ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠶᠠᠷᠢᠯᠴᠠᠭᠰᠠᠨ ᠶᠡᠷᠦᠩᠭᠡᠶᠢᠯᠡᠨ ᠮᠡᠳᠡᠭᠡᠯᠡᠪᠡ
ᠨᠡᠶᠢᠲᠡᠯᠡᠭᠰᠡᠨ ᠴᠠᠭ᠄
2025/1/5
     ᠦᠨᠦ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠲᠦᠷᠪᠡᠳᠦᠭᠡᠷ ᠤᠳᠠᠭᠠᠨ  ᠤ ᠬᠤᠷᠠᠯ ᠳᠤ ᠤᠷᠤᠯᠴᠠᠵᠤ ᠪᠠᠶᠢᠭ᠎ᠠ ᠪᠦᠬᠦ ᠬᠡᠰᠢᠬᠦᠳ ᠳᠤᠭᠤᠶᠢᠯᠠᠩ ᠬᠤᠪᠢᠶᠠᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠲᠣᠭᠤᠷᠢᠨ ᠳᠤ ᠰᠠᠨᠠᠯ ᠪᠤᠳᠤᠯ ᠢᠶᠠᠨ ᠳᠡᠯᠭᠡᠨ ᠬᠠᠯᠠᠭᠤᠨ ᠶᠠᠷᠢᠯᠴᠠᠭ᠎ᠠ ᠦᠷᠨᠢᠭᠦᠯᠦᠭᠰᠡᠨ ᠪᠠᠶᠢᠨ᠎ᠠ᠃      ᠡᠯ᠎ᠡ ᠶᠠᠷᠢᠯᠴᠠᠬᠤ ᠳᠤᠭᠤᠶᠢᠯᠠᠩ᠂ ᠭᠡᠰᠢᠭᠦᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠦᠢᠯᠡᠰ ᠤᠨ ᠪᠠᠶᠢᠷᠢᠰᠢᠭᠤᠯᠤᠯᠲᠠ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠵᠢᠭᠤᠯᠴᠢᠯᠠᠯ᠂ ᠠᠷᠠᠳ ᠤᠨ ᠠᠮᠢᠳᠤᠷᠠᠯ᠂ ᠨᠡᠶᠢᠭᠡᠮ ᠤᠨ ᠵᠠᠰᠠᠯᠲᠠ ᠵᠡᠷᠭᠡ ᠬᠠᠯᠠᠮᠰᠢᠯ ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ ᠰᠠᠨᠠᠯ ᠪᠤᠳᠤᠯ ᠢᠶᠠᠨ ᠳᠡᠯᠭᠡᠨ᠂ ᠬᠥᠭᠵᠢᠯᠲᠡ ᠶᠢᠨ ᠲᠤᠬᠠᠢ ᠠᠷᠭ᠎ᠠ ᠪᠤᠳᠤᠯᠭ᠎ᠠ ᠡᠷᠬᠦᠵᠡᠬᠡᠯ᠎ᠡ᠃ ᠭᠡᠰᠢᠭᠦᠳ᠂ ᠮᠡᠳᠡᠭᠦᠯᠦᠯᠲᠡ ᠨᠢ ᠦᠨᠡᠨ ᠠᠴᠠ ᠵᠥᠪ ᠢ ᠡᠷᠢᠵᠦ᠂ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠦᠨᠡᠨ ᠪᠤᠳᠠᠳᠠᠢ᠂ ᠬᠢᠯᠠᠰ ᠴᠡᠭ ᠣᠯᠠᠨ ᠪᠠᠶᠢᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠪᠤᠰᠤᠳᠴᠢ ᠪᠠᠷ ᠳ᠋ᠦᠩᠨᠡᠭᠰᠡᠨ ᠤ ᠬᠠᠮᠲᠤ᠂ 2025 ᠣᠨ ᠤ ᠠᠵᠢᠯ ᠤᠨ ᠡᠭᠦᠷᠭᠡ ᠶᠢ ᠳᠤᠷᠠᠳᠴᠤ᠂ ᠬᠠᠷᠠᠯᠲᠠ ᠪᠠᠨ ᠤᠯᠠᠮ ᠲᠣᠳᠣᠷᠬᠠᠶᠢᠯᠠᠵᠤ᠂ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ ᠬᠡᠵᠦ ᠰᠠᠨᠠᠯ ᠨᠢᠭᠡᠳᠡᠢ ᠢᠯᠡᠷᠭᠡᠶᠢᠯᠡᠵᠡᠭᠡᠯ᠎ᠡ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠶ ᠴᠧᠩ ᠲᠠᠪᠤᠳᠤᠭᠠᠷ ᠳᠤᠭᠤᠶᠢᠯᠠᠩ ᠤᠨ ᠶᠠᠷᠢᠯᠴᠠᠭᠠᠨ ᠳᠤ ᠤᠷᠤᠯᠴᠠᠬᠤ ᠶᠢᠨ ᠬᠠᠮᠳᠤ᠂ ᠭᠡᠰᠢᠭᠦᠳ ᠤᠨ ᠳᠤᠷᠠᠳᠤᠭᠰᠠᠨ ᠠᠵᠤ ᠠᠬᠤᠶ ᠨᠡᠶᠢᠭᠡᠮ ᠤᠨ ᠬᠥᠭᠵᠢᠯᠲᠡ᠂ ᠰᠤᠷᠭᠠᠨ ᠬᠥᠮᠦᠵᠢᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠰᠤᠵᠢᠯ ᠤᠨ ᠦᠢᠯᠡᠴᠢᠯᠡᠭᠡ᠂ ᠬᠤᠲᠠ ᠶᠢᠨ ᠲᠥᠯᠥᠪᠵᠢᠭᠦᠯᠭᠡ ᠵᠡᠷᠭᠡ ᠠᠰᠠᠭᠤᠳᠠᠯ ᠤᠨ ᠲᠤᠬᠠᠢ ᠨᠢᠭᠡᠳ ᠨᠢᠭᠡ ᠪᠠᠷ ᠬᠠᠷᠢᠭᠤ ᠥᠭᠴᠦ᠂ ᠤᠯᠠᠨ ᠲᠠᠢ ᠰᠠᠨᠠᠯ ᠪᠤᠳᠤᠯ ᠢᠶᠠᠨ ᠬᠤᠪᠢᠶᠠᠯᠴᠠᠨ ᠭᠦᠨᠵᠡᠭᠡᠢ ᠰᠤᠳᠤᠯᠤᠨ ᠶᠠᠷᠢᠯᠴᠠᠪᠠ᠃      ᠴᠧᠨ ᠢᠦᠶ ᠴᠧᠩ ᠢᠯᠡᠷᠬᠡᠶᠢᠯᠡᠬᠦ ᠳᠡᠭᠡᠨ᠂ ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠷᠢᠨ ᠬᠢᠨᠠᠮᠠᠭᠠᠶ ᠰᠤᠳᠤᠯᠵᠤ ᠠᠷᠭ᠎ᠠ ᠬᠡᠮᠵᠢᠶ᠎ᠡ ᠭᠡᠷᠡᠭᠵᠢᠬᠦᠯᠦᠨ᠂ ᠪᠣᠳᠠᠲᠠᠶ ᠳᠤ ᠨᠠᠶᠢᠳᠠᠪᠤᠷᠢᠵᠢᠭᠤᠯᠬᠤ ᠪᠤᠯᠤᠨ᠎ᠠ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠴᠠᠭ ᠢᠮᠠᠭᠲᠠ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠰᠢᠨᠵᠢ ᠴᠢᠨᠠᠷ᠂ ᠭᠡᠰᠢᠭᠦᠳ ᠤᠨ ᠤᠯᠤᠰ ᠲᠥᠷᠥ ᠶᠢᠨ ᠪᠡᠶ᠎ᠡ ᠭᠠᠷᠤᠯ᠂ ᠵᠥᠪᠯᠡᠯᠭᠡ ᠬᠢᠬᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠳᠬᠠᠨ᠂ ᠤᠯᠤᠰ ᠲᠥᠷᠥ ᠶᠢᠨ ᠵᠢᠯᠣᠭᠤᠳᠤᠮᠵᠢ ᠪᠠᠨ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠪᠠᠷ ᠤᠯᠤᠰ ᠲᠥᠷᠥ ᠶᠢᠨ ᠵᠥᠪᠯᠡᠯᠭᠡᠨ ᠤ ᠬᠦᠴᠦᠨ ᠢ ᠨᠢᠭᠳᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠳᠥᠷᠪᠡᠳᠦᠭᠡᠷ ᠳᠤᠭᠤᠶᠢᠯᠠᠩ ᠤᠨ ᠶᠠᠷᠢᠯᠴᠠᠭᠠᠨ ᠳᠤ ᠣᠷᠣᠯᠴᠠᠵᠤ᠂ ᠭᠡᠰᠢᠭᠦᠳ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠬᠤᠳᠠᠯᠳᠤᠭ᠎ᠠ ᠡᠷᠬᠢᠯᠡᠬᠦ ᠨᠦᠬᠦᠴᠡᠯ ᠢ ᠰᠢᠯᠢᠳᠡᠭᠵᠢᠭᠦᠯᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠪᠠᠷ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠨᠤᠰᠤᠭᠰᠠᠨ ᠤ ᠬᠠᠮᠳᠤ ᠭᠡᠰᠢᠭᠦᠳ ᠤᠨ ᠳᠤᠷᠠᠳᠤᠭᠰᠠᠨ ᠴᠢᠨᠠᠷ ᠰᠠᠶᠢᠲᠠᠶ᠂ ᠥᠨᠳᠥᠷ ᠲᠦᠪᠰᠢᠨ ᠪᠥᠬᠦᠶ ᠰᠠᠨᠠᠯ ᠰᠠᠨᠠᠭᠤᠯᠭ᠎ᠠ ᠶᠢ ᠬᠦᠢᠴᠡᠳ ᠨᠤᠲᠠᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠷᠢᠨ ᠬᠢᠨᠠᠮᠠᠭᠠᠶ ᠰᠤᠳᠤᠯᠵᠤ᠂ ᠲᠠᠷᠠᠭᠠᠴᠢ ᠶᠢᠨ ᠠᠯᠬᠤᠮ ᠤᠨ ᠪᠣᠳᠠᠲᠠᠶ ᠠᠵᠢᠯ ᠤᠨ ᠳᠤᠮᠳᠠ ᠪᠠᠨ ᠦᠨᠡᠨ ᠬᠦ ᠢᠯᠡᠷᠡᠬᠦᠯᠬᠦ ᠪᠤᠯᠤᠨ᠎ᠠ᠃ ᠭᠡᠰᠢᠭᠦᠳ ᠥᠩᠭᠡᠷᠡᠭᠰᠡᠨ ᠲᠠᠢ ᠪᠠᠨ ᠠᠳᠠᠯᠢ ᠪᠠᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠢ ᠳᠡᠮᠵᠢᠵᠦ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠪᠠ ᠰᠤᠷᠪᠤᠯᠵᠢᠯᠠᠭ᠎ᠠ ᠶᠢ ᠢᠯᠡᠭᠦᠬᠡᠨ ᠥᠷᠨᠢᠭᠦᠯᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠢ ᠢᠯᠡᠭᠦᠬᠡᠨ ᠣᠶᠢᠯᠠᠭᠠᠵᠤ᠂ ᠡᠷᠬᠢᠮ ᠨᠠᠨᠳᠢᠨ ᠰᠠᠨᠠᠭᠤᠯᠭ᠎ᠠ ᠢᠯᠡᠭᠦᠬᠡᠨ ᠳᠤᠷᠠᠳᠴᠤ᠂ ᠰᠠᠶᠢᠨ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠶᠢ ᠬᠦᠰᠡᠵᠦ ᠪᠠᠶᠢᠨ᠎ᠠ ᠬᠡᠵᠡᠢ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠤ ᠲᠠᠪᠤᠳᠤᠭᠠᠷ ᠳᠤᠭᠤᠶᠢᠯᠠᠩ ᠤᠨ ᠶᠠᠷᠢᠯᠴᠠᠭᠠᠨ ᠳᠤ ᠣᠷᠣᠯᠴᠠᠵᠤ᠂ ᠣᠯᠠᠨ ᠲᠠᠢ ᠬᠠᠮᠲᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠨᠠᠰᠤᠲᠤ ᠵᠢᠭᠠᠭᠰᠠᠨ  ᠨᠢ᠂ ᠬᠡᠰᠢᠬᠦᠳ ᠨᠦᠬᠦᠳ ᠥᠩᠭᠡᠷᠡᠭᠰᠡᠨ ᠲᠠᠢ ᠪᠠᠨ ᠠᠳᠠᠯᠢ ᠪᠠᠷ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠨ ᠬᠥᠭᠵᠢᠯᠲᠡ ᠶᠢ ᠠᠬᠢᠭᠤᠯᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠵᠣᠷᠢᠭᠲᠠᠶ ᠪᠠᠷ ᠵᠢᠱᠢᠶ᠎ᠡ ᠦᠵᠡᠭᠦᠯᠦᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠲᠡᠶ᠃ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠥᠯᠢᠭᠡᠷ ᠳᠠᠭᠤᠷᠢᠶᠠᠯ ᠤᠨ ᠦᠢᠯᠡᠳᠦᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠰᠤᠷᠲᠠᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠴᠢᠳᠠᠪᠤᠷᠢ ᠪᠠᠨ ᠴᠢᠩᠭᠠᠳᠬᠠᠵᠤ᠂ ᠴᠥᠬᠦᠷᠡᠰᠢ ᠥᠬᠡᠶ ᠴᠢᠷᠮᠠᠶᠢᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠠᠮᠢᠵᠢᠷᠠᠯ ᠤᠨ ᠬᠦᠴᠦᠨ᠂ ᠪᠦᠲᠦᠭᠡᠯᠴᠢ ᠬᠦᠴᠦᠨ ᠪᠠ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠵᠠᠭᠠᠶ᠎ᠠ ᠭᠡᠵᠡᠶ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠳᠠᠯᠠᠨᠪᠠᠶᠠᠷ ᠲᠠᠪᠤᠳᠤᠭᠠᠷ ᠳᠤᠭᠤᠶᠢᠯᠠᠩ ᠤᠨ ᠶᠠᠷᠢᠯᠴᠠᠭᠠᠨ ᠳᠤ ᠬᠠᠮᠲᠤ ᠣᠷᠣᠯᠴᠠᠪᠠ᠃      ᠭᠡᠰᠢᠭᠦᠳ᠂ ᠬᠤᠶᠢᠰᠢᠳᠠ ᠤᠯᠤᠰ ᠲᠥᠷᠥ ᠶᠢᠨ ᠵᠥᠪᠯᠡᠯᠭᠡᠨ ᠤ ᠬᠡᠰᠢᠬᠦᠨ ᠤ ᠡᠭᠦᠷᠭᠡ ᠴᠢᠳᠠᠪᠤᠷᠢ ᠪᠠᠨ ᠰᠠᠶᠢᠲᠤᠷ ᠪᠠᠳᠠᠷᠠᠭᠤᠯᠵᠤ᠂ ᠨᠠᠩ ᠴᠤᠭ ᠪᠠᠳᠠᠷᠠᠩᠭᠤᠶ ᠵᠣᠷᠢᠭ ᠰᠠᠨᠠᠭ᠎ᠠ᠂ ᠨᠠᠩ ᠯᠠᠪᠳᠠᠭᠤᠨ ᠪᠠᠲᠤᠲᠠᠶ ᠰᠤᠷᠲᠠᠯ ᠢᠶᠠᠷ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠭᠡᠶᠢᠯᠡᠵᠡᠬᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号