ᠦᠨᠦᠳᠦᠷ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠤ ᠣᠷᠣᠯᠴᠠᠬᠤ ᠪᠠᠷ ᠪᠠᠶᠢᠭ᠎ᠠ 148 | ᠨᠡᠷ᠎ᠡ ᠲᠥᠯᠥᠭᠡᠯᠡᠭᠴᠢᠳ ᠪᠦᠬᠦ ᠬᠤᠰᠢᠭᠤᠨ ᠤ ᠦᠷᠭᠡᠨ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ᠂ ᠤᠷᠤᠨ | ᠨᠤᠳᠤᠭ ᠤᠨ ᠬᠦᠭᠵᠢᠯ ᠳᠤ ᠠᠷᠭ᠎ᠠ ᠪᠤᠳᠤᠯᠭ᠎ᠠ ᠡᠷᠬᠦᠬᠦ ᠬᠠᠯᠠᠭᠤᠨ ᠰᠡᠳᠬᠢᠯᠬᠡ ᠪᠠᠷ ᠶᠡᠭᠡ ᠬᠤᠷᠠᠯ ᠳᠤ ᠨᠡᠷ᠎ᠡ | ᠮᠳᠡᠬᠦᠯᠦᠯᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠲᠡᠮᠦᠷ ᠲᠦᠯᠦᠭᠡᠯᠡᠭᠴᠢᠳ ᠤᠨ ᠨᠡᠷ᠎ᠡ ᠮᠡᠳᠡᠬᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ | ᠪᠦᠬᠦ ᠬᠤᠰᠢᠭᠤᠨ ᠤ ᠡᠯ᠎ᠡ ᠠᠵᠢᠯ ᠲᠦᠷᠦᠯ ᠤᠨ ᠹᠷᠣᠨᠲ ᠠᠴᠠ ᠢᠷᠡᠭᠰᠡᠨ ᠲᠥᠯᠥᠭᠡᠯᠡᠭᠴᠢᠳ ᠴᠤᠭ ᠵᠣᠷᠢᠭ | ᠳᠡᠬᠦᠯᠳᠡᠷ ᠢᠶᠠᠷ ᠨᠡᠷ᠎ᠡ ᠮᠡᠳᠡᠬᠦᠯᠬᠦ ᠲᠠᠯᠠᠪᠠᠢ ᠳᠤ ᠬᠦᠷᠴᠦ᠂ ᠠᠵᠢᠯᠲᠠᠨ ᠤ ᠵᠢᠯᠤᠭᠤᠳᠤᠯᠭ᠎ᠠ ᠳᠣᠣᠷ᠎ᠠ ︽ᠤᠶᠤᠨᠲᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠳᠠᠪᠴᠠᠩ ᠳᠤ ᠡᠮᠬᠢ ᠵᠢᠷᠤᠮ ᠲᠠᠢ ᠪᠠᠷ ᠭᠠᠷ ᠤᠨ ᠦᠰᠦᠭ | ᠵᠢᠷᠤᠵᠤ ᠨᠡᠷ᠎ᠡ ᠪᠠᠨ ᠪᠦᠷᠢᠳᠭᠡᠬᠦᠯᠦᠨ᠂ ᠬᠤᠷᠠᠯ ᠤᠨ ᠮᠠᠲ᠋ᠧᠷᠢᠶᠠᠯ ᠢᠶᠠᠨ ᠠᠪᠴᠤ᠂ ᠬᠤᠯᠪᠣᠭᠳᠠᠯ ᠪᠦᠬᠦᠢ ᠵᠥᠪᠯᠡᠬᠦ | ᠵᠦᠢᠯ ᠢ ᠤᠶᠢᠯᠠᠭᠠᠨ᠂ ᠬᠤᠪᠢ ᠬᠤᠪᠢᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠰᠠᠨᠠᠯ ᠪᠤᠳᠤᠯ ᠢᠶᠠᠨ | ᠶᠠᠷᠢᠯᠴᠠᠵᠠᠭᠠᠯᠠ᠃ | ᠬᠤᠷᠠᠯ ᠤᠨ ᠬᠤᠭᠤᠴᠠᠭᠠᠨ ᠳᠤ᠂ ᠲᠦᠯᠦᠬᠡᠯᠡᠭᠴᠢᠳ ᠬᠤᠰᠢᠭᠤ ᠨᠤᠳᠤᠭ ᠤᠨ ᠢᠶᠠᠨ ᠴᠢᠨᠠᠷᠯᠢᠭ ᠬᠦᠭᠵᠢᠯᠳᠡ | ᠶᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠬᠦᠯᠦᠨ᠂ ᠢᠳᠡᠪᠬᠢᠳᠡᠢ ᠪᠠᠷ ᠠᠷᠭ᠎ᠠ ᠪᠤᠳᠤᠯᠭ᠎ᠠ ᠡᠷᠬᠦᠵᠦ ᠰᠠᠨᠠᠯ | ᠵᠦᠪᠯᠡᠯᠬᠡ ᠳᠤᠷᠠᠳᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠵᠢᠴᠢ | ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠤᠨ ᠳᠤᠭᠤᠷᠢᠨ | ᠳᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠨ ᠲᠥᠯᠥᠭᠡᠯᠡᠭᠴᠢᠳ ᠤᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤᠪᠠᠷ | ᠰᠦᠪᠡᠭᠴᠢᠯᠡᠬᠦ ᠪᠤᠯᠤᠨ᠎ᠠ᠃ | |