ᠮᠠᠨ ᠤ ᠬᠤᠰᠢᠭᠤ 756.25 ᠲᠦᠮᠡᠨ ᠲᠥᠭᠦᠷᠢᠭ ᠤᠨ ᠦᠨᠳᠦᠰᠦᠨ ᠱᠠᠲᠤᠨ ᠤ ᠭᠠᠮᠰᠢᠭ ᠠᠴᠠ ᠰᠡᠷᠭᠡᠶᠢᠯᠡᠬᠦ ᠲᠥᠷᠥᠯ ᠵᠦᠢᠯ ᠤᠨ ᠡᠳ᠋ ᠪᠣᠳᠠᠰ ᠲᠠᠷᠬᠠᠭᠠᠪᠠ
ᠨᠡᠶᠢᠲᠡᠯᠡᠭᠰᠡᠨ ᠴᠠᠭ᠄
2025/1/3
     ᠤᠶᠢᠷ᠎ᠠ ᠶᠢᠨ ᠡᠳᠦᠷ᠂ ᠮᠠᠨ ᠤ ᠬᠤᠰᠢᠭᠤ 290 ᠰᠠᠭᠤᠷᠢ 756.25 ᠲᠦᠮᠡᠨ ᠲᠦᠭᠦᠷᠢᠭ ᠤᠨ ᠦᠨᠳᠦᠰᠦᠨ ᠱᠠᠲᠤᠨ ᠤ ᠭᠠᠮᠰᠢᠭ ᠠᠴᠠ ᠰᠡᠷᠭᠡᠶᠢᠯᠡᠬᠦ ᠲᠥᠷᠥᠯ ᠵᠦᠢᠯ ᠤᠨ ᠲᠣᠨᠤᠭ ᠲᠥᠬᠦᠭᠡᠷᠦᠮᠵᠢ ᠡᠳ᠋ ᠪᠣᠳᠠᠰ ᠢ ᠡᠯ᠎ᠡ ᠰᠤᠮᠤ ᠪᠠᠯᠭᠠᠰᠤᠨ ᠳᠤ ᠲᠠᠷᠬᠠᠭᠠᠪᠠ᠃      ᠲᠤᠰ ᠤᠳᠠᠭᠠᠨ ᠤ ᠲᠠᠷᠬᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠳ᠋ ᠪᠣᠳᠠᠰ ᠲᠤ ᠲᠤᠶᠢᠮᠡᠷ ᠤᠨᠲᠠᠷᠠᠭᠠᠬᠤ ᠲᠡᠷᠭᠡ᠂ ᠬᠤᠪᠢ ᠬᠦᠮᠦᠨ ᠤ ᠦᠪᠴᠢ ᠲᠣᠨᠣᠭᠯᠠᠯ᠂ ᠰᠠᠯᠬᠢᠨ ᠬᠦᠴᠦᠨ ᠤ ᠲᠤᠶᠢᠮᠡᠷ ᠤᠨᠲᠠᠷᠠᠭᠠᠬᠤ ᠮᠠᠰᠢᠨ᠂ ᠡᠯᠡᠰᠦᠷᠬᠡᠭ ᠭᠠᠵᠠᠷ ᠤᠨ ᠮᠣᠲ᠋ᠣᠷ ᠵᠡᠷᠭᠡ ᠪᠠᠭᠲᠠᠨ᠎ᠠ᠃ ᠲᠥᠷᠥᠯ ᠵᠦᠢᠯ ᠤᠨ ᠲᠣᠨᠤᠭ ᠲᠥᠬᠦᠭᠡᠷᠦᠮᠵᠢ ᠡᠳ᠋ ᠪᠤᠳᠠᠰ ᠢ ᠡᠯ᠎ᠡ ᠰᠤᠮᠤ ᠪᠠᠯᠭᠠᠰᠤᠨ ᠳᠤ ᠬᠤᠪᠢᠳᠠᠨ ᠲᠠᠷᠬᠠᠭᠠᠭᠰᠠᠨ ᠨᠢ ᠦᠨᠳᠦᠰᠦᠨ ᠱᠠᠲᠤᠨ ᠤ ᠰᠠᠭᠤᠷᠢ ᠲᠥᠬᠦᠭᠡᠷᠦᠮᠵᠢ ᠶᠢ ᠪᠠᠬᠢᠵᠢᠬᠦᠯᠦᠭᠰᠡᠨ ᠮᠦᠷᠳᠡᠭᠡᠨ ᠲᠣᠨᠤᠭ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠂ ᠠᠪᠤᠷᠠᠨ ᠲᠤᠰᠠᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠬᠦᠯᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ︽ᠶᠠᠮᠠᠷᠪᠠ ᠭᠠᠮᠰᠢᠭ ᠤᠨ ᠪᠠᠶᠢᠳᠠᠯ ᠢ ᠪᠠᠴᠢᠮ ᠠᠷᠭᠠᠴᠠᠬᠤ︾ ᠲᠡᠰᠢ ᠬᠤᠪᠢᠷᠠᠭᠤᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠨᠡᠩ ᠪᠠᠲᠤ ᠪᠠᠬᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号