1 ᠰᠠᠷ᠎ᠠ ᠶᠢᠨ 5 ᠤ ᠡᠳᠦᠷ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ | ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯᠳᠤᠭᠠᠨ ᠳᠤ ᠤᠷᠤᠯᠴᠠᠬᠤ ᠲᠥᠯᠥᠭᠡᠯᠡᠭᠴᠢᠳ ᠤᠨ ᠰᠠᠭᠤᠭ᠎ᠠ | ᠭᠠᠵᠠᠷ ᠲᠤ ᠬᠦᠷᠴᠦ ᠪᠤᠯᠭᠤᠭᠠᠨ ᠦᠵᠡᠭᠰᠡᠨ ᠤ ᠬᠠᠮᠳᠤ ᠲᠥᠯᠥᠭᠡᠯᠡᠭᠴᠢᠳ ᠤᠨ ᠨᠢᠭᠡ ᠵᠢᠯ ᠤᠨ ᠲᠤᠷᠰᠢᠬᠢ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠦ᠂ ᠲᠣᠰ ᠳᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ | ᠳᠠᠯᠠᠷᠬᠠᠯ ᠢᠯᠡᠷᠭᠡᠶᠢᠯᠡᠬᠦ ᠶᠢᠨ ᠬᠠᠮᠲᠤ ᠰᠢᠨ᠎ᠡ ᠵᠢᠯ ᠤᠨ ᠵᠥᠩᠨᠡᠯ ᠳᠡᠪᠰᠢᠭᠦᠯᠵᠦ᠂ ᠣᠯᠠᠨ ᠢ ᠨᠠᠩ ᠴᠤᠭ ᠪᠠᠳᠠᠷᠠᠩᠭᠤᠢ | ᠣᠶᠤᠨ ᠰᠠᠨᠠᠭᠠᠨ ᠤ ᠲᠦᠷᠰᠦ ᠪᠠᠶᠢᠳᠠᠯ ᠢᠶᠠᠷ ᠬᠤᠶᠢᠰᠢᠳᠠ ᠶᠢᠨ ᠠᠵᠢᠯ ᠳᠠᠭᠠᠨ ᠣᠷᠣᠯᠴᠠᠬᠤ ᠶᠢ ᠵᠣᠷᠢᠭᠵᠢᠭᠤᠯᠪᠠ᠃ | ᠤᠳᠤᠷᠢᠳᠤᠯᠭ᠎ᠠ ᠨᠠᠷ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠭᠰᠠᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠲᠣᠰ ᠤᠳᠠᠭᠠᠨ ᠤ ᠬᠤᠷᠠᠯ ᠢ ᠰᠠᠶᠢᠲᠤᠷ ᠬᠤᠷᠠᠯᠳᠤᠭᠤᠯᠬᠤ | ᠨᠢ ᠦᠵᠡᠯ ᠰᠠᠨᠠᠭ᠎ᠠ ᠪᠠᠨ ᠨᠠᠩ ᠰᠠᠶᠢᠲᠤᠷ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠠᠩ ᠰᠠᠶᠢᠲᠤᠷ ᠨᠢᠭᠲᠠᠷᠠᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤᠨ ᠤ ᠪᠥᠲᠥᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠣᠯᠠᠨ ᠢᠶᠠᠷ ᠢᠶᠠᠨ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠤᠨ ᠲᠣᠭᠤᠷᠢᠨ ᠳᠤ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠦ᠂ | ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠨᠳᠦᠰᠦᠨ ᠱᠠᠲᠤᠨ ᠤ ᠣᠯᠠᠨ | ᠲᠦᠮᠡᠨ ᠤ ᠰᠡᠳᠬᠢᠯ ᠤᠨ ᠲᠠᠭᠤᠨ ᠢ ᠲᠤᠰᠬᠠᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠬᠡᠵᠡᠢ᠃ | ᠲᠦᠯᠦᠭᠡᠯᠡᠭᠴᠢᠳ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠴᠤᠭ | ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠤᠷᠠᠯ ᠤᠨ ᠰᠠᠬᠢᠯᠭ᠎ᠠ | ᠪᠠᠲᠤ ᠶᠢ ᠵᠢᠷᠤᠮᠯᠠᠨ ᠰᠠᠬᠢᠵᠤ᠂ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠰᠠᠶᠢᠲᠤᠷ ᠬᠢᠨᠠᠨ ᠵᠥᠪᠯᠡᠵᠦ᠂ | ᠬᠥᠭᠵᠢᠯᠲᠡ ᠶᠢᠨ ᠰᠢᠨ᠎ᠡ ᠵᠠᠮ ᠢ ᠬᠠᠮᠲᠤ ᠪᠠᠷ ᠡᠷᠢᠯᠬᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠵᠢᠷᠤᠭᠯᠠᠨ᠎ᠠ ᠭᠡᠵᠦ ᠰᠠᠨᠠᠯ ᠨᠢᠭᠡᠲᠡᠢ ᠢᠯᠡᠷᠭᠡᠶᠢᠯᠡᠵᠡᠬᠡᠵᠡᠢ᠃ |