ᠪᠠᠶ᠋ᠬᠠᠠᠭᠤᠯᠠ ᠭᠠᠴᠠᠭ᠎ᠠ ︽ᠨᠠᠮ ᠳᠤ ᠪᠠᠨ ᠳᠠᠯᠠᠷᠬᠠᠵᠤ᠂ ᠨᠠᠮ ᠤᠨ ᠦᠬᠡ ᠶᠢ ᠰᠤᠨᠤᠰᠴᠤ᠂ ᠨᠠᠮ ᠢᠶᠠᠨ  ᠲᠠᠭᠠᠨ ᠤᠷᠤᠭᠰᠢᠯᠠᠬᠤ︾ ᠰᠢᠨ᠎ᠡ ᠵᠢᠯ ᠢᠶᠠᠨ ᠤᠭᠳᠤᠬᠤ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2025/1/28
     ᠠᠮᠵᠢᠯᠳᠠ ᠪᠦᠲᠦᠮᠵᠢ ᠦᠷ᠎ᠡ ᠦᠭᠭᠦᠭᠡᠵᠢ ᠪᠠᠷ ᠲᠦᠭᠦᠷᠡᠩ ᠬᠦᠬᠡ ᠯᠤᠤ ᠵᠢᠯ ᠢᠶᠠᠨ ᠦᠳᠡᠵᠦ᠂ ᠬᠡᠰᠢᠭ ᠪᠤᠶᠠᠨ ᠬᠤᠷᠤᠶᠢᠯᠠᠭᠰᠠᠨ ᠬᠦᠭᠡᠭᠴᠢᠨ ᠮᠤᠭᠠᠢ ᠵᠢᠯ ᠢᠶᠠᠨ ᠤᠭᠳᠤᠬᠤ ᠪᠠᠶᠠᠷᠳᠤ ᠮᠦᠴᠡ ᠳᠤ᠂ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠤᠨ ᠵᠢᠱᠢᠶᠡᠴᠢ ᠬᠠᠮᠳᠤ︾ ᠶᠢᠨ ᠢᠷᠠᠭᠤ ᠠᠯᠳᠠᠷᠳᠤ ᠪᠠᠶ᠋ᠬᠠᠠᠭᠤᠯᠠ ᠭᠠᠴᠠᠭ᠎ᠠ ︽ᠨᠠᠮ  ᠳᠤ ᠪᠠᠨ ᠳᠠᠯᠠᠷᠬᠠᠨ᠂ ᠨᠠᠮ ᠤᠨ ᠦᠬᠡ ᠶᠢ ᠰᠤᠨᠤᠰᠴᠤ᠂ ᠨᠠᠮ ᠢᠶᠠᠨ ᠲᠠᠭᠠᠨ ᠤᠷᠤᠭᠰᠢᠯᠠᠬᠤ︾ ᠰᠢᠨ᠎ᠡ ᠵᠢᠯ ᠢᠶᠠᠨ ᠤᠭᠳᠤᠬᠤ ᠠᠵᠢᠯᠯᠠᠭ᠎ᠠ ᠦᠷᠨᠢᠬᠦᠯᠵᠦ᠂ ᠪᠦᠬᠦ ᠭᠠᠴᠠᠭᠠᠨ ᠤ ᠦᠷᠭᠡᠨ ᠲᠦᠮᠡᠨ ᠬᠠᠮᠳᠤᠪᠡᠷ ᠰᠠᠷ᠎ᠠ ᠰᠢᠨ᠎ᠡ ᠪᠠᠨ ᠤᠭᠳᠤᠯ᠎ᠠ᠃ ᠬᠤᠰᠢᠭᠤ ᠤᠳᠤᠷᠢᠳᠤᠯᠭ᠎ᠠ ᠴᠧᠨ ᠢᠦᠶ ᠴᠧᠩ᠂ ᠰᠠᠶᠢᠨᠴᠣᠭᠲᠤ᠂ ᠳᠠᠯᠠᠨᠪᠠᠶᠠᠷ᠂ ᠯᠢ ᠭᠦᠸᠧ ᠴᠢᠩ ᠵᠢᠴᠢ ᠰᠠᠩᠪᠤᠯᠠᠭ ᠰᠤᠮᠤᠨ ᠤ ᠤᠳᠤᠷᠢᠳᠬᠤ ᠪᠠᠭ ᠤᠨ ᠪᠥᠬᠦ ᠭᠡᠰᠢᠭᠦᠳ ᠭᠠᠴᠠᠭᠠᠨ ᠤ ᠮᠠᠯᠴᠢᠨ ᠲᠦᠮᠡᠨ ᠲᠠᠢ ᠬᠠᠮᠳᠤ ᠠᠵᠢᠯᠯᠠᠭ᠎ᠠ ᠳᠤ ᠤᠷᠤᠯᠴᠠᠵᠠᠢ᠃      ᠪᠠᠶ᠋ᠬᠠᠠᠭᠤᠯᠠ ᠭᠠᠴᠠᠭᠠᠨ ᠤ ᠲᠦᠪ ᠲᠤ ᠪᠠᠶᠠᠷ ᠬᠦᠷ ᠪᠢᠯᠬᠠᠨ᠂ ᠮᠠᠯᠴᠢᠨ ᠲᠦᠮᠡᠨ ᠦᠩᠭᠡ ᠶᠢᠨ ᠳᠡᠪᠡᠯ ᠢᠶᠠᠷ  ᠢᠶᠠᠨ ᠭᠠᠩᠭᠠᠷᠠᠨ ᠬᠦᠷᠦᠯᠴᠨ ᠢᠷᠡᠵᠡᠭᠡᠵᠦ᠂ ︽ᠤᠯᠠᠭᠠᠨ ᠪᠤᠭᠴᠤ︾ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠰᠠᠭᠤᠷᠢᠨ ᠤ ᠰᠢᠨ᠎ᠡ ᠵᠢᠯ ᠤᠨ ᠵᠢᠷᠤᠭ ᠰᠡᠬᠦᠳᠡᠷ ᠳᠠᠳᠠᠬᠤ ᠳᠤᠭᠤᠷᠢᠭ ᠲᠤ ᠵᠢᠷᠤᠭ ᠳᠤᠷᠠᠰᠬᠠᠯ ᠦᠯᠡᠳᠡᠭᠡᠨ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠳᠤ ᠬᠤᠷᠠᠯ ᠤᠨ ᠤᠷᠠᠨ ᠪᠢᠴᠢᠯᠭᠡᠲᠡᠳ ᠤᠷᠠᠨ ᠦᠵᠦᠭ ᠢᠶᠠᠷ ᠢᠶᠠᠨ ᠤᠷᠠᠯᠠᠨ ᠪᠦᠲᠦᠭᠡᠭᠰᠡᠨ ︽ᠴᠠᠭᠠᠨ ᠰᠠᠷ᠎ᠠ ᠶᠢᠨ ᠬᠤᠤᠰ ᠤᠶᠠᠩᠭ᠎ᠠ︾ ᠪᠠᠷ ᠢᠶᠠᠨ ᠮᠠᠯᠴᠢᠨ ᠲᠦᠮᠡᠨ ᠳᠤ ᠰᠠᠷ᠎ᠠ ᠰᠢᠨ᠎ᠡ ᠶᠢᠨ ᠪᠡᠯᠡᠭ ᠪᠤᠯᠭᠠᠨ ᠪᠠᠷᠢᠵᠤ᠂ ︽ᠤᠯᠠᠭᠠᠨ ᠪᠣᠭᠴᠣ︾ ᠨᠠᠷᠠᠲᠤ ᠲᠡᠮᠳᠡᠭᠲᠦ ᠴᠠᠭᠠᠨ ᠰᠠᠷ᠎ᠠ ᠶᠢᠨ ᠪᠠᠷᠠᠭ᠎ᠠ ᠳᠠᠸᠠᠷ ᠤᠨ ᠪᠤᠷᠤᠯᠠᠭᠤᠯᠭ᠎ᠠ ᠬᠦᠭᠵᠢᠶᠡᠨᠳᠡᠢ ᠶᠠᠪᠤᠭᠳᠠᠨ᠂ ︽ᠤᠯᠠᠭᠠᠨ ᠪᠤᠭᠴᠤ︾ ᠮᠠᠯᠴᠢᠳ ᠤᠨ ᠬᠤᠷᠰᠢᠶᠠᠵᠢᠯ ᠤᠨ ᠬᠠᠳᠠᠭᠠᠭᠰᠠᠨ ᠪᠤᠷᠴᠠ᠂ ᠰᠠᠶ᠋ᠢᠬᠠᠨ ᠵᠠᠬ᠎ᠠ ᠳᠤ ᠭᠠᠷᠤᠭᠰᠠᠨ ︽ᠤᠯᠠᠭᠠᠨ ᠪᠤᠭᠴᠤ︾ ᠨᠡᠷᠡᠳᠦ ᠳᠡᠮᠳᠡᠭᠳᠦ ᠬᠠᠶᠢᠷᠴᠠᠭ ᠲᠠᠢ ᠰᠦ ᠤᠯᠠᠨ ᠲᠦᠮᠡᠨ ᠤ ᠳᠠᠭᠠᠰᠢᠶᠠᠯ ᠳᠤ ᠬᠦᠷᠴᠦ᠂ ᠮᠠᠯᠴᠢᠨ ᠲᠦᠮᠡᠨ ᠤ ᠦᠪᠡᠷᠳᠡᠭᠡᠨ ᠬᠢᠭᠰᠡᠨ ᠴᠡᠪᠡᠷ ᠪᠠᠶᠢᠭᠠᠯᠢᠯᠢᠭ ᠴᠠᠭᠠᠨ ᠢᠳᠡᠭᠡ᠂ ᠭᠠᠷ ᠤᠷᠠᠯᠠᠯ ᠤᠨ ᠪᠦᠲᠦᠭᠡᠭᠳᠡᠬᠦᠨ ᠰᠠᠷ᠎ᠠ ᠰᠢᠨ᠎ᠡ ᠶᠢᠨ ᠪᠡᠯᠡᠳᠭᠡᠯ  ᠤᠨ ᠰᠠᠶᠢᠨ ᠰᠤᠩᠭᠤᠯᠳᠠ ᠪᠤᠯᠤᠭᠰᠠᠨ ᠪᠠᠶᠢᠨ᠎ᠠ᠃ ᠤᠷᠤᠢ ᠨᠢ ᠤᠯᠠᠮᠵᠢᠯᠠᠯᠲᠤ ᠭᠠᠯ ᠳᠠᠬᠢᠯᠭ᠎ᠠ ᠶᠢᠨ ᠠᠵᠢᠯᠯᠠᠭ᠎ᠠ ᠬᠦᠭᠵᠢᠶᠡᠨᠳᠡᠢ ᠶᠠᠪᠤᠭᠳᠠᠵᠤ᠂ ᠮᠠᠯᠴᠢᠨ ᠲᠦᠮᠡᠨ ᠢᠳᠡᠭᠡ ᠰᠢᠬᠦᠰᠦᠨ ᠤ ᠪᠠᠨ ᠳᠡᠭᠡᠵᠢ ᠶᠢ ᠭᠠᠯ ᠳᠤ ᠪᠠᠨ ᠡᠷᠬᠦᠵᠦ᠂ ᠨᠠᠷᠠ ᠬᠤᠷ᠎ᠠ ᠳᠡᠭᠰᠢ ᠰᠠᠶᠢᠬᠠᠨ ᠵᠢᠯ ᠪᠤᠯᠵᠤ᠂ ᠮᠠᠯ ᠰᠦᠷᠦᠭ ᠦᠨᠢᠷ ᠦᠰᠦᠨ᠂ ᠮᠠᠯᠴᠢᠨ ᠲᠦᠮᠡᠨ ᠮᠠᠩᠨᠠᠢ ᠲᠡᠨᠢᠢᠨ ᠪᠠᠶᠠᠰᠬᠤ ᠶᠢᠨ ᠦᠯᠵᠡᠶᠢᠳᠡᠢ ᠬᠦᠰᠡᠯ ᠢᠶᠠᠨ  ᠳᠠᠭᠠᠳᠬᠠᠭᠰᠠᠨ ᠤ ᠬᠠᠮᠳᠤ ᠳᠦᠳᠡᠭ ᠭᠠᠯ ᠡᠬᠦᠰᠭᠡᠨ ᠪᠠᠶᠠᠰᠤᠨ ᠨᠠᠷᠬᠢᠯᠳᠤᠯ᠎ᠠ᠃      ᠭᠠᠯ ᠳᠠᠬᠢᠯᠭ᠎ᠠ ᠶᠢᠨ ᠳᠠᠷᠠᠭ᠎ᠠ ᠪᠠᠰᠠ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠠᠪᠤᠭᠳᠠᠭᠤᠯᠤᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠠᠶᠢᠨᠴᠣᠭᠲᠤ ᠠᠵᠢᠯᠯᠠᠭ᠎ᠠ ᠳᠤ ᠪᠠᠶᠠᠷ ᠤᠨ ᠶᠠᠷᠢᠶ᠎ᠠ ᠬᠢᠵᠦ᠂ ᠮᠠᠯᠴᠢᠨ ᠲᠦᠮᠡᠨ  ᠳᠤ ᠰᠠᠷ᠎ᠠ ᠰᠢᠨ᠎ᠡ ᠶᠢᠨ ᠮᠡᠨᠳᠦᠴᠢᠯᠡᠯ ᠵᠦᠩᠨᠡᠯ ᠳᠡᠪᠰᠢᠬᠦᠯᠦᠭᠰᠡᠨ ᠤ ᠬᠠᠮᠳᠤ ᠪᠠᠶ᠋ᠬᠠᠠᠭᠤᠯᠠ ᠭᠠᠴᠠᠭᠠᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠳᠠᠬᠢ ᠲᠤᠪᠤᠶᠢᠮ᠎ᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠨᠤᠲᠠᠯᠠᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ︾ ᠶᠢᠨ ᠢᠷᠠᠭᠤ ᠠᠯᠳᠠᠷ ᠢᠶᠠᠨ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠪᠤᠯᠭᠠᠵᠤ᠂ ᠦᠷᠬᠦᠯᠵᠢᠯᠡᠨ ᠬᠢᠯᠠᠯᠵᠠᠮ᠎ᠠ ᠠᠮᠵᠢᠯᠳᠠ ᠪᠠᠶᠢᠭᠤᠯᠬᠤ ᠶᠢ ᠵᠤᠷᠢᠭᠵᠢᠭᠤᠯᠪᠠ᠃      ︽ᠤᠯᠠᠭᠠᠨ ᠪᠤᠭᠴᠤ ᠶᠢᠨ ᠳᠠᠭᠤᠯᠠᠯ︾ ᠭᠡᠬᠦ ᠠᠶ᠎ᠠ ᠳᠠᠭᠤᠨ ᠤ ᠡᠭᠡᠰᠢᠭ ᠢᠶᠠᠷ ᠡᠨᠡᠬᠦ ᠠᠵᠢᠯᠯᠠᠭᠠᠨ ᠤ ᠤᠷᠠᠨ ᠰᠠᠶᠢᠬᠠᠨ ᠤ ᠳᠤᠭᠯᠠᠯᠳᠠ ᠡᠬᠢᠯᠡᠵᠦ᠂ ᠬᠤᠰᠢᠭᠤ ᠤᠯᠠᠭᠠᠨᠮᠦ᠋ᠴᠢᠷ ᠤᠨ ᠳᠤᠭᠯᠠᠭᠴᠢᠳ ᠵᠢᠴᠢ ︽ᠠᠰᠠᠷ︾ ᠨᠠᠰᠤᠳᠠᠶᠢᠴᠤᠳ ᠤᠨ ᠤᠷᠠᠯᠢᠭ ᠤᠨ ᠪᠦᠯᠬᠦᠮ ᠤᠨ ᠤᠳᠬ᠎ᠠ ᠤᠷᠠᠯᠢᠭ ᠤᠨ ᠪᠠᠭ᠋ᠠᠳᠠᠳ ᠤᠨ ᠤᠶᠠᠩᠭ᠎ᠠ ᠳᠠᠭᠤᠤ ᠤᠷᠠᠨ ᠪᠦᠵᠢᠭ ᠠᠵᠢᠯᠯᠠᠭ᠎ᠠ ᠶᠢ ᠤᠯᠠᠮ ᠦᠩᠭᠡᠵᠢᠬᠦᠯᠦᠨ᠂ ᠮᠠᠯᠴᠢᠨ ᠲᠦᠮᠡᠨ ᠢ ᠪᠠᠶᠠᠰᠬᠠᠯ᠎ᠠ᠃      ᠠᠵᠢᠯᠯᠠᠭᠠᠨ ᠤ ᠡᠴᠦᠰ ᠲᠤ᠂ ᠭᠠᠴᠠᠭᠠᠨ ᠠᠴᠠ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠪᠠᠨ ︽ᠤᠯᠠᠭᠠᠨ ᠪᠣᠭᠴᠣ︾ ᠨᠡᠷᠡᠳᠦ ᠳᠡᠮᠳᠡᠭᠳᠦ ᠬᠠᠶᠢᠷᠴᠠᠭ ᠲᠠᠢ ᠰᠦ ᠭᠠᠷᠳᠠᠭᠤᠯᠤᠨ᠂ ᠰᠠᠷ᠎ᠠ ᠰᠢᠨ᠎ᠡ ᠶᠢᠨ ᠪᠡᠯᠡᠭ ᠪᠠᠷᠢᠵᠤ᠂ ᠨᠠᠮ ᠵᠠᠰᠠᠭ ᠤᠨ ᠳᠣᠲᠣᠨᠣ ᠬᠠᠯᠠᠮᠵᠢᠯᠠᠯ ᠢ ᠮᠡᠳᠡᠷᠡᠬᠦᠯᠦᠨ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠤᠯᠠᠮᠵᠢᠯᠠᠨ ᠪᠠᠳᠠᠷᠠᠭᠤᠯᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号