ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠲᠤ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠬᠦᠯᠬᠦ ᠪᠤᠯᠪᠠᠰᠤᠷᠠᠯ ᠬᠦᠷᠳᠡᠭᠡ᠊
ᠨᠡᠶᠢᠲᠡᠯᠡᠭᠰᠡᠨ ᠴᠠᠭ᠄
2025/1/5
     1 ᠰᠠᠷ᠎ᠠ ᠶᠢᠨ 5 ᠤ ᠡᠳᠦᠷ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠠᠩᠬᠠᠳᠤᠭᠠᠷ ᠪᠦᠭᠦᠳᠡ ᠬᠤᠷᠠᠯ ᠠᠴᠠ ᠡᠮᠤᠨ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃       ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠷᠢᠨᠳᠡᠯᠭᠡᠷ ᠬᠤᠷᠠᠯ ᠡᠷᠬᠢᠯᠡᠭᠰᠡᠨ ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠨᠢ ᠤᠯᠤᠰ ᠤᠨ ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠩ ᠢ ᠲᠡᠷᠭᠡᠯᠰᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ᠃ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠪᠣᠯ ᠥᠪᠥᠷ ᠮᠣᠩᠭᠤᠯ ᠤᠨ ᠲᠡᠦᠬᠡ ᠶᠢᠨ ᠲᠤᠬᠠᠢ ᠡᠷᠭᠢᠴᠡᠭᠦᠯᠦᠯ ᠪᠣᠯᠬᠤ ᠮᠦᠷᠳᠡᠭᠡᠨ ᠤᠯᠤᠰ ᠲᠥᠷᠥ ᠶᠢᠨ ᠣᠶᠤᠨ ᠤᠬᠠᠭᠠᠨ ᠪᠠ ᠦᠢᠯᠡᠳᠦᠯᠭᠡ ᠲᠤᠷᠰᠢᠯᠭ᠎ᠠ ᠶᠢᠨ ᠳ᠋ᠦᠩᠨᠡᠯᠲᠡ ᠪᠤᠯᠬᠤ ᠶᠤᠮ᠂ ᠨᠡᠩ ᠴᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠦᠨᠳᠦᠰᠦᠨ ᠵᠢᠷᠤᠮᠯᠠᠯ ᠪᠣᠯᠤᠨ᠎ᠠ᠃ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠰᠡᠳᠬᠢᠯ ᠲᠠᠯᠪᠢᠨ ᠣᠶᠢᠯᠠᠭᠠᠬᠤ ᠶᠢ ᠬᠦᠰᠡᠵᠦ ᠪᠠᠶᠢᠨ᠎ᠠ ᠭᠡᠵᠡᠢ᠃      ᠪᠣᠯᠪᠠᠰᠤᠷᠠᠯ ᠳᠤ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠤᠷᠢᠬᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠳᠤᠬᠢ ᠪᠠᠶᠢᠳᠠᠯ᠂ ᠠᠴᠢ ᠬᠤᠯᠪᠤᠭᠳᠠᠯ᠂ ᠬᠦᠭᠵᠢᠯᠳᠡ ᠶᠢᠨ ᠲᠡᠤᠬᠡ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠵᠡᠷᠭᠡ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠨ ᠶᠠᠷᠢᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号