ᠭᠠᠵᠠᠷ ᠪᠤᠯᠭᠠᠨ ᠴᠠᠭᠠᠨ ᠰᠠᠷ᠎ᠠ ᠪᠠᠨ ᠤᠭᠳᠤᠬᠤ ᠪᠠᠶᠠᠷᠳᠤ ᠠᠭᠤᠷ ᠠᠮᠢᠰᠬᠤᠯ ᠢᠶᠠᠷ ᠪᠢᠯᠬᠠᠵᠤ ᠪᠠᠶᠢᠭ᠎ᠠ ᠴᠠᠭ | ᠲᠤ᠂ ᠣᠶᠢᠷ᠎ᠠ ᠶᠢᠨ ᠡᠳᠦᠷ᠂ ᠰᠠᠶᠢᠬᠠᠨᠳᠠᠯ᠎ᠠ ᠪᠠᠯᠭᠠᠰᠤᠨ ᠤ ᠷᠠᠰᠢᠶᠠᠨ ᠨᠡᠶᠢᠭᠡᠮ ᠲᠣᠭᠤᠷᠢᠭ ᠴᠠᠭᠠᠨ ᠰᠠᠷ᠎ᠠ ᠪᠠᠨ | ᠤᠭᠲᠤᠬᠤ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠬᠠᠮᠳᠤᠪᠡᠷ ᠴᠠᠭᠠᠨ ᠰᠠᠷ᠎ᠠ ᠪᠠᠨ ᠤᠭᠳᠤᠨ ᠪᠡᠯᠭᠡᠯᠡᠯ᠎ᠡ᠃ | ᠠᠵᠢᠯᠯᠠᠭᠠᠨ ᠤ ᠠᠬᠤᠶ ᠲᠠᠯᠠᠪᠠᠶ ᠳᠤ᠂ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠤᠨ ᠡᠷᠬᠦᠨ | ᠪᠠᠷᠢᠭᠰᠠᠨ ᠰᠠᠺᠰ ᠤᠨ ᠨᠠᠶᠢᠷᠠᠯ ᠬᠥᠭᠵᠢᠮ᠂ ᠮᠣᠷᠢᠨ ᠬᠤᠭᠤᠷ ᠤᠨ ᠭᠤᠴᠣᠯᠠᠯ ᠬᠥᠭᠵᠢᠮ᠂ ᠪᠠᠭᠠᠴᠤᠳ ᠤᠨ | ᠡᠷᠲᠡᠨ ᠤ ᠶᠠᠲᠤᠭ᠎ᠠ᠂ ᠬᠦᠭᠡᠮᠡᠢ ᠵᠡᠷᠭᠡ ᠭᠤᠴᠣ ᠰᠠᠶᠢᠬᠠᠨ ᠳᠤᠭᠯᠠᠯᠳᠠ ᠤᠯᠠᠨ ᠤ ᠰᠡᠳᠬᠢᠯ ᠢ ᠪᠠᠶᠠᠰᠬᠠᠵᠤ᠂ ᠬᠠᠷᠠᠭ᠎ᠠ | ᠰᠤᠨᠤᠷ ᠢ ᠨᠢ ᠮᠢᠯᠢᠶᠠᠨ᠂ ᠳᠠᠷᠠᠭ᠎ᠠ ᠨᠢ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠬᠡ ᠶᠢᠨ | ᠦᠢᠯᠡᠴᠢᠯᠡᠭᠡᠨ ᠤ ᠲᠥᠪ ᠤᠨ ᠰᠠᠶᠢᠨ ᠳᠤᠷᠠᠴᠤᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠠᠭᠠᠨ | ᠰᠠᠷ᠎ᠠ ᠶᠢᠨ ᠣᠨᠴᠠᠭᠠᠶ ᠪᠡᠯᠡᠭ ᠬᠦᠷᠭᠡᠪᠡ᠃ ᠲᠡᠳᠡ ᠴᠠᠭᠠᠨ ᠰᠠᠷ᠎ᠠ ᠶᠢᠨ ᠬᠤᠣᠰ ᠤᠶᠠᠩᠭ᠎ᠠ ᠪᠠ ︽ᠪᠤᠶᠠᠨ︾ ᠬᠡᠬᠦ | ᠦᠰᠦᠭ ᠢ ᠰᠠᠭᠤᠭᠠᠯᠢ ᠠᠷᠠᠳ ᠲᠤ ᠪᠡᠯᠡᠭᠯᠡᠵᠦ᠂ ᠰᠢᠨ᠎ᠡ ᠵᠢᠯ ᠤᠨ ᠵᠥᠩᠨᠡᠯ ᠪᠠ ᠮᠡᠨᠳᠦᠴᠢᠯᠡᠯ ᠳᠡᠪᠰᠢᠬᠦᠯᠵᠦ᠂ | ᠬᠠᠯᠠᠮᠵᠢᠯᠠᠯ ᠢᠶᠠᠨ ᠢᠯᠡᠳᠭᠡᠯ᠎ᠡ᠃ | |