1 ᠰᠠᠷ᠎ᠠ ᠶᠢᠨ 5 ᠤ ᠦᠳᠡ ᠶᠢᠨ ᠬᠤᠶᠢᠨ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠡᠮᠦᠷ ᠰᠥᠨᠢᠳ ᠪᠠᠷᠠᠭᠤᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ | ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢ | ᠰᠣᠩᠭᠤᠵᠤ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠵᠢᠱᠢᠭᠳᠡᠭᠴᠢ ᠶᠢ ᠲᠣᠭᠲᠠᠭᠠᠪᠠ᠃ ᠶᠡᠭᠡ | ᠬᠤᠷᠠᠯ ᠤᠨ ᠰᠠᠨᠠᠯ ᠵᠥᠪᠯᠡᠯᠭᠡ᠂ ᠰᠢᠢᠳᠪᠦᠷᠢ ᠶᠢ ᠪᠠᠲᠤᠯᠠᠬᠤ ᠠᠷᠭ᠎ᠠ ᠶᠢᠨ ᠡᠬᠡ ᠨᠤᠤᠷᠠᠭ᠂ ᠶᠡᠭᠡ ᠬᠤᠷᠠᠯ ᠤᠨ | ᠡᠳᠦᠷ ᠤᠨ ᠳᠠᠷᠠᠭᠠᠯᠠᠯ ᠤᠨ ᠡᠬᠡ ᠨᠤᠤᠷᠠᠭ᠂ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ | ᠬᠤᠪᠢᠶᠠᠭᠰᠠᠨ ᠨᠡᠷᠡᠰ ᠤᠨ ᠡᠬᠡ ᠨᠤᠤᠷᠠᠭ ᠢ ᠪᠠᠲᠤᠯᠠᠪᠠ᠃ ᠬᠤᠷᠠᠯ ᠠᠴᠠ ᠲᠥᠯᠥᠭᠡᠯᠡᠭᠴᠢᠳ ᠤᠨ ᠰᠠᠨᠠᠯ ᠵᠥᠪᠯᠡᠯᠭᠡ | ᠳᠤᠷᠠᠳᠬᠤ ᠴᠠᠭ ᠤᠨ ᠬᠢᠵᠠᠭᠠᠷᠯᠠᠯ ᠤᠨ ᠲᠤᠬᠠᠢ ᠲᠤᠭᠳᠠᠭᠠᠯ᠂ ᠠᠷᠪᠠᠨ ᠬᠥᠮᠦᠨ ᠠᠴᠠ ᠲᠡᠭᠡᠭᠰᠢᠬᠢ ᠲᠦᠯᠦᠭᠡᠯᠡᠭᠴᠢ | ᠨᠡᠷ᠎ᠡ ᠬᠤᠯᠪᠤᠭᠠᠯᠠᠨ ᠵᠢᠱᠢᠭᠳᠡᠭᠰᠡᠳ ᠳᠤᠷᠠᠳᠬᠤ ᠴᠠᠭ ᠤᠨ ᠬᠢᠵᠢᠭᠠᠷᠯᠠᠯ ᠤᠨ ᠲᠤᠬᠠᠢ ᠲᠤᠭᠳᠠᠭᠠᠯ ᠢ ᠪᠠᠳᠤᠯᠠᠵᠦ᠂ | ᠬᠤᠰᠢᠭᠤ ᠠᠷᠠᠳ ᠤᠨ ᠪᠠᠶᠢᠩᠭᠤ ᠶᠢᠨ ᠬᠤᠷᠢᠶᠠᠨ ᠤ ᠭᠡᠰᠢᠬᠦᠨ ᠤ ᠵᠢᠱᠢᠭᠳᠡᠭᠰᠡᠳ ᠤᠨ ᠨᠡᠷᠡᠰ᠂ ᠰᠤᠩᠭᠤᠭᠤᠯᠢ ᠶᠢᠨ | ᠠᠷᠭ᠎ᠠ ᠶᠢᠨ ᠡᠬᠡ ᠨᠤᠤᠷᠠᠭ᠂ ᠠᠷᠠᠳ ᠤᠨ ᠠᠮᠢᠳᠤᠷᠠᠯ ᠤᠨ ᠪᠤᠳᠠᠲᠦ ᠠᠵᠢᠯ ᠤᠨ ᠲᠦᠷᠦᠯ ᠵᠤᠶᠢᠯ ᠢ ᠪᠢᠯᠧᠲ | ᠦᠭᠴᠦ ᠪᠠᠳᠤᠯᠠᠬᠤ ᠠᠷᠭ᠎ᠠ ᠶᠢᠨ ᠡᠬᠡ ᠨᠤᠤᠷᠠᠭ ᠢ ᠳᠤᠷᠠᠳᠬᠤ ᠶᠢᠨ ᠬᠠᠮᠲᠦ ᠡᠯ᠎ᠡ ᠲᠦᠯᠦᠭᠡᠯᠡᠭᠴᠢᠳ ᠤᠨ ᠪᠦᠯᠬᠦᠮ | ᠳᠤ ᠳᠡᠪᠰᠢᠬᠦᠯᠦᠨ ᠬᠢᠨᠠᠨ ᠵᠦᠪᠯᠡᠬᠦᠯᠵᠦ᠂ ᠵᠢᠱᠢᠭᠳᠡᠭᠰᠡᠳ ᠤᠨ ᠨᠡᠷᠡᠰ ᠤᠨ ᠡᠬᠡ ᠨᠤᠤᠷᠠᠭ ᠢ ᠲᠦᠯᠦᠭᠡᠯᠡᠭᠴᠢᠳ ᠤᠨ | ᠪᠦᠯᠬᠦᠮ ᠳᠤ ᠲᠤᠰᠢᠶᠠᠵᠦ ᠵᠦᠪᠯᠡᠬᠦᠯᠬᠦ ᠪᠤᠯᠤᠨ᠎ᠠ᠃ |