1 ᠰᠠᠷ᠎ᠠ ᠶᠢᠨ 4 ᠤ ᠦᠳᠡ ᠶᠢᠨ ᠬᠤᠶᠢᠨ᠎ᠠ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ | ᠤᠳᠤᠷᠢᠳᠤᠯᠭ᠎ᠠ ᠰᠠᠭᠤᠭ᠎ᠠ ᠭᠠᠵᠠᠷ ᠲᠤ ᠬᠦᠷᠴᠦ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ | ᠳᠥᠷᠪᠡᠳᠦᠭᠡᠷ ᠬᠤᠷᠠᠯ ᠳᠤ ᠤᠷᠤᠯᠴᠠᠬᠤ ᠪᠠᠷ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠣᠯᠭᠤᠭᠠᠨ | ᠦᠵᠡᠭᠰᠡᠨ ᠪᠠᠶᠢᠨ᠎ᠠ᠃ | ᠤᠳᠤᠷᠢᠳᠤᠯᠭ᠎ᠠ ᠨᠠᠷ ᠭᠡᠰᠢᠭᠦᠳ ᠲᠠᠢ ᠨᠢᠭᠡᠳ ᠨᠢᠭᠡ ᠪᠠᠷ ᠭᠠᠷ ᠠᠳᠬᠤᠨ᠂ ᠳᠣᠲᠣᠨᠣ ᠪᠠᠷ ᠶᠠᠷᠢᠯᠴᠠᠵᠤ᠂ | ᠲᠡᠳᠡᠨ ᠤ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠥᠩᠭᠡᠷᠡᠭᠰᠡᠨ ᠨᠢᠭᠡ ᠵᠢᠯ ᠳᠤ᠂ ᠪᠦᠬᠦ ᠬᠤᠰᠢᠭᠤ ᠳᠠᠶᠠᠭᠠᠷ ᠢᠶᠠᠨ ᠰᠡᠳᠬᠢᠯ | ᠨᠢᠭᠡᠳᠬᠡᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠂ ᠬᠦᠴᠦᠯᠡᠨ ᠴᠢᠷᠮᠠᠶᠢᠵᠤ᠂ ᠪᠦᠬᠦ ᠬᠤᠰᠢᠭᠤᠨ ᠤ ᠴᠢᠨᠠᠷᠯᠢᠭ ᠬᠥᠭᠵᠢᠯᠲᠡ ᠶᠢ | ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠳᠠᠷᠠᠭᠤᠯᠤᠭᠰᠠᠨ ᠶᠤᠮ᠂ ᠣᠯᠠᠨ ᠢᠶᠠᠷ ᠢᠶᠠᠨ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠳᠤᠮᠳᠠᠬᠢ ᠭᠤᠣᠯ ᠴᠣᠭᠴᠠ ᠶᠢᠨ ᠦᠢᠯᠡᠳᠦᠯ᠂ ᠲᠤᠬᠠᠶᠢᠯᠠᠭᠰᠠᠨ ᠠᠵᠢᠯ ᠤᠨ ᠳᠤᠮᠳᠠᠬᠢ | ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠢᠨ᠎ᠡ ᠠᠯᠬᠤᠮ ᠢ ᠠᠯᠬᠤᠵᠦ᠂ ᠰᠢᠨ᠎ᠡ ᠲᠦᠷᠰᠦ ᠪᠠᠶᠢᠳᠠᠯ ᠢ ᠪᠠᠳᠠᠷᠠᠭᠤᠯᠬᠤ ᠶᠢ | ᠬᠦᠰᠡᠵᠦ ᠪᠠᠶᠢᠨ᠎ᠠ ᠭᠡᠵᠡᠢ᠃ | ᠴᠧᠨ ᠢᠦᠢ ᠴᠧᠩ ᠵᠢᠭᠠᠬᠤ ᠳᠤ ᠪᠠᠨ᠂ ᠬᠤᠶᠠᠷ ᠬᠤᠷᠠᠯ ᠪᠣᠯ ᠪᠦᠬᠦ ᠬᠤᠰᠢᠭᠤᠨ ᠤ ᠤᠯᠤᠰ ᠲᠥᠷᠥ ᠶᠢᠨ | ᠠᠮᠢᠳᠤᠷᠠᠯ ᠳᠠᠬᠢ ᠨᠢᠭᠡᠨ ᠲᠣᠮᠣ ᠶᠠᠪᠤᠳᠠᠯ᠂ ᠪᠠᠶᠠᠷᠲᠤ ᠶᠠᠪᠤᠳᠠᠯ᠂ ᠴᠢᠬᠤᠯᠠ ᠶᠠᠪᠤᠳᠠᠯ ᠮᠥᠨ᠂ ᠡᠨᠡ ᠨᠢ ᠪᠦᠬᠦ | ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠵᠦ ᠪᠠᠶᠢᠳᠠᠭ᠃ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ | ᠪᠠ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ ᠦᠨ᠎ᠡ | ᠥᠷᠲᠡᠭ ᠲᠠᠢ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ ᠪᠠ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠠᠷᠠᠳ | ᠲᠦᠮᠡᠨ ᠠᠴᠠ ᠣᠯᠭᠤᠭᠰᠠᠨ ᠡᠷᠬᠡ ᠪᠠᠨ ᠰᠠᠶᠢᠲᠤᠷ ᠬᠡᠷᠡᠭᠵᠢᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ | ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠣᠶᠤᠨ ᠴᠢᠳᠠᠯ ᠢᠶᠠᠨ | ᠲᠥᠪᠯᠡᠷᠡᠭᠦᠯᠦᠨ ᠬᠤᠷᠠᠯ ᠢ ᠰᠠᠶᠢᠲᠤᠷ ᠬᠤᠷᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠡᠢ᠃ | ᠬᠠᠯᠠᠭᠤᠨ ᠳᠣᠲᠣᠨᠣ ᠮᠡᠨᠳᠦᠴᠢᠯᠡᠯ᠂ ᠵᠣᠷᠢᠭᠵᠢᠭᠤᠯᠤᠯ ᠤᠨ ᠦᠭᠡ ᠨᠢ ᠭᠡᠰᠢᠭᠦᠳ ᠤᠨ ᠤᠷᠮ᠎ᠠ ᠵᠣᠷᠢᠭ ᠢ | ᠬᠥᠪᠴᠢᠯᠡᠪᠡ᠃ ᠭᠡᠰᠢᠭᠦᠳ ᠢᠯᠡᠷᠬᠡᠶᠢᠯᠡᠬᠦ ᠳᠡᠭᠡᠨ᠂ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠬᠠᠯᠠᠭᠤᠨ | ᠰᠡᠳᠬᠢᠯᠭᠡ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠶᠡᠭᠡ ᠬᠤᠷᠠᠯ ᠤᠨ ᠡᠯ᠎ᠡ ᠵᠦᠢᠯ ᠤᠨ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠨ ᠶᠠᠷᠢᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠲᠠᠪᠴᠠᠩ | ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠭᠠᠪᠢᠶ᠎ᠠ | ᠪᠠᠶᠢᠭᠤᠯᠤᠨ ᠦᠢᠯᠡᠰ ᠴᠣᠭᠴᠠᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠳᠤᠮᠳᠠ ᠰᠠᠶᠢᠨ ᠭᠤᠣᠯᠯᠠᠭᠴᠢ ᠪᠠ ᠳᠠᠭᠠᠭᠤᠯᠤᠭᠴᠢ ᠪᠣᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠤᠨ | ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ ᠭᠡᠵᠡᠢ᠃ | |