ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠦᠨᠢᠳ ᠪᠠᠷᠠᠭᠤᠨ ᠬᠤᠰᠢᠭᠤᠨ  ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠦᠪᠳᠡᠭᠰᠢ ᠶᠡᠬᠡᠪᠡᠷ ᠡᠬᠢᠯᠡᠭᠰᠡᠨ
ᠨᠡᠶᠢᠲᠡᠯᠡᠭᠰᠡᠨ ᠴᠠᠭ᠄
2025/1/5
     1 ᠰᠠᠷ᠎ᠠ ᠶᠢᠨ 5 ᠤ ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠲᠣᠮᠳᠠᠳᠣ ᠣᠯᠣᠰ ᠤᠨ ᠠᠷᠠᠳ ᠤᠨ ᠣᠯᠣᠰ ᠲᠦᠷᠦ  ᠶᠢᠨ ᠵᠦᠪᠯᠡᠯᠭᠡᠨ  ᠤ ᠰᠦᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠲᠦᠷᠪᠡᠳᠦᠭᠡᠷ ᠤᠳᠠᠭᠠᠨ ᠤ ᠬᠤᠷᠠᠯᠳᠣᠭᠠᠨ ᠨᠢ ᠶᠡᠭᠡ ᠬᠤᠷᠠᠯ ᠤᠨ ᠪᠡᠯᠡᠳᠬᠡᠯ ᠬᠤᠷᠠᠯᠳᠤᠭᠠᠨ ᠢᠶᠠᠷ ᠡᠯ᠎ᠡ ᠲᠦᠷᠦᠯ ᠤᠨ ᠵᠦᠪᠯᠡᠬᠦ ᠵᠦᠢᠯᠡᠰ ᠢᠶᠠᠨ ᠬᠠᠤᠯᠢ ᠶᠤᠰᠤᠭᠠᠷ ᠬᠢᠨᠠᠨ ᠪᠠᠳᠤᠯᠠᠵᠦ ᠨᠡᠶᠢᠳᠡᠯᠡᠭᠰᠡᠨ ᠤ ᠳᠠᠷᠠᠭ᠎ᠠ᠂ ᠰᠤᠶᠤᠯ ᠤᠬᠠᠭᠤᠯᠭ᠎ᠠ ᠶᠢᠨ ᠲᠤᠮᠤ ᠠᠰᠠᠷ ᠲᠤ ᠦᠪᠳᠡᠭᠰᠢ ᠶᠡᠬᠡᠪᠡᠷ ᠡᠬᠢᠯᠡᠯ᠎ᠡ᠃      ᠬᠤᠷᠠᠯ ᠤᠨ ᠠᠬᠤᠢ ᠳᠠᠯᠠᠪᠠᠢ ᠳᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠪᠡᠯᠭᠡᠳᠡᠭᠰᠡᠨ ᠤᠯᠤᠰ ᠲᠦᠷᠦ ᠶᠢᠨ ᠵᠥᠪᠯᠡᠯᠭᠡᠨ ᠤ ᠰᠦᠯᠳᠡ ᠲᠡᠷᠢᠭᠦᠯᠡᠭᠴᠢ ᠶᠢᠨ ᠲᠠᠶᠢᠰᠠᠨ ᠤ ᠲᠥᠪ ᠳᠤᠮᠳᠠ ᠡᠯᠭᠦᠭᠳᠡᠵᠦ᠂ ᠪᠦᠬᠦᠶᠢᠯᠡ ᠳᠠᠯᠠᠪᠠᠢ ᠪᠦᠯᠬᠦᠮᠳᠡᠯ ᠲᠠᠢ᠂ ᠠᠷᠠᠳᠴᠢᠯᠠᠯ ᠲᠠᠢ᠂ ᠡᠶ᠎ᠡ ᠵᠤᠬᠢᠴᠠᠯ ᠲᠠᠢ ᠠᠭᠤᠷ ᠠᠮᠢᠰᠬᠤᠯ ᠢᠶᠠᠷ ᠪᠢᠯᠬᠠᠮ᠎ᠠ ᠪᠠᠶᠢᠯ᠎ᠠ᠃      ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠸᠠᠩ ᠵᠠᠨ ᠴᠢ᠂ ᠲᠡᠮᠦᠷ᠂ ᠨᠠᠰᠤᠳᠤ᠂ ᠹᠠᠨ ᠶᠧᠦ ᠴᠢᠶᠠᠩ᠂ ᠪᠠᠶᠠᠷ᠂ ᠴᠢᠶᠠᠨ ᠰᠢᠸ ᠵᠢᠶᠦ᠋ᠨ᠂ ᠨᠠᠷᠠᠰᠤ᠂ ᠮᠡᠷᠭᠡᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠳᠠᠵᠤ ᠂ ᠬᠤᠰᠢᠭᠤ ᠤᠳᠤᠷᠢᠳᠤᠯᠭ᠎ᠠ ᠯᠦ ᠮᠢᠨ᠂ ᠲᠤᠯᠭᠠᠭᠤᠷᠢ᠂ ᠰᠠᠶᠢᠨᠴᠣᠭᠲᠤ᠂ ᠵᠦᠩ ᠭᠦᠸᠧ ᠸᠧᠶ᠂ ᠳᠠᠯᠠᠨᠪᠠᠶᠠᠷ᠂ ᠶᠠᠩ ᠵᠠᠨ ᠴᠢᠩ᠂ ᠸᠠᠩ ᠠᠶ ᠴᠢᠶᠠᠩ᠂ ᠯᠢ ᠭᠦᠸᠧ ᠴᠢᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠨ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠸᠧᠢ ᠱᠦ ᠹᠧᠢ ᠵᠢᠴᠢ ᠮᠠᠨ ᠤ ᠬᠤᠰᠢᠭᠤᠨ ᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠬᠡᠰᠢᠬᠦᠨ ᠤᠷᠢᠯᠭ᠎ᠠ ᠪᠠᠷ ᠬᠤᠷᠠᠯ ᠳᠤ ᠤᠷᠤᠯᠴᠠᠵᠠᠢ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠳᠤᠮᠳᠠᠳᠤ ᠤᠯᠤᠰ ᠤᠨ ᠡᠪ ᠬᠠᠮᠲᠤ ᠨᠠᠮ  ᠤᠨ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ  ᠳᠤ ᠬᠠᠯᠠᠭᠤᠨ ᠪᠠᠶᠠᠷ ᠬᠦᠷᠭᠡᠭᠰᠡᠨ ᠤ ᠬᠠᠮᠳᠤ ᠶᠠᠷᠢᠶ᠎ᠠ ᠲᠠᠯᠪᠢᠵᠠᠶ᠃      ᠬᠤᠷᠠᠯ ᠳᠤ ᠤᠷᠤᠯᠴᠠᠬᠤ ᠶᠤᠰᠤᠳᠠᠢ ᠬᠡᠰᠢᠬᠦᠨ 134 ᠨᠡᠷᠡᠰ᠂ ᠪᠤᠳᠠᠳᠠᠢ ᠤᠷᠤᠯᠴᠠᠭᠰᠠᠨ ᠬᠡᠰᠢᠬᠦᠨ 117 ᠨᠡᠷᠡᠰ᠂ ᠤᠯᠤᠰ ᠲᠦᠷᠦ ᠶᠢᠨ ᠵᠦᠪᠯᠡᠯᠬᠡᠨ ᠤ ᠲᠦᠷᠢᠮ ᠳᠤ ᠲᠤᠭᠳᠠᠭᠠᠭᠰᠠᠨ ᠬᠦᠮᠦᠨ ᠤ ᠲᠤᠭᠠᠨ ᠳᠤ ᠨᠡᠶᠢᠴᠡᠵᠦ ᠪᠠᠶᠢᠨ᠎ᠠ᠃      ᠶᠡᠭᠡ  ᠬᠤᠷᠠᠯ ᠨᠢ ᠰᠦᠷ  ᠲᠠᠯᠠᠶᠢᠴᠢᠳᠠᠢ ᠤᠯᠤᠰ ᠤᠨ ᠰᠦᠯᠳᠡ ᠲᠠᠭᠤᠨ   ᠤ ᠲᠤᠮᠳᠠ ᠵᠢᠩᠭᠢᠨᠢ ᠪᠠᠷ ᠡᠬᠢᠯᠡᠪᠡ᠃      ᠴᠧᠨ ᠢᠦᠢ ᠴᠧᠩ ᠵᠢᠭᠠᠬᠤ ᠳᠤ ᠪᠠᠨ᠂ ᠨᠢᠭᠡ ᠵᠢᠯ ᠤᠨ ᠲᠤᠷᠰᠢ᠂ ᠪᠦᠬᠦ ᠬᠤᠰᠢᠭᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠱᠤᠭᠤᠮ ᠪᠣᠯᠭᠠᠵᠤ᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠪᠣᠯᠤᠨ ︽ᠰᠠᠭᠤᠷᠢ ᠶᠢ ᠳᠤᠭᠳᠠᠪᠤᠷᠢᠵᠢᠭᠤᠯᠤᠨ᠂ ᠰᠢᠨ᠎ᠡ ᠵᠠᠮ ᠨᠡᠭᠡᠭᠡᠵᠦ᠂ ᠳᠤᠮᠳᠠ ᠳᠦᠪᠰᠢᠨ ᠳᠤ ᠣᠷᠣᠬᠤ︾ ᠳᠡᠮᠡᠴᠡᠬᠦ ᠬᠠᠷᠠᠯᠲᠠ ᠵᠢᠴᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ ︽ᠭᠤᠷᠪᠠᠨ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠲᠣᠭᠲᠠᠭᠠᠵᠤ᠂ ︽ᠬᠤᠶᠠᠷ ᠰᠢᠨ᠎ᠡ︾ ᠶᠢ ᠠᠬᠢᠭᠤᠯᠬᠤ᠂ ᠲᠡᠮᠦᠷᠯᠢᠭ ᠬᠠᠶᠢᠯᠤᠭᠤᠯᠬᠤ ᠶᠢ ᠴᠢᠩᠭᠠᠳᠬᠠᠬᠤ᠂ ᠠᠭᠤᠷᠬᠠᠢ ᠶᠢᠨ ᠭᠠᠷᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢ ᠰᠢᠯᠢᠳᠡᠭᠵᠢᠭᠦᠯᠬᠦ᠂ ᠲᠤᠨᠤᠭ ᠲᠥᠬᠦᠭᠡᠷᠦᠮᠵᠢ ᠶᠢ ᠬᠥᠭᠵᠢᠭᠦᠯᠬᠦ ᠪᠠᠷ ᠬᠥᠭᠵᠢᠯᠲᠡ ᠶᠢᠨ ᠰᠡᠳᠬᠢᠴᠡ ᠪᠣᠯᠭᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠬᠦ ᠬᠦᠴᠦᠨ ᠢᠶᠠᠷ ᠢᠶᠠᠨ ᠠᠵᠤ ᠠᠬᠤᠢ  ᠪᠠᠨ ᠬᠦᠭᠵᠢᠬᠦᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠳᠬᠤᠵᠤ᠂ ᠪᠥᠬᠦ ᠬᠤᠰᠢᠭᠤᠨ ᠤ ᠤᠯᠤᠰ ᠲᠥᠷᠥ᠂ ᠠᠵᠤ ᠠᠬᠤᠶ᠂ ᠰᠣᠶᠣᠯ᠂ ᠨᠡᠶᠢᠭᠡᠮ᠂ ᠠᠮᠢ ᠠᠬᠤᠶ ᠵᠡᠷᠭᠡ ᠡᠯ᠎ᠡ ᠲᠠᠯ᠎ᠠ ᠶᠢᠨ ᠠᠵᠢᠯ ᠦᠢᠯᠡᠰ ᠴᠥᠮ ᠶᠡᠭᠡ ᠳᠠᠪᠰᠢᠯᠲᠠ ᠲᠠᠢ ᠪᠣᠯᠪᠠ᠃      ᠬᠤᠶᠢᠰᠢᠳᠠ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ︽ᠰᠠᠭᠤᠷᠢ ᠶᠢ ᠳᠤᠭᠳᠠᠪᠤᠷᠢᠵᠢᠭᠤᠯᠤᠨ᠂ ᠰᠢᠨ᠎ᠡ ᠵᠠᠮ ᠨᠡᠭᠡᠭᠡᠵᠦ᠂ ᠳᠤᠮᠳᠠ ᠳᠦᠪᠰᠢᠨ ᠳᠤ ᠣᠷᠣᠬᠤ︾ ᠳᠡᠮᠡᠴᠡᠬᠦ ᠬᠠᠷᠠᠯᠲᠠ ᠪᠣᠯᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ ︽ᠭᠤᠷᠪᠠ ᠶᠢ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠲᠦᠷᠭᠡᠳᠬᠡᠨ ᠪᠡᠶᠡᠯᠡᠭᠦᠯᠵᠦ᠂ ᠰᠥᠨᠢᠳ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠴᠢᠬᠤᠯᠠᠴᠢᠯᠠᠪᠠ᠃      ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠨᠠᠰᠤᠲᠤ ᠳᠤᠮᠳᠠᠳᠤ ᠤᠯᠤᠰ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠰᠦᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠪᠡ᠃      ᠢᠯᠡᠳᠬᠡᠯ ᠳᠤ᠂ 2024 ᠤᠨ ᠤ ᠠᠵᠢᠯ ᠳᠤ ᠪᠦᠬᠦ ᠲᠠᠯ᠎ᠠ ᠶᠢᠨ ᠡᠷᠬᠢᠴᠡᠬᠦᠯᠦᠯ ᠬᠢᠵᠡᠢ᠃ 2024᠂ ᠣᠨ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠢᠭᠤᠯᠤᠭᠳᠠᠭᠰᠠᠨ 75 ᠵᠢᠯ ᠤᠨ ᠤᠢ᠂ ︽ᠠᠷᠪᠠᠨ ᠲᠦᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠳᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽ᠵᠢᠷᠭᠤᠭᠠᠨ ᠨᠢᠭᠡ︾ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠠᠯᠠᠯᠲᠠ ᠪᠠᠨ ᠦᠢᠯᠡᠳᠦᠯᠭᠡᠵᠢᠭᠦᠯᠬᠦ ᠳᠦᠷᠢᠮ ᠤᠨ ᠤᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠡᠪ ᠬᠠᠮᠲᠤ ᠨᠠᠮ ᠤᠨ ᠰᠦᠨᠢᠳ ᠪᠠᠷᠠᠭᠤᠨ ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠰᠬᠠᠶ ᠵᠥᠪᠳᠡᠯᠴᠡᠬᠦ ᠪᠠᠶᠢᠭᠤᠯᠤᠮᠵᠢ ᠶᠢᠨ ᠰᠢᠨᠵᠢ ᠴᠢᠨᠠᠷ ᠤᠨ ᠪᠠᠶᠢᠷᠢ ᠳᠤᠭᠳᠠᠭᠠᠯᠳᠠ ᠳᠤ ᠰᠠᠭᠤᠷᠢᠯᠠᠨ ᠠᠵᠢᠯ ᠢᠶᠠᠨ ᠥᠷᠨᠢᠭᠦᠯᠵᠦ᠂ ᠠᠷᠭ᠎ᠠ ᠪᠣᠳᠣᠯᠭ᠎ᠠ ᠳᠡᠪᠰᠢᠭᠦᠯᠦᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠲᠡᠰᠢ ᠬᠦᠴᠦᠯᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠭᠦᠨᠵᠡᠭᠡᠢ ᠣᠶᠢᠯᠠᠭᠠᠬᠤ ᠳᠤᠮᠳᠠ ᠢᠲᠡᠭᠡᠯ ᠲᠡᠭᠦᠯᠳᠡᠷ ᠢᠶᠠᠷ ᠨᠠᠮ ᠢᠶᠠᠨ ᠳᠠᠭᠠᠵᠤ᠂ ᠰᠥᠨᠢᠳ ᠪᠠᠷᠠᠭᠤᠨ ᠬᠤᠰᠢᠭᠤᠨ ᠤ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠠᠪᠤᠴᠠ ᠳᠤ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠡᠭᠦᠷᠭᠡᠯᠡᠯ᠂ ᠰᠢᠨ᠎ᠡ ᠠᠮᠵᠢᠯᠲᠠ ᠶᠢ ᠢᠯᠡᠷᠡᠭᠦᠯᠪᠡ ᠬᠡᠵᠡᠢ᠃      ᠨᠠᠰᠤᠳᠤ᠂ 2025 ᠤᠨ ᠤ ᠠᠵᠢᠯ ᠤᠨ ᠳᠤᠬᠠᠢ ᠰᠠᠨᠠᠭᠤᠯᠭ᠎ᠠ ᠳᠤᠷᠠᠳᠤᠨ ᠵᠢᠭᠠᠵᠤ ᠭᠠᠷᠭᠠᠬᠤ ᠳᠤ ᠪᠠᠨ᠄ 2025 ᠣᠨ ᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠶᠠᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠦᠪᠯᠡᠯᠭᠡᠨ ᠪᠠᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽ᠵᠢᠷᠭᠤᠭᠠᠨ ᠨᠢᠭᠡ︾ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠮᠠᠯᠠᠯᠲᠠ ᠪᠠᠨ ᠦᠢᠯᠡᠳᠦᠯᠭᠡᠵᠢᠭᠦᠯᠬᠦ ᠳᠦᠷᠢᠮ ᠤᠨ ᠶᠡᠷᠦᠩᠬᠡᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠢᠲᠤᠷ ᠭᠦᠢᠴᠡᠳᠬᠡᠬᠦ ᠳᠤ ᠲᠥᠪᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠣᠰ ᠴᠢᠭᠯᠡᠯ ᠢᠶᠠᠷ ᠬᠦᠴᠦᠯᠡᠬᠦ ᠶᠢᠨ ᠶᠠᠰᠤ ᠴᠢᠨᠠᠷ ᠪᠠ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠳᠡᠢ ᠦᠢᠯᠡᠳᠦᠯᠬᠡᠵᠢᠬᠦᠯᠵᠦ᠂ ᠲᠤᠰᠬᠠᠢ ᠵᠥᠪᠳᠡᠯᠴᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠥᠨᠢᠳ ᠪᠠᠷᠠᠭᠤᠨ ᠬᠤᠰᠢᠭᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠠᠪᠤᠳᠠᠯ ᠪᠣᠯᠤᠨ᠎ᠠ᠃      ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠪᠠᠷᠠᠭᠤᠨ ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠢᠳᠡᠭᠡᠯ ᠳᠡᠭᠦᠯᠳᠡᠷ ᠢᠶᠠᠷ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠪᠦᠯᠬᠦᠮᠳᠡᠨ ᠲᠡᠮᠡᠴᠡᠰᠦᠭᠡᠢ ᠭᠡᠵᠡᠢ᠃      ᠣᠯᠣᠰ ᠲᠦᠷᠦ ᠶᠢᠨ ᠵᠦᠪᠯᠡᠯᠭᠡᠨ ᠤ ᠰᠦᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠴᠢᠶᠠᠨ ᠰᠢᠦ ᠵᠢᠶᠦ᠋ᠨ ᠶᠡᠭᠡ ᠬᠤᠷᠠᠯ ᠳᠤ᠂ ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠡᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠭᠠᠰᠢᠬᠢ ᠰᠠᠨᠠᠯ ᠳᠣᠷᠠᠳᠣᠯᠭ᠎ᠠ ᠶᠢᠨ ᠠᠵᠢᠯ ᠤᠨ ᠮᠡᠳᠡᠭᠦᠯᠦᠯᠳᠡ ᠬᠢᠵᠡᠢ᠃      ᠨᠢᠭᠡ ᠵᠢᠯ ᠤᠨ ᠲᠤᠷᠰᠢ᠂ ᠨᠡᠶᠢᠳᠡ 132 ᠬᠤᠪᠢ ᠰᠠᠨᠠᠯ ᠳᠣᠷᠠᠳᠣᠯᠭ᠎ᠠ ᠬᠤᠷᠢᠶᠠᠨ ᠠᠪᠴᠦ᠂ ᠰᠠᠨᠠᠯ ᠲᠤᠷᠠᠳᠤᠯᠭ᠎ᠠ ᠶᠢᠨ ᠵᠥᠪᠯᠡᠯ ᠠᠴᠠ ᠬᠢᠨᠠᠨ ᠪᠠᠶᠢᠴᠠᠭᠠᠵᠦ᠂ ᠲᠠᠷᠢᠬᠦᠯᠡᠭᠴᠢᠳ ᠤᠨ ᠬᠤᠷᠠᠯ ᠳᠤ ᠮᠡᠳᠡᠬᠦᠯᠦᠨ ᠬᠤᠷᠠᠯ  ᠢᠶᠠᠷ ᠲᠤᠭᠳᠠᠭᠠᠬᠤ ᠪᠠᠷ ᠲᠠᠮᠵᠢᠨ᠂119 ᠬᠤᠪᠢ ᠶᠢ ᠨᠢ ᠬᠡᠷᠡᠭ ᠪᠣᠯᠭᠠᠨ ᠲᠠᠩᠰᠠᠯᠠᠪᠠ᠃ ᠡᠬᠦᠨ ᠳᠤ᠄ ᠠᠵᠦ ᠠᠬᠤᠢ  ᠶᠢᠨ ᠪᠦᠳᠤᠭᠡᠨ ᠪᠠᠶᠢᠭᠤᠯᠤᠯᠳᠠ ᠶᠢᠨ ᠲᠠᠯ᠎ᠠ ᠪᠠᠷ ᠬᠢ 58 ᠬᠤᠪᠢ᠂ ᠨᠡᠶᠢᠭᠡᠮ ᠤᠨ ᠪᠠᠶᠢᠭᠤᠯᠤᠯᠳᠠ ᠶᠢᠨ ᠲᠠᠯ᠎ᠠ ᠪᠠᠷ  ᠬᠢ 51 ᠬᠤᠪᠢ᠂ ᠰᠤᠶᠤᠯ ᠤᠨ ᠪᠠᠶᠢᠭᠤᠯᠤᠯᠳᠠ ᠶᠢᠨ ᠲᠠᠯ᠎ᠠ ᠪᠠᠷ ᠬᠢ 3 ᠬᠤᠪᠢ᠂ ᠠᠮᠢ ᠠᠬᠤᠢ ᠶᠢᠨ ᠪᠤᠯᠪᠠᠰᠤᠨ  ᠤ ᠪᠠᠶᠢᠭᠤᠯᠤᠯᠳᠠ ᠶᠢᠨ ᠲᠠᠯ᠎ᠠ ᠪᠠᠷ ᠬᠢ 7 ᠬᠤᠪᠢ ᠰᠠᠨᠠᠯ ᠲᠤᠷᠠᠳᠤᠯᠭ᠎ᠠ ᠪᠤᠢ᠃ ᠪᠦᠬᠦᠶᠢᠯᠡ ᠲᠠᠩᠰᠠᠯᠠᠭᠳᠠᠭᠰᠠᠨ ᠰᠠᠨᠠᠯ ᠲᠤᠷᠠᠳᠤᠯᠭ᠎ᠠ ᠶᠢᠨ ᠲᠤᠰᠬᠠᠭᠰᠠᠨ ᠠᠰᠠᠭᠤᠳᠠᠯ ᠨᠢ ᠪᠤᠰᠤᠳᠴᠢ᠂ ᠰᠠᠨᠠᠭᠤᠯᠭ᠎ᠠ ᠨᠢ ᠤᠨᠤᠪᠴᠢᠳᠠᠢ᠂ ᠯᠠᠪᠯᠠᠯᠳᠠ ᠪᠤᠯᠭᠠᠬᠤ ᠴᠢᠨᠡᠷ ᠢᠶᠠᠷ ᠴᠢᠩᠭ᠎ᠠ ᠪᠠᠶᠢᠵᠦ᠂ ᠨᠡᠶᠢᠳᠡ 42 ᠪᠠᠶᠢᠭᠤᠯᠭ᠎ᠠ ᠨᠢᠬᠡᠴᠠ ᠳᠤ ᠲᠤᠰᠢᠶᠠᠨ ᠲᠠᠭᠠᠭᠠᠴᠢᠯᠠᠭᠤᠯᠤᠨ ᠭᠦᠢᠴᠡᠳᠭᠡᠬᠦᠯᠵᠦ᠂ ᠰᠠᠨᠠᠯ ᠲᠤᠷᠠᠳᠤᠯᠭ᠎ᠠ ᠶᠢ ᠴᠦᠮ ᠲᠤᠭᠳᠠᠭᠰᠠᠨ ᠬᠤᠭᠤᠴᠠᠭᠠᠨ ᠳᠠᠭᠠᠨ ᠬᠦᠢᠴᠡᠳᠭᠡᠨ ᠬᠠᠷᠢᠭᠤ ᠦᠭᠪᠡ᠃ ᠰᠠᠨᠠᠯ ᠲᠤᠷᠠᠳᠤᠯᠭ᠎ᠠ ᠶᠢ ᠬᠦᠢᠴᠡᠳᠭᠡᠭᠰᠡᠨ ᠪᠠᠶᠢᠳᠠᠯ ᠳᠤ ᠭᠡᠰᠢᠬᠦᠳ ᠤᠨ ᠲᠤᠰᠬᠠᠯ ᠨᠠᠯᠢᠶᠠᠳ ᠰᠠᠶᠢᠨ ᠪᠠᠶᠢᠵᠤ᠂ ᠵᠣᠩᠭᠢᠯᠠᠬᠤ ᠲᠣᠭᠠᠨ ᠤ ᠭᠡᠰᠢᠭᠦᠳ ᠰᠠᠨᠠᠯ ᠳᠣᠷᠠᠳᠣᠯᠭ᠎ᠠ ᠶᠢ ᠭᠦᠢᠴᠡᠳᠭᠡᠭᠰᠡᠨ ᠦᠷ᠎ᠡ ᠳ᠋ᠦᠩ ᠳᠤ ᠬᠠᠨᠣᠮᠵᠢᠳᠠᠢ ᠪᠠᠶᠢᠬᠤ ᠪᠠᠨ ᠢᠯᠡᠳᠭᠡᠭᠰᠡᠨ ᠪᠠᠶᠢᠨ᠎ᠠ᠃      ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ᠂ ᠰᠢᠭᠤᠳ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号