ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠥᠨᠢᠳ ᠪᠠᠷᠠᠭᠤᠨ ᠬᠤᠰᠢᠭᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠡᠬᠢᠯᠡᠬᠦ ᠪᠠᠷ ᠪᠠᠶᠢᠭ᠎ᠠ | ᠳᠠᠰᠢᠷᠠᠮ ᠳᠤ᠂ ᠦᠨᠦᠳᠦᠷ ᠮᠠᠨ ᠤ ᠬᠤᠰᠢᠭᠤᠨ ᠤ ᠡᠯ᠎ᠡ ᠠᠵᠢᠯ ᠲᠦᠷᠦᠯ ᠤᠨ ᠹᠠᠷᠤᠲ ᠠᠴᠠ ᠬᠦᠷᠦᠯᠴᠡᠨ | ᠢᠷᠡᠭᠰᠡᠨ 117 ᠨᠡᠷ᠎ᠡ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠪᠦᠬᠦ ᠬᠤᠰᠢᠭᠤᠨ ᠤ ᠥᠷᠭᠡᠨ ᠲᠦᠮᠡᠨ ᠤ | ᠬᠦᠰᠡᠯ ᠨᠠᠶᠢᠳᠠᠯᠭ᠎ᠠ ᠶᠢ ᠡᠪᠦᠷᠯᠡᠨ᠂ ᠨᠢᠮᠪᠠᠶ ᠪᠡᠯᠡᠳᠬᠡᠭᠰᠡᠨ ᠰᠠᠨᠠᠯ ᠵᠥᠪᠯᠡᠯᠭᠡ ᠪᠠᠨ ᠳᠡᠪᠰᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠨ᠂ ᠪᠦᠬᠦ ᠬᠤᠰᠢᠭᠤᠨ ᠤ ᠬᠥᠭᠵᠢᠯᠲᠡ ᠳᠤ ᠣᠶᠤᠨ ᠤᠬᠠᠭᠠᠨ ᠬᠦᠴᠦᠨ | ᠴᠢᠳᠠᠯ ᠢᠶᠠᠨ ᠡᠷᠭᠦᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠶᠡᠭᠡ ᠬᠤᠷᠠᠯ ᠳᠤ ᠨᠡᠷ᠎ᠡ ᠮᠡᠳᠡᠭᠦᠯᠦᠯ᠎ᠡ᠃ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠤ᠂ ᠳᠡᠳ᠋ ᠲᠡᠷᠢᠭᠦᠯᠡᠭᠴᠢ ᠪᠠᠶᠠᠷ᠂ ᠨᠠᠷᠠᠰᠤ ᠲᠤᠬᠠᠶ ᠶᠢᠨ | ᠲᠠᠯᠠᠪᠠᠶ ᠳᠤ ᠬᠦᠷᠴᠦ ᠬᠡᠰᠢᠬᠦᠳ ᠤᠨ ᠨᠡᠷ᠎ᠡ ᠮᠡᠳᠡᠬᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ | ᠨᠡᠷ᠎ᠡ ᠮᠡᠳᠡᠭᠦᠯᠬᠦ ᠲᠤᠬᠠᠶ ᠶᠢᠨ ᠳᠠᠯᠠᠪᠠᠢ ᠳᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠵᠢᠯᠳᠠᠨ ᠤ | ᠵᠢᠯᠤᠭᠤᠳᠤᠯᠭ᠎ᠠ ᠪᠠᠷ᠂ ᠨᠡᠷ᠎ᠡ ᠮᠡᠳᠡᠭᠦᠯᠬᠦ ᠭᠠᠷ ᠭᠦᠢᠴᠡᠳᠬᠡᠯ ᠢ ᠡᠮᠬᠢ ᠵᠢᠷᠤᠮ ᠲᠠᠢ ᠪᠠᠷ ᠭᠦᠢᠴᠡᠳᠬᠡᠵᠦ᠂ ᠬᠤᠷᠠᠯ ᠤᠨ | ᠮᠠᠲ᠋ᠧᠷᠢᠶᠠᠯ ᠪᠠ ᠦᠨᠡᠮᠯᠡᠯ ᠢᠶᠠᠨ ᠠᠪᠴᠤ᠂ ᠶᠡᠭᠡ ᠬᠤᠷᠠᠯ ᠤᠨ ᠵᠥᠪᠯᠡᠬᠦ ᠵᠦᠢᠯ ᠪᠠ ᠡᠳᠦᠷ ᠤᠨ ᠳᠠᠷᠠᠭᠠᠯᠠᠯ ᠤᠨ | ᠲᠤᠬᠢᠷᠠᠭᠤᠯᠤᠯᠳᠠ ᠶᠢ ᠴᠠᠭ ᠲᠤᠬᠠᠶ ᠳᠤᠨᠢ ᠣᠶᠢᠯᠠᠭᠠᠵᠤ᠂ ᠬᠤᠷᠠᠯ ᠤᠨ ᠮᠠᠲ᠋ᠧᠷᠢᠶᠠᠯ ᠢ ᠰᠤᠳᠤᠯᠤᠨ ᠤᠩᠰᠢᠵᠤ᠂ ᠶᠡᠭᠡ | ᠬᠤᠷᠠᠯ ᠳᠤ ᠤᠷᠤᠯᠴᠠᠬᠤ ᠪᠠᠷ ᠪᠦᠷᠢᠨ ᠪᠡᠯᠡᠳᠬᠡᠵᠦ ᠪᠠᠶᠢᠯ᠎ᠠ᠃ | ᠭᠡᠰᠢᠭᠦᠳ᠂ ᠨᠡᠶᠢᠭᠡᠮ ᠪᠠ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠰᠡᠳᠬᠢᠯ ᠲᠠᠯᠪᠢᠵᠤ᠂ | ᠲᠣᠰ ᠲᠤᠰ ᠤᠨ ᠠᠵᠢᠯ ᠤᠨ ᠪᠠᠶᠢᠷᠢ ᠲᠠᠢ ᠪᠠᠨ ᠤᠶᠠᠯᠳᠤᠭᠤᠯᠤᠨ᠂ ᠤᠯᠤᠰ ᠲᠥᠷᠥ ᠶᠢᠨ ᠵᠥᠪᠯᠡᠯᠭᠡ ᠬᠢᠬᠦ᠂ | ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠦ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ | ᠢᠳᠡᠭᠡᠯ ᠲᠡᠭᠦᠯᠳᠡᠷ ᠪᠠᠶᠢᠯ᠎ᠠ᠃ | | |