ᠳᠡᠮᠳᠡᠭᠯᠡᠵᠦ᠂ ᠢᠷᠡᠬᠦ ᠵᠢᠯ ᠤᠨ ᠢᠶᠠᠨ ᠠᠮᠵᠢᠯᠳᠠ ᠶᠢ ᠪᠡᠯᠭᠡᠳᠡᠯᠡ᠃ | ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2025 ᠣᠨ ᠤ ᠰᠢᠨ᠎ᠡ ᠤᠨ | ᠢᠶᠠᠨ ᠤᠭᠳᠤᠬᠤ ᠠᠵᠢᠯᠯᠠᠭ᠎ᠠ ᠦᠷᠨᠢᠬᠦᠯᠦᠨ᠂ ᠢᠳᠡᠭᠡᠨ ᠤ ᠦᠢᠯᠡᠳᠪᠦᠷᠢᠯᠡᠯ᠂ ᠬᠦᠢᠯᠬᠡᠬᠡ᠂ ᠢᠳᠡᠭᠡᠨ ᠤᠮᠳᠠᠭᠠᠨ | ᠵᠢᠴᠢ ᠡᠮ ᠤᠨ ᠵᠦᠢᠯ ᠵᠡᠷᠭᠡ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ᠂ ᠬᠤᠳᠠ ᠶᠢᠨ ᠬᠠᠮᠢᠶᠠᠷᠤᠯᠳᠠ | ᠶᠢᠨ ᠳᠤᠪᠴᠢᠶᠠᠨ ᠤ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠤᠶᠠᠷ ᠵᠥᠪᠯᠡᠯ ᠤᠨ | ᠪᠦᠷᠢᠯᠳᠦᠬᠦᠨ᠂ ᠳᠤᠪᠴᠢᠶᠠᠨ ᠤ ᠪᠥᠬᠦ ᠠᠵᠢᠯᠲᠠᠳ ᠠᠵᠢᠯᠯᠠᠭ᠎ᠠ ᠳᠤ ᠣᠷᠣᠯᠴᠠᠪᠠ᠃ ᠳᠠᠭᠤᠤ ᠪᠥᠵᠢᠭ᠂ ᠤᠷᠠᠨ | ᠤᠩᠰᠢᠯᠭ᠎ᠠ᠂ ᠬᠥᠭᠵᠢᠮ ᠵᠦᠴᠦᠭᠡ ᠵᠡᠷᠭᠡ ᠪᠠᠶᠠᠯᠢᠭ ᠠᠭᠤᠯᠭ᠎ᠠ ᠲᠠᠢ ᠤᠷᠠᠨ ᠰᠠᠶᠢᠬᠠᠨ ᠤ ᠲᠣᠭᠯᠠᠯᠲᠠ ᠠᠴᠠ | ᠭᠠᠳᠠᠨ᠎ᠠ᠂ ᠱᠠᠩᠨᠠᠯᠳᠤ ᠰᠤᠭᠤᠯᠤᠭ᠎ᠠ᠂ ᠭᠡᠢ ᠪᠦᠮᠪᠦᠭᠡ ᠬᠢᠰᠬᠢᠬᠦ᠂ ᠯᠤᠩᠬᠤ ᠪᠤᠯᠢᠶᠠᠯᠳᠤᠬᠤ ᠵᠡᠷᠭᠡ ᠰᠤᠨᠢᠷᠬᠠᠯᠳᠠᠢ | ᠳᠤᠭᠯᠠᠭᠠᠮ ᠶᠠᠪᠤᠭᠳᠠᠭᠤᠯᠤᠨ᠂ ᠤᠯᠠᠨ ᠢ ᠪᠠᠶᠠᠰᠬᠠᠭᠰᠠᠨ ᠤ ᠬᠠᠮᠳᠤ ᠭᠠᠷ ᠬᠤᠯᠪᠤᠨ ᠬᠠᠮᠳᠤᠪᠡᠷ ᠤᠷᠤᠭᠰᠢᠯᠠᠬᠤ | ᠰᠢᠨ᠎ᠡ ᠤᠨ ᠤ ᠬᠠᠷᠠᠯᠳᠠ ᠪᠠᠨ ᠳᠤᠭᠳᠠᠭᠠᠵᠤ᠂ ᠰᠢᠨ᠎ᠡ ᠨᠢᠭᠡ ᠵᠢᠯ ᠤᠨ ᠢᠶᠠᠨ ᠭᠡᠷᠡᠯ ᠰᠠᠴᠤᠷᠠᠩᠭᠤᠢ ᠠᠵᠢᠯ ᠤᠨ | ᠠᠮᠵᠢᠯᠳᠠ ᠶᠢ ᠬᠤᠷᠤᠶᠢᠯᠠᠯ᠎ᠠ᠃ | ᠰᠠᠶᠢᠬᠠᠨᠳᠠᠯ᠎ᠠ ᠪᠠᠯᠭᠠᠰᠤᠨ ᠤ ᠰᠠᠢ ᠪᠧᠢ ᠴᠧᠩ ᠨᠡᠶᠢᠭᠡᠮ ᠲᠣᠭᠤᠷᠢᠭ ︽2025 ᠣᠨ ᠢᠶᠠᠨ ᠤᠭᠲᠤᠬᠤ | ᠭᠤᠤᠯ ᠰᠡᠳᠦᠪᠲᠦ ᠨᠠᠮ ᠤᠨ ᠡᠳᠦᠷᠯᠢᠭ ᠵᠢᠴᠢ ᠨᠠᠮ ᠪᠠ ᠣᠯᠠᠨ ᠲᠦᠮᠡᠨ ᠤ ᠨᠥᠬᠦᠷᠯᠡᠯ ᠤᠨ ᠬᠤᠷᠠᠯ︾ ᠬᠢᠵᠦ᠂ | ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠠᠢ ᠬᠠᠮᠳᠤᠪᠡᠷ ᠪᠠᠶᠠᠷ ᠤᠨ ᠡᠳᠦᠷ ᠢᠶᠠᠨ ᠪᠡᠯᠭᠡᠯᠡᠬᠦ | ᠠᠵᠢᠯᠯᠠᠭ᠎ᠠ ᠦᠷᠨᠢᠬᠦᠯᠦᠨ᠂ ᠤᠷᠠᠨ ᠰᠠᠶᠢᠬᠠᠨ ᠤ ᠳᠤᠭᠯᠠᠯᠳᠠ ᠪᠠᠷ ᠰᠠᠭᠤᠭᠠᠯᠢ ᠠᠷᠠᠳ ᠤᠨ ᠤᠶᠤᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠲᠣᠭᠤᠷᠢᠭ ᠤᠨ ᠬᠢᠨ ᠪᠠᠰᠠ ᠨᠡᠶᠢᠭᠡᠮ ᠲᠣᠭᠤᠷᠢᠭ ᠤᠨ ᠬᠥᠭᠵᠢᠯᠲᠡ ᠳᠤ | ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠨᠠᠮ ᠤᠨ ᠭᠡᠰᠢᠭᠦᠨ᠂ ᠳᠡᠷᠭᠡᠳᠡᠬᠢ ᠰᠠᠶᠢᠨ ᠬᠥᠮᠦᠨ᠂ ᠨᠡᠶᠢᠭᠡᠮ | ᠲᠣᠭᠤᠷᠢᠭ ᠤᠨ ᠠᠵᠢᠯᠳᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠳᠠᠨ ᠵᠡᠷᠭᠡ ᠶᠢ ᠱᠠᠩᠨᠠᠨ ᠬᠦᠬᠢᠬᠦᠯᠵᠦ᠂ | ᠲᠡᠳᠡᠨ ᠳᠤ ᠰᠢᠨ᠎ᠡ ᠵᠢᠯ ᠤᠨ ᠵᠥᠩᠨᠡᠯ ᠪᠠ ᠮᠡᠨᠳᠦᠴᠢᠯᠡᠯ ᠳᠡᠪᠰᠢᠭᠦᠯᠪᠡ᠃ | ᠬᠤᠰᠢᠭᠤ ᠱᠸᠤ ᠺᠠᠩ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠪᠠᠶᠠᠷ ᠬᠦᠷ ᠪᠠᠶᠠᠷ ᠴᠠᠯᠬᠢᠨ᠂ | ︽ᠤᠯᠤᠰ ᠤᠨ ᠬᠡᠦᠬᠡᠳ︾ ᠤᠨ ᠤᠷᠠᠯᠢᠭ ᠤᠨ ᠪᠦᠯᠬᠦᠮ ᠪᠣᠯᠤᠨ ᠰᠤᠶᠤᠯ ᠤᠨ ᠤᠷᠳᠤᠨ ᠤ ︽ᠠᠰᠠᠷ ᠤᠷᠠᠯᠢᠭ ᠤᠨ | ᠪᠦᠯᠬᠦᠮ︾ ᠤᠨ ᠨᠠᠰᠤᠳᠠᠶᠢᠴᠤᠳ ᠢ ᠳᠤᠬᠤᠨᠢᠭᠤᠯᠬᠤ ᠬᠠᠮᠳᠤᠷᠠᠭᠰᠠᠨ ᠳᠤᠭᠯᠠᠯᠳᠠ ᠨᠢᠵᠢᠬᠢᠷ ᠰᠠᠶᠢᠬᠠᠨ ᠶᠠᠪᠤᠭᠳᠠᠵᠤ᠂ | ᠦᠷᠭᠡᠨ ᠤᠯᠠᠨ ᠨᠠᠰᠤᠳᠠᠶᠢᠴᠤᠳ ᠲᠤ ᠰᠢᠨ᠎ᠡ ᠤᠨ ᠤ ᠪᠡᠯᠡᠭ ᠪᠠᠷᠢᠨ᠂ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢ | ᠶᠢ ᠮᠡᠳᠡᠷᠡᠬᠦᠯᠦᠯ᠎ᠡ᠃ ᠳᠠᠷᠠᠭ᠎ᠠ ᠨᠢ ︽ᠤᠯᠤᠰ ᠤᠨ ᠬᠡᠦᠬᠡᠳ︾ ᠤᠳ ᠠᠴᠠ ᠨᠠᠰᠤᠲᠠᠶᠢᠴᠤᠳ ᠲᠤ ᠦᠨᠳᠡᠭᠡ ᠲᠠᠢ | ᠪᠤᠭᠤᠷᠰᠤᠭ ᠭᠡᠷᠴᠢᠵᠦ ᠦᠭᠭᠦᠨ᠂ ᠰᠢᠨ᠎ᠡ ᠤᠨ ᠤ ᠮᠡᠨᠳᠦᠴᠢᠯᠡᠯ ᠳᠡᠪᠰᠢᠬᠦᠯᠦᠨ᠂ ᠪᠤᠭᠤᠷᠤᠯᠴᠤᠳ ᠢᠶᠠᠨ ᠪᠠᠶᠠᠰᠬᠠᠨ᠂ | ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ | ᠪᠠᠳᠠᠷᠠᠭᠤᠯᠤᠯ᠎ᠠ᠃ | ᠰᠠᠶᠢᠬᠠᠨᠳᠠᠯ᠎ᠠ ᠪᠠᠯᠭᠠᠰᠤᠨ ᠤ ᠮᠠᠯᠴᠢᠨ ᠨᠡᠶᠢᠭᠡᠮ ᠲᠣᠭᠤᠷᠢᠭ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ | ᠨᠠᠮ ᠳᠤ ᠪᠠᠨ ᠳᠠᠯᠠᠷᠬᠠᠵᠤ᠂ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠶ᠎ᠠ︾ ᠰᠢᠨ᠎ᠡ ᠤᠨ ᠤ ᠶᠠᠷᠢᠯᠴᠠᠬᠤ ᠬᠤᠷᠠᠯ | ᠵᠢᠴᠢ ᠤᠳᠬ᠎ᠠ ᠤᠷᠠᠯᠢᠭ ᠤᠨ ᠠᠵᠢᠯᠯᠠᠭ᠎ᠠ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠦᠩᠭᠡ ᠢᠯᠭᠠᠷᠠᠭᠤᠯᠤᠨ | ᠴᠢᠮᠡᠭᠯᠡᠭᠰᠡᠨ ᠨᠡᠶᠢᠬᠡᠮ ᠳᠤᠭᠤᠷᠢᠭ ᠤᠨ ᠠᠵᠢᠯᠯᠠᠭᠠᠨ ᠤ ᠭᠡᠷ ᠲᠤ ᠰᠠᠭᠤᠭᠠᠯᠢ ᠠᠷᠠᠳ᠂ ᠬᠠᠮᠳᠤᠷᠠᠨ ᠪᠠᠶᠢᠭᠤᠯᠬᠤ | ᠨᠢᠭᠡᠴᠡ᠂ ᠨᠡᠶᠢᠭᠡᠮ ᠲᠣᠭᠤᠷᠢᠭ ᠤᠨ ᠪᠦᠷᠢᠯᠳᠦᠬᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠤᠳᠬ᠎ᠠ | ᠤᠷᠠᠯᠢᠭ ᠤᠨ ᠪᠠᠭ᠋ᠠᠲᠠᠳ ᠴᠤᠭᠯᠠᠷᠠᠨ ᠰᠠᠭᠠᠳᠠᠵᠤ᠂ ᠬᠤᠭᠤᠷ ᠯᠢᠩᠪᠦ᠂ ᠳᠠᠭᠤᠤ ᠪᠦᠵᠢᠭ ᠵᠡᠷᠭᠡ ᠭᠤᠶᠢᠳᠠ ᠰᠠᠶᠢᠬᠠᠨ | ᠳᠤᠭᠯᠠᠯᠳᠠ ᠶᠠᠪᠤᠭᠳᠠᠭᠤᠯᠤᠨ᠂ ᠰᠠᠭᠤᠭᠠᠯᠢ ᠠᠷᠠᠳ ᠤᠨ ᠤᠶᠤᠨ ᠤ ᠰᠣᠶᠣᠯ ᠤᠨ ᠠᠮᠢᠳᠤᠷᠠᠯ ᠢ ᠤᠯᠠᠮ | ᠪᠠᠶᠠᠯᠢᠭᠵᠢᠭᠤᠯᠵᠤ᠂ ᠡᠷᠡᠭᠦᠯ ᠪᠤᠯᠪᠠᠰᠤᠨ᠂ ᠬᠠᠯᠠᠭᠤᠨ ᠳᠤᠯᠠᠭᠠᠨ᠂ ᠥᠭᠡᠳᠡᠷᠬᠡᠭ ᠢᠳᠡᠪᠬᠢ ᠨᠡᠶᠢᠭᠡᠮ ᠲᠣᠭᠤᠷᠢᠭ ᠤᠨ | ᠠᠭᠤᠷ ᠠᠮᠢᠰᠬᠤᠯ ᠢ ᠪᠤᠢ ᠪᠣᠯᠭᠠᠵᠤ᠂ ᠰᠠᠭᠤᠭᠠᠯᠢ ᠠᠷᠠᠳ ᠲᠤ ᠰᠢᠨ᠎ᠡ ᠤᠨ ᠤ ᠮᠡᠨᠳᠦᠴᠢᠯᠡᠯ ᠵᠥᠩᠨᠡᠯ | ᠳᠡᠪᠰᠢᠬᠦᠯᠦᠭᠰᠡᠨ ᠤ ᠬᠠᠮᠳᠤ ︽ᠨᠠᠮ ᠳᠤ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠭᠤᠤᠯ ᠰᠡᠳᠦᠪ ᠤᠨ ᠲᠣᠭᠤᠷᠢᠨ ᠳᠤ ᠰᠠᠭᠤᠭᠠᠯᠢ ᠠᠷᠠᠳ ᠤᠨ ᠰᠠᠨᠠᠯ ᠪᠤᠳᠤᠯ ᠢ ᠰᠤᠨᠤᠰᠴᠤ᠂ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ ᠬᠠᠯᠠᠭᠤᠨ ᠶᠠᠷᠢᠯᠴᠠᠭ᠎ᠠ ᠦᠷᠨᠢᠬᠦᠯᠦᠨ᠂ ᠢᠷᠡᠭᠡᠳᠦᠶ ᠶᠢᠨ | ᠬᠥᠭᠵᠢᠯᠲᠡ ᠪᠠᠨ ᠬᠠᠮᠲᠤ ᠪᠠᠷ ᠶᠠᠷᠢᠯᠴᠠᠯ᠎ᠠ᠃ ᠠᠵᠢᠯᠯᠠᠭ᠎ᠠ ᠳᠤ ᠪᠠᠰᠠ ᠰᠢᠯᠢᠳᠡᠭ ᠨᠡᠶᠢᠭᠡᠮ ᠲᠣᠭᠤᠷᠢᠭ ᠤᠨ ᠰᠠᠶᠢᠨ | ᠲᠤᠷᠠᠴᠤᠳ᠂ ᠨᠠᠮ ᠤᠨ ᠭᠡᠰᠢᠭᠦᠨ᠂ ᠣᠯᠠᠨ ᠲᠦᠮᠡᠨ᠂ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠱᠠᠩᠨᠠᠨ | ᠬᠦᠬᠢᠬᠦᠯᠵᠡᠢ᠃ | ᠬᠤᠰᠢᠭᠤ ᠬᠤᠶᠠᠳᠤᠭᠠᠷ ᠭᠡᠦᠭᠡᠳ ᠤᠨ ᠴᠡᠴᠡᠷᠯᠢᠭ ᠬᠦᠬᠡᠷᠦᠬᠦᠨ ᠪᠦᠦᠪᠡᠢ ᠨᠠᠷ ᠤᠨ ︽ᠰᠢᠨ᠎ᠡ ᠤᠨ ᠤ ᠪᠠᠶᠠᠷ | ᠤᠨ ᠴᠤᠭᠯᠠᠭ᠎ᠠ ᠮᠠᠶᠢᠮᠠᠢ︾ ᠡᠷᠬᠢᠯᠡᠨ᠂ ᠳᠤᠮᠳᠠᠳᠤ ᠮᠠᠶ᠋ᠢᠭ ᠤᠨ ᠠᠭᠤᠷ ᠠᠮᠢᠰᠬᠤᠯ ᠲᠠᠢ ᠵᠠᠬ᠎ᠠ ᠵᠡᠬᠡᠯᠢ᠂ ᠳᠡᠯᠭᠡᠭᠦᠷ | ᠬᠤᠳᠠᠯᠳᠤᠭ᠎ᠠ ᠪᠠᠶᠢᠷᠢᠯᠠᠭᠤᠯᠤᠨ ᠴᠢᠮᠡᠭᠯᠡᠵᠦ᠂ ᠪᠠᠭᠰᠢ᠂ ᠭᠡᠷ ᠤᠨ ᠠᠬᠠᠮᠠᠳ᠂ ᠪᠦᠦᠪᠡᠢ ᠨᠠᠷ ᠦᠪᠡᠷᠳᠡᠭᠡᠨ ᠬᠢᠭᠰᠡᠨ | ᠵᠠᠰᠠᠯ ᠵᠢᠮᠰᠦᠭ᠂ ᠤᠯᠠᠮᠵᠢᠯᠠᠯᠳᠤ ᠢᠳᠡᠭᠡᠨ ᠤᠮᠳᠠᠭᠠᠨ᠂ ᠰᠢᠬᠢᠷ ᠵᠢᠮᠢᠰ ᠠᠮᠳᠠᠳᠠᠨ ᠵᠡᠷᠭᠡ ᠪᠠᠨ ᠬᠤᠳᠠᠯᠳᠤᠨ᠂ | ᠬᠡᠦᠬᠡᠳ ᠤᠳ ᠲᠤ ᠦᠪᠡᠷ ᠤᠨ ᠬᠢᠭᠰᠡᠨ ᠵᠦᠢᠯ ᠤᠨ ᠢᠶᠠᠨ ᠦᠨ᠎ᠡ ᠦᠷᠳᠡᠭ ᠢ ᠮᠡᠳᠡᠷᠡᠬᠦ ᠪᠠ ᠦᠪᠡᠷᠳᠡᠭᠡᠨ | ᠬᠤᠳᠠᠯᠳᠤᠨ ᠠᠪᠬᠤ ᠶᠢᠨ ᠬᠠᠪᠤ ᠴᠡᠩᠭᠡᠯ ᠢ ᠡᠳ᠋ᠯᠡᠬᠦᠯᠵᠦ᠂ ᠴᠡᠴᠡᠷᠯᠢᠭ᠂ ᠭᠡᠷ ᠤᠨ ᠠᠬᠠᠮᠠᠳ᠂ ᠭᠡᠦᠭᠡᠳ ᠤᠨ | ᠬᠠᠷᠢᠯᠴᠠᠭ᠎ᠠ ᠤᠶᠢᠯᠠᠭᠠᠯᠴᠠᠭ᠎ᠠ ᠶᠢ ᠨᠢᠭᠳᠠᠷᠠᠭᠤᠯᠵᠠᠢ᠃ ᠠᠵᠢᠯᠯᠠᠭ᠎ᠠ ᠳᠤ ᠪᠠᠰᠠ᠂ ᠬᠠᠷᠠᠩᠭ᠎ᠠ ᠬᠡᠩᠭᠡᠷᠭᠡ ᠳᠠᠯᠠᠳᠤᠨ᠂ | ᠠᠷᠰᠯᠠᠨ ᠳᠤᠭᠯᠠᠭᠤᠯᠵᠤ᠂ ᠳᠤᠮᠳᠠᠳᠤ ᠶᠢᠨ ᠤᠯᠠᠮᠵᠢᠯᠠᠯᠳᠤ ᠳᠤᠭᠯᠠᠯᠳᠠ ᠪᠠᠷ ᠰᠢᠨ᠎ᠡ ᠤᠨ ᠤ ᠠᠭᠤᠷ ᠠᠮᠢᠰᠬᠤᠯ ᠢ | ᠦᠳᠭᠡᠷᠡᠬᠦᠯᠦᠨ᠂ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ | ᠴᠠᠭᠠᠰᠤᠨ ᠬᠠᠶᠢᠴᠢᠯᠠᠮᠠᠯ᠂ ᠲᠦᠷᠰᠦᠳᠦ ᠰᠢᠬᠢᠷ ᠵᠡᠷᠭᠡ ᠤᠯᠠᠮᠵᠢᠯᠠᠯᠳᠤ ᠭᠠᠷ ᠤᠷᠠᠯᠠᠯ ᠢ ᠬᠡᠦᠬᠡᠳ ᠤᠳ ᠲᠤ | ᠤᠶᠢᠯᠠᠭᠠᠭᠤᠯᠵᠠᠢ᠃ | |