ᠰᠥᠨᠢᠳ ᠪᠠᠷᠠᠭᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ 2025 ᠣᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2025/1/4
     1 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠰᠥᠨᠢᠳ ᠪᠠᠷᠠᠭᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ 2025 ᠣᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠲᠦ ᠬᠤᠷᠠᠯ ᠳᠤ ᠤᠷᠤᠯᠴᠠᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶᠠᠷ ᠬᠤᠷᠠᠯ ᠡᠷᠬᠢᠯᠡᠪᠡ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠠᠨ ᠰᠢᠤ ᠵᠢᠶᠦ᠋ᠨ᠂ ᠨᠠᠷᠠᠰᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ᠂ ᠬᠤᠰᠢᠭᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠰᠢᠦᠢ ᠽᠢ ᠮᠢᠩ ︽ᠵᠥᠪ ᠣᠨᠣᠪᠴᠢᠲᠠᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠰᠡᠳᠦᠪ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠰᠠᠭᠤᠷᠢ ᠪᠤᠯᠤᠨ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢᠨ ᠲᠣᠭᠤᠷᠢᠨ ᠳᠤ ᠭᠦᠨᠵᠡᠭᠡᠢ ᠲᠠᠶᠢᠯᠤᠮᠵᠢ ᠬᠢᠭᠰᠡᠨ ᠪᠠᠶᠢᠨ᠎ᠠ᠃      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠤᠯᠬᠤ ᠮᠦᠷᠳᠡᠭᠡᠨ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠮᠥᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠶᠡᠷᠦᠩᠬᠡᠢ ᠱᠦᠵᠢ   ᠶᠢᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠲᠦᠷᠦᠯ ᠤᠨ ᠠᠵᠢᠯ ᠳᠠᠭᠠᠨ ᠦᠨᠡᠨ ᠪᠣᠳᠠᠲᠠᠢ ᠪᠦᠲᠦᠮᠵᠢᠲᠡᠢ ᠲᠤᠤᠱᠯᠠᠭᠤᠯᠵᠤ᠂ ᠡᠯ᠎ᠡ ᠡᠳᠡᠭᠡᠳ ᠤᠨ ᠬᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ︾ ᠪᠤᠯᠬᠤ ᠢᠷᠠᠭᠤ ᠠᠯᠳᠠᠷ ᠢᠶᠠᠨ ᠨᠠᠨᠳᠢᠩᠨᠡᠨ ᠬᠠᠮᠠᠭᠠᠯᠠᠵᠤ᠂ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠳᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠬᠦᠯᠬᠦ ᠬᠡᠷᠡᠭᠲᠡᠢ ᠭᠡᠵᠡᠢ᠃      ᠲᠤᠰ ᠤᠳᠠᠭᠠᠨ ᠤ ᠪᠤᠯᠪᠠᠰᠤᠷᠠᠯ ᠨᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠠᠭᠤᠯᠭ᠎ᠠ ᠶᠢᠨ ᠲᠤᠬᠠᠢ ᠣᠶᠢᠯᠠᠭᠠᠯᠲᠠ ᠪᠠ ᠡᠵᠡᠮᠰᠢᠯ ᠢ ᠭᠦᠨᠵᠡᠭᠡᠶᠢᠷᠡᠭᠦᠯᠵᠡᠢ᠃ ᠣᠯᠠᠨ ᠢᠶᠠᠷ ᠢᠶᠠᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠯ᠎ᠡ ᠲᠦᠷᠦᠯ ᠤᠨ ᠠᠵᠢᠯ ᠤᠨ ᠳᠤᠮᠳᠠ ᠢᠯᠡᠷᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号