ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ  ᠤ ᠪᠦᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/1/5
     1 ᠰᠠᠷ᠎ᠠ ᠶᠢᠨ 4  ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠶ ᠴᠧᠩ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠷ᠂ ᠭᠤᠷᠪᠠᠳᠤᠭᠠᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦ ᠣᠷᠣᠨ᠂ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠵᠢᠯ ᠤᠨ ᠠᠵᠤ ᠠᠬᠤᠶ ᠶᠢᠨ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠠ᠃      ᠴᠧᠨ ᠢᠦᠢ ᠴᠧᠩ᠂ 2024 ᠣᠨ ᠳᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠳᠠᠭᠠᠭᠤᠯᠤᠨ᠂ ᠪᠦᠯᠬᠦᠮᠳᠡᠨ ᠲᠡᠮᠡᠴᠡᠵᠦ᠂ ᠠᠵᠠ ᠲᠣᠬᠢᠶᠠᠯ ᠢ ᠠᠮᠵᠢᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠲᠦᠷᠦᠯ ᠤᠨ ᠠᠵᠢᠯ ᠦᠢᠯᠡᠰ ᠨᠡᠯᠢᠶᠡᠳ ᠰᠠᠶᠢᠨ ᠠᠮᠵᠢᠯᠲᠠ ᠣᠯᠵᠤ᠂ ︽ᠰᠠᠭᠤᠷᠢ ᠪᠠᠨ ᠲᠣᠭᠲᠠᠪᠤᠷᠢᠵᠢᠭᠤᠯᠵᠤ᠂ ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠤᠷᠤᠬᠤ︾ ᠬᠠᠷᠠᠯᠲᠠ ᠳᠠᠶᠢᠰᠢ ᠪᠠᠳᠤᠳᠠᠢ ᠠᠯᠬᠤᠪᠠ᠃      2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠮᠦᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠬᠢᠯᠡᠯᠲᠡ ᠶᠢᠨ ᠵᠢᠯ ᠮᠥᠨ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶᠠᠨ ᠤ 2025 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ᠂ ᠠᠵᠤ ᠠᠬᠤᠶ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠤᠯ ᠱᠤᠭᠤᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠰᠠᠭᠤᠷᠢ ᠶᠢ ᠲᠣᠭᠲᠠᠪᠤᠷᠢᠵᠢᠭᠤᠯᠬᠤ᠂ ᠰᠢᠨ᠎ᠡ ᠵᠠᠮ ᠨᠡᠭᠡᠭᠡᠬᠦ᠂ ᠳᠤᠮᠳᠠ ᠳᠦᠪᠰᠢᠨ ᠳᠤ ᠤᠷᠤᠬᠤ︾ ᠲᠡᠮᠡᠴᠡᠬᠦ ᠬᠠᠷᠠᠯᠲᠠ ᠪᠠ ︽ᠭᠤᠷᠪᠠᠨ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠭᠤᠶᠢᠪᠢᠰᠢ ᠥᠬᠡᠶ ᠪᠠᠷᠢᠮᠳᠠᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠳᠠᠯᠪᠢᠬᠤ ᠬᠡᠷᠡᠭᠳᠡᠢ ᠬᠡᠵᠡᠢ᠃      ᠡᠨᠡ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.5% ᠠᠴᠠ ᠳᠡᠭᠡᠭᠰᠢ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5% ᠠᠴᠠ ᠳᠡᠭᠡᠭᠰᠢ ᠨᠡᠮᠡᠭᠳᠡᠬᠦᠯᠵᠦ᠂ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠬᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 4.3% ᠠᠴᠠ ᠳᠡᠭᠡᠭᠰᠢ ᠨᠡᠮᠡᠭᠳᠡᠬᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰᠪᠣᠷᠢ 6.2% ᠠᠴᠠ ᠳᠡᠭᠡᠭᠰᠢ ᠪᠠ 8.5% ᠠᠴᠠ ᠳᠡᠭᠡᠭᠰᠢ ᠨᠡᠮᠡᠭᠳᠡᠭᠦᠯᠦᠨ᠎ᠡ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠬᠤᠷᠠᠯ ᠳᠤ᠂ ᠪᠥᠬᠦ ᠬᠤᠰᠢᠭᠤ ᠪᠠᠷ ᠢᠶᠠᠨ ᠬᠢᠯᠪᠠᠷ ᠪᠤᠰᠤ ᠪᠠᠷ ᠢᠷᠡᠭᠰᠡᠨ ᠬᠥᠭᠵᠢᠯᠲᠡ ᠶᠢᠨ ᠰᠠᠶᠢᠨ ᠪᠠᠶᠢᠳᠠᠯ ᠢᠶᠠᠨ ᠰᠠᠶᠢᠲᠤᠷ ᠪᠠᠲᠤᠯᠠᠵᠤ᠂ ᠬᠤᠰᠢᠭᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠪᠥᠬᠦ ᠵᠢᠯ ᠤᠨ ᠲᠣᠭᠲᠠᠭᠠᠭᠰᠠᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠵᠦ᠂ ᠥᠨᠳᠥᠷ ᠪᠠᠷᠢᠮᠵᠢᠶ᠎ᠠ ᠪᠥᠬᠦᠶ ᠪᠠᠶᠢᠷᠢ ᠲᠣᠭᠲᠠᠭᠠᠯᠲᠠ ᠪᠠᠷ ᠬᠥᠭᠵᠢᠯᠲᠡ ᠶᠢ ᠡᠷᠢᠯᠬᠢᠯᠡᠬᠦ ᠶᠢ ᠪᠠᠷᠢᠮᠲᠠᠯᠠᠨ᠂ ᠠᠵᠤ ᠠᠬᠤᠶ ᠶᠢᠨ ᠠᠵᠢᠯᠯᠠᠭᠠᠨ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠲᠤᠭ᠎ᠠ ᠴᠢᠨᠠᠷ ᠢ ᠵᠡᠷᠭᠡᠪᠡᠷ ᠠᠳᠬᠤᠨ ᠦᠨᠳᠦᠰᠦ ᠰᠠᠭᠤᠷᠢ ᠶᠢ ᠪᠠᠬᠢᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠦᠭᠵᠢᠯᠳᠡ ᠶᠢ ᠬᠦᠴᠦᠯᠡᠨ ᠠᠬᠢᠭᠤᠯᠬᠤ ᠬᠡᠷᠡᠭᠲᠡᠢ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠪᠡᠭᠡᠷ ᠵᠠᠰᠠᠵᠤ ᠠᠮᠢ ᠠᠬᠤᠶ ᠶᠢ ᠬᠠᠮᠠᠭᠠᠯᠠᠬᠤ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠪᠠᠷᠠᠭᠤᠨ ᠰᠦᠨᠢᠳ ᠤᠨ ᠪᠠᠶᠢᠭᠤᠯᠤᠯᠳᠠ ᠶᠢᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠨᠡᠬᠡᠬᠡᠯᠳᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠯᠡᠨ ᠠᠬᠢᠭᠤᠯᠵᠤ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ ᠴᠢᠨᠠᠷ ᠴᠢᠨᠰᠠᠭ᠎ᠠ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠬᠥᠭᠵᠢᠯᠲᠡ ᠶᠢ ᠠᠭᠤᠰᠤᠯᠴᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠰᠡᠳᠬᠢᠯ ᠳᠡᠯᠪᠢᠨ ᠪᠣᠳᠠᠲᠤ ᠶᠠᠪᠤᠳᠠᠯ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠶ᠃ ᠪᠣᠳᠠᠲᠤ ᠠᠵᠢᠯᠯᠠᠭ᠎ᠠ ᠪᠠᠷ  ᠢᠶᠠᠨ ᠪᠠᠶᠠᠨ ᠴᠢᠨᠡᠭᠡᠯᠢᠭ᠂ ᠪᠣᠯᠪᠠᠰᠤᠨ᠂ ᠦᠵᠡᠰᠬᠦᠯᠡᠩᠲᠦ ᠰᠠᠶᠢᠬᠠᠨ᠂ ᠵᠣᠯ ᠵᠢᠷᠭᠠᠯᠳᠤ ᠰᠥᠨᠢᠳ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠬᠦ ᠬᠡᠷᠡᠭᠲᠡᠶ ᠬᠡᠵᠡᠢ᠃      ᠬᠤᠷᠠᠯ ᠠᠴᠠ᠂ ᠵᠢᠯ ᠤᠨ ᠰᠡᠭᠦᠯᠴᠢ ᠤᠨ ᠤ ᠡᠬᠢᠨ ᠳᠤ᠂ ᠡᠯ᠎ᠡ ᠲᠠᠯ᠎ᠠ ᠶᠢᠨ ᠠᠵᠢᠯ ᠤᠨ ᠡᠭᠦᠷᠭᠡ ᠮᠠᠰᠢ ᠬᠦᠨᠳᠦ ᠪᠠᠶᠢᠨ᠎ᠠ᠃ ᠴᠢᠬᠤᠯᠠ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠬᠤ ᠪᠠ ᠦᠨᠳᠦᠰᠦᠨ ᠱᠠᠲᠤᠨ ᠳᠤ ᠬᠠᠯᠠᠭᠤᠨ ᠳᠤᠯᠠᠭᠠᠨ ᠢ ᠬᠦᠷᠭᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠨᠡᠶᠢᠭᠡᠮ ᠤᠨ ᠲᠣᠭᠤᠷᠢᠨ ᠰᠡᠷᠭᠡᠶᠢᠯᠡᠵᠦ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠦᠢᠳᠡᠨ ᠠᠭᠤᠷ ᠠᠮᠢᠰᠬᠤᠯ ᠪᠣᠯᠤᠨ ᠴᠠᠰᠤ ᠮᠥᠰᠥᠲᠦᠯ ᠵᠡᠷᠭᠡ ᠴᠠᠭ ᠠᠭᠤᠷ ᠤᠨ ᠪᠠᠶᠢᠳᠠᠯ ᠢ ᠰᠡᠷᠭᠡᠶᠢᠯᠡᠨ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ᠂ ᠠᠮᠤᠷ ᠲᠠᠶᠢᠪᠤᠩ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠠᠢ᠃      ᠬᠤᠷᠠᠯ ᠠᠴᠠ᠂ ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠳᠤ ᠴᠣᠯᠭᠤᠷᠠᠭᠰᠠᠨ ᠰᠢᠯᠢᠳᠡᠭ ᠠᠵᠤ ᠠᠬᠤᠶᠢᠯᠠᠯ᠂ ᠰᠠᠯᠠᠭ᠎ᠠ ᠮᠥᠴᠢᠷ ᠪᠣᠯᠤᠨ ᠬᠤᠪᠢ ᠬᠥᠮᠦᠨ ᠳᠤ ᠳᠠᠯᠠᠷᠬᠠᠯ ᠢᠯᠡᠷᠭᠡᠶᠢᠯᠡᠨ᠂ ᠠᠷᠠᠯᠵᠢᠶᠠᠴᠢᠨ ᠤᠷᠢᠬᠤ ᠶᠢ ᠠᠳᠬᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠤᠯᠠᠮ ᠨᠢᠭᠲᠠᠷᠠᠭᠤᠯᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃      ᠬᠤᠷᠠᠯ ᠠᠴᠠ ᠪᠠᠰᠠ ᠬᠠᠮᠢᠶ᠎ᠠ ᠪᠦᠬᠦᠢ ᠵᠥᠪᠯᠡᠬᠦ ᠵᠦᠢᠯ ᠢ ᠪᠠᠲᠤᠯᠠᠪᠠ᠃      ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠳᠠᠷᠤᠭ᠎ᠠ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠬᠠᠮᠢᠶ᠎ᠠ ᠪᠥᠬᠦᠶ ᠰᠢᠭᠤᠳ ᠬᠠᠮᠢᠶᠠᠷᠬᠤ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠡᠰᠡᠭ ᠠᠬᠠᠮᠠᠳ ᠺᠠᠳ᠋ᠷ ᠤᠨ ᠲᠥᠯᠥᠭᠡᠯᠡᠭᠴᠢ ᠵᠢᠴᠢ ᠬᠡᠰᠡᠭ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号