ᠴᠠᠭᠠᠨ ᠰᠠᠷ᠎ᠠ ᠶᠢᠨ ᠪᠠᠶᠠᠷ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠠᠰᠤᠲᠠᠶᠢᠴᠤᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠰᠠᠷ᠎ᠠ ᠰᠢᠨ᠎ᠡ ᠳᠤ ᠪᠠᠨ ᠤᠳᠬ᠎ᠠ ᠠᠭᠤᠯᠭ᠎ᠠ ᠨᠡᠮᠡᠷᠢᠯᠡᠬᠦ ᠡᠬᠦᠳᠡᠨ ᠠᠴᠠ᠂ ᠰᠠᠩᠪᠤᠯᠠᠭ ᠰᠤᠮᠤᠨ | ᠤ ᠴᠠᠭᠠᠬᠤᠰᠤ ᠭᠠᠴᠠᠭ᠎ᠠ ︽ᠮᠤᠭᠠᠢ ᠵᠢᠯ ᠢᠶᠠᠨ ᠪᠠᠶᠠᠷᠯᠠᠨ ᠤᠭᠳᠤᠵᠤ᠂ ᠴᠠᠭᠠᠨ ᠰᠠᠷ᠎ᠠ ᠪᠠᠨ ᠬᠠᠮᠳᠤᠪᠡᠷ ᠪᠡᠯᠭᠡᠯᠡᠬᠦ︾ | ᠭᠤᠤᠯ ᠰᠡᠳᠦᠪᠲᠦ ᠨᠠᠰᠤᠲᠠᠨ ᠢᠶᠠᠨ ᠬᠦᠨᠳᠦᠯᠡᠬᠦ ᠠᠵᠢᠯᠯᠠᠭ᠎ᠠ ᠶᠠᠪᠤᠭᠳᠠᠭᠤᠯᠵᠠᠢ᠃ | ᠠᠵᠢᠯᠯᠠᠭᠠᠨ ᠤ ᠠᠬᠤᠶ ᠲᠠᠯᠠᠪᠠᠶ ᠳᠤ᠂ ᠦᠨᠳᠦᠰᠦᠨ ᠱᠠᠲᠤᠨ ᠤ ᠺᠠᠳ᠋ᠷᠴᠤᠳ ᠣᠯᠠᠨ ᠲᠦᠮᠡᠨ ᠲᠠᠢ ᠨᠢᠭᠡ | ᠲᠠᠩᠬᠢᠮ ᠳᠤ ᠴᠤᠭᠯᠠᠷᠠᠨ᠂ ᠬᠠᠷᠢᠯᠴᠠᠨ ᠠᠮᠤᠷ ᠮᠡᠨᠳᠦ ᠪᠠᠨ ᠠᠶᠢᠯᠠᠳᠬᠠᠨ᠂ ᠰᠢᠨ᠎ᠡ ᠵᠢᠯ ᠤᠨ ᠵᠥᠩᠨᠡᠯ ᠳᠡᠪᠰᠢᠭᠦᠯᠵᠦ᠂ | ᠰᠠᠷ᠎ᠠ ᠰᠢᠨ᠎ᠡ ᠶᠢᠨ ᠪᠠᠶᠠᠷᠳᠤ ᠠᠭᠤᠷ ᠠᠮᠢᠰᠬᠤᠯ ᠦᠳᠭᠡᠨ ᠪᠠᠶᠢᠯ᠎ᠠ᠃ ᠰᠤᠮᠤᠨ ᠤ ᠬᠠᠷᠢᠭᠤᠴᠠᠯᠭᠠᠲᠠᠨ ᠠᠴᠠ | ᠤᠯᠠᠨ ᠳᠤ ᠰᠢᠨ᠎ᠡ ᠵᠢᠯ ᠤᠨ ᠪᠠᠶᠠᠷ ᠤᠨ ᠦᠭᠡ ᠬᠡᠯᠡᠵᠦ᠂ ᠰᠢᠨ᠎ᠡ ᠨᠢᠬᠡᠨ ᠵᠢᠯ ᠳᠤ᠂ ᠡᠯ᠎ᠡ ᠦᠨᠳᠦᠰᠦᠲᠡᠨ ᠤ ᠺᠠᠳ᠋ᠷ | ᠤᠯᠠᠨ ᠲᠦᠮᠡᠨ ᠰᠡᠳᠬᠢᠯ ᠪᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠰᠢᠨ᠎ᠡ ᠳᠦᠷᠰᠦ ᠪᠠᠶᠢᠳᠠᠯ ᠢᠶᠠᠷ | ᠠᠮᠵᠢᠯᠳᠠ ᠶᠢᠨ ᠰᠢᠨ᠎ᠡ ᠬᠠᠭᠤᠳᠠᠰᠤ ᠶᠢ ᠲᠠᠬᠢᠨ ᠪᠢᠴᠢᠭᠯᠡᠬᠦ ᠶᠢ ᠬᠦᠰᠡᠪᠡ᠃ ᠤᠯᠠᠭᠠᠨᠮᠥ᠋ᠴᠢᠷ ᠤᠨ ᠲᠤᠭᠯᠠᠭᠴᠢᠳ ᠤᠨ | ᠮᠠᠯᠴᠢᠨ ᠲᠦᠮᠡᠨ ᠳᠤ ᠪᠠᠨ ᠪᠠᠷᠢᠭᠰᠠᠨ ᠠᠶ᠎ᠠ ᠳᠠᠭᠤᠨ ᠤ ᠪᠡᠯᠡᠭ᠂ ᠤᠷᠠᠨ ᠵᠢᠷᠤᠭ ᠤᠷᠠᠨ ᠪᠢᠴᠢᠯᠭᠡᠲᠡᠨ ᠤ | ᠨᠡᠶᠢᠭᠡᠮᠯᠢᠭ ᠤᠨ ᠤᠷᠠᠨ ᠪᠢᠴᠢᠯᠭᠡᠳᠡᠳ ᠤᠨ ᠢᠷᠦᠬᠡᠯ ᠵᠦᠩᠨᠡᠯ ᠢᠶᠠᠨ ᠰᠢᠩᠭᠡᠭᠡᠨ ᠪᠢᠴᠢᠭᠰᠡᠨ ᠬᠤᠤᠰ ᠤᠶᠠᠩᠭ᠎ᠠ ᠨᠢ | ᠠᠬᠤᠢ ᠳᠠᠯᠠᠪᠠᠢ ᠳᠤ ᠮᠤᠷᠢᠯᠠᠨ ᠰᠠᠭᠠᠳᠠᠭᠰᠠᠨ ᠠᠬᠠᠮᠠᠳ ᠳᠤᠮᠤᠭᠠᠳᠠᠨ᠂ ᠮᠠᠯᠴᠢᠨ ᠲᠦᠮᠡᠨ ᠤ ᠪᠠᠭ᠋ᠠᠷᠬᠠᠯ ᠬᠦᠷᠢᠶᠡᠯᠡᠯ | ᠢ ᠤᠯᠵᠠᠢ᠃ | ᠱᠠᠭ᠎ᠠ ᠲᠣᠭᠯᠠᠭᠠᠮ᠂ ᠬᠥᠵᠥᠷ ᠤᠨ ᠤᠷᠤᠯᠳᠤᠭᠠᠨ ᠳᠤ ᠨᠠᠰᠤᠲᠠᠶᠢᠴᠤᠳ ᠢᠳᠡᠪᠬᠢᠯᠡᠨ ᠣᠷᠣᠯᠴᠠᠵᠤ᠂ ᠰᠢᠨ᠎ᠡ | ᠴᠠᠭ ᠦᠶ᠎ᠡ ᠶᠢᠨ ᠵᠤᠯ ᠵᠢᠷᠭᠠᠯᠳᠤ ᠨᠠᠰᠤᠳᠠᠶᠢᠴᠤᠳ ᠤᠨ ᠴᠤᠭ ᠵᠢᠪᠬᠤᠭ᠎ᠠ ᠶᠢ ᠢᠯᠡᠷᠡᠬᠦᠯᠵᠡᠢ᠃ ᠠᠵᠢᠯᠯᠠᠭ᠎ᠠ ᠳᠤ | ᠪᠠᠰᠠ ᠰᠤᠷᠭᠠᠨ ᠬᠦᠮᠦᠵᠢᠯ ᠤᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠭᠰᠢᠨᠠᠷ ᠢ | ᠬᠥᠬᠢᠭᠦᠯᠦᠨ ᠰᠠᠶᠢᠰᠢᠶᠠᠪᠠ᠃ | ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠠᠶᠠᠯᠢᠭ ᠰᠠᠶᠢᠬᠠᠨ ᠠᠵᠢᠯᠯᠠᠭᠠᠨ ᠤ | ᠠᠭᠤᠯᠭ᠎ᠠ ᠪᠠᠷ ᠳᠠᠮᠵᠢᠭᠤᠯᠵᠤ᠂ ᠨᠠᠰᠤᠲᠠᠶᠢᠴᠤᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ | ᠦᠨᠡᠨ ᠬᠦ ᠨᠡᠮᠡᠭᠳᠡᠭᠦᠯᠵᠦ᠂ ᠨᠠᠰᠤᠳᠠᠶᠢᠴᠤᠳ ᠲᠤ ᠬᠠᠯᠠᠭᠤᠨ ᠳᠤᠯᠠᠭᠠᠨ ᠪᠠ ᠵᠣᠯ ᠵᠢᠷᠭᠠᠯ ᠢ ᠮᠡᠳᠡᠷᠡᠬᠦᠯᠵᠦ᠂ | ᠬᠦᠭᠡᠭᠴᠢᠨ ᠮᠤᠭᠠᠢ ᠵᠢᠯ ᠢᠶᠠᠨ ᠬᠠᠮᠳᠤᠪᠡᠷ ᠤᠭᠳᠤᠪᠠ᠃ |