ᠪᠦᠬᠦ ᠵᠢᠯ ᠤᠨ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 5.5% ᠪᠠᠷ ᠨᠡᠮᠡᠭᠳᠡᠪᠡ᠃ | ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ 3.17 ᠳ᠋ᠦᠩᠰᠢᠭᠤᠷ ᠲᠦᠭᠦᠷᠢᠭ ᠪᠡᠶᠡᠯᠡᠭᠦᠯᠵᠦ᠂ | 22% ᠢᠶᠠᠷ ᠨᠡᠮᠡᠭᠳᠡᠵᠦ᠂ ᠵᠢᠯ ᠤᠨ ᠡᠬᠢᠨ ᠤ ᠬᠠᠷᠠᠯᠳᠠᠳᠦ ᠡᠭᠦᠷᠭᠡ ᠶᠢᠨ 151% ᠶᠢ ᠪᠡᠶᠡᠯᠡᠭᠦᠯᠪᠡ᠃ ᠲᠣᠭᠳᠠᠮᠠᠯ | ᠬᠦᠷᠦᠩᠭᠡ ᠶᠢᠨ ᠪᠡᠯᠡ ᠣᠷᠣᠭᠤᠯᠣᠯᠳᠠ 28.6 ᠳ᠋ᠦᠩᠰᠢᠭᠤᠷ ᠲᠦᠭᠦᠷᠢᠭ ᠪᠡᠶᠡᠯᠡᠭᠦᠯᠵᠦ᠂ 137.2% ᠢᠶᠠᠷ | ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ | 40270 ᠲᠦᠭᠦᠷᠢᠭ ᠪᠡᠶᠡᠯᠡᠭᠦᠯᠵᠦ᠂ 6.4% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠤᠨ | ᠵᠢᠵᠢᠭᠯᠡᠨ ᠪᠣᠷᠣᠯᠠᠭᠤᠯᠭ᠎ᠠ ᠶᠢᠨ ᠶᠡᠷᠦᠩᠭᠡᠢ ᠦᠨ᠎ᠡ ᠶᠢ 9.2ᠳ᠋ᠦᠩᠰᠢᠭᠤᠷ ᠲᠦᠭᠦᠷᠢᠭ ᠪᠡᠶᠡᠯᠡᠭᠦᠯᠵᠦ᠂ 3% ᠪᠠᠷ | ᠨᠡᠮᠡᠭᠳᠡᠵᠦ᠂ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ ᠶᠢ ᠰᠠᠶᠢᠳᠣᠷ | ᠡᠬᠢᠯᠡᠭᠦᠯᠵᠦ᠂ ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ | ᠶᠢ ᠣᠷᠣᠭᠰᠢᠳᠠᠢ ᠠᠬᠢᠭᠤᠯᠵᠣ᠂ ᠶᠡᠷᠦᠩᠭᠡᠢ ᠠᠵᠣ ᠠᠬᠤᠢ ᠶᠢᠨ ᠭᠦᠢᠴᠡᠳᠭᠡᠯ ᠲᠤᠭ᠎ᠠ ᠪᠦᠬᠦ ᠠᠶᠢᠮᠠᠭ ᠤᠨ ᠨᠢᠭᠡᠳᠦᠭᠡᠷ | ᠡᠩᠨᠡᠭᠡᠨ ᠳᠤ ᠣᠷᠣᠵᠣ᠂ ᠲᠣᠭᠳᠠᠭᠤᠨ ᠢᠶᠠᠷ ᠣᠷᠣᠭᠰᠢᠯᠠᠬᠤ᠂ ᠣᠷᠣᠭᠰᠢᠯᠠᠯᠳᠠ ᠶᠢᠨ ᠳᠣᠮᠳᠠ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠰᠠᠶᠢᠨ ᠰᠠᠶᠢᠬᠠᠨ ᠭᠡᠪ ᠪᠠᠶᠢᠳᠠᠯ ᠢ ᠢᠯᠡᠷᠡᠭᠦᠯᠪᠡ᠃ | ᠨᠢᠭᠡ ᠵᠢᠯ ᠤᠨ ᠲᠣᠷᠰᠢ᠂ ᠪᠢᠳᠡ ᠲᠣᠬᠢᠶᠠᠯ ᠢ ᠠᠳᠬᠤᠨ᠂ ᠬᠦᠴᠢᠷ ᠢ ᠰᠦᠷᠦᠨ ᠣᠷᠣᠭᠰᠢᠯᠠᠵᠣ᠂ ᠠᠵᠣ | ᠠᠬᠤᠢ ᠶᠢᠨ ᠤᠷᠴᠢᠯᠳᠠ ᠶᠢᠨ ᠰᠢᠨ᠎ᠡ ᠪᠠᠶᠢᠳᠠᠯ ᠢ ᠪᠦᠷᠢᠯᠳᠦᠭᠦᠯᠪᠡ᠃ | ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠡᠷᠴᠢᠮᠳᠠᠢ ᠶᠠᠪᠣᠭᠳᠠᠵᠣ ᠪᠠᠶᠢᠨ᠎ᠠ᠄ ᠠᠶᠢᠮᠠᠭ ᠬᠤᠰᠢᠭᠤ | ᠬᠤᠶᠠᠷ ᠱᠠᠳᠣᠨ ᠤ 41 ᠭᠤᠣᠯᠳᠠᠯᠭ᠎ᠠ ᠲᠠᠢ ᠲᠦᠷᠦᠯ ᠵᠦᠢᠯ ᠢ ᠲᠣᠭᠳᠠᠭᠰᠠᠨ ᠬᠤᠭᠤᠴᠠᠭᠠᠨ ᠳᠤ ᠠᠵᠢᠯ | ᠡᠬᠢᠯᠡᠬᠦᠯᠪᠡ᠃ | ᠠᠷᠠᠯᠵᠢᠶᠠᠴᠢᠨ ᠣᠷᠢᠵᠣ ᠪᠡᠯᠡ ᠣᠷᠣᠭᠤᠯᠬᠤ ᠠᠵᠢᠯ ᠢᠯᠡᠷᠭᠡᠢ ᠦᠷ᠎ᠡ ᠪᠦᠲᠦᠮᠵᠢ ᠣᠯᠪᠠ᠄ ᠪᠦᠬᠦ ᠵᠢᠯ ᠳᠤ | 92ᠠᠵᠣ ᠠᠬᠤᠶᠢᠯᠠᠯ ᠢ ᠵᠣᠯᠭᠠᠭᠤᠯᠵᠣ᠂ 17 ᠬᠤᠪᠢ ᠬᠡᠯᠡᠯᠴᠡᠭᠡᠷ ᠢ ᠰᠢᠨ᠎ᠡ ᠪᠠᠷ ᠲᠣᠭᠳᠠᠵᠣ᠂ 15.41 | ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠤᠷᠢᠨ ᠤᠷᠤᠭᠤᠯᠵᠦ ᠨᠠᠶᠢᠳᠠᠪᠤᠷᠢᠵᠢᠭᠤᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠣᠯᠠᠮ ᠰᠢᠯᠢᠳᠡᠭᠵᠢᠭᠦᠯᠪᠡ᠄ 951 ᠲᠦᠷᠦᠯ ᠤᠨ ᠵᠠᠰᠠᠭ ᠤᠨ | ᠶᠠᠪᠣᠳᠠᠯ ᠤᠨ ᠦᠢᠯᠡᠴᠢᠯᠡᠭᠡᠨ ᠤ ᠵᠦᠢᠯᠡᠰ ᠢ ︽ᠭᠠᠷ ᠣᠳᠠᠰᠣᠨ ᠳᠡᠭᠡᠷ᠎ᠡ ᠭᠦᠢᠴᠡᠳᠭᠡᠬᠦ︾ ᠶᠢ ᠪᠡᠶᠡᠯᠡᠬᠦᠯᠪᠡ᠃ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠦᠭᠵᠢᠭᠡᠪᠡ᠄ ᠭᠠᠶᠢᠯᠢ ᠶᠢ ᠪᠠᠭᠠᠰᠬᠠᠨ | ᠰᠦᠢᠳᠭᠡᠯ ᠢ ᠪᠠᠭᠤᠷᠠᠭᠤᠯᠬᠤ ᠳᠤ 6343 ᠲᠦᠮᠡᠨ ᠲᠦᠭᠦᠷᠢᠭ ᠰᠢᠨ᠎ᠡ ᠪᠠᠷ ᠨᠡᠮᠡᠭᠳᠡᠵᠦ᠂ 76% ᠪᠠᠷ | ᠦᠰᠪᠡ᠃ | ᠨᠢᠭᠡ ᠵᠢᠯ ᠤᠨ ᠲᠣᠷᠰᠢ᠂ ᠪᠢᠳᠡ ᠠᠵᠣ ᠦᠢᠯᠡᠰ ᠤᠨ ᠬᠡᠯᠬᠢᠶ᠎ᠡ ᠶᠢ ᠬᠦᠴᠦᠷᠭᠡᠭᠵᠢᠭᠦᠯᠵᠦ᠂ ᠠᠵᠣ ᠦᠢᠯᠡᠰ | ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠪᠡ᠃ | ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠬᠦᠭᠵᠢᠯᠳᠡ ᠶᠢ ᠴᠢᠩᠭᠠᠳᠬᠠᠪᠠ᠄ 25 ᠡᠷᠦᠭᠡ | ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠤᠨ ᠦᠢᠯᠡᠳᠪᠦᠷᠢᠯᠡᠯ ᠤᠨ ᠦᠷᠳᠡᠭ | ᠲᠠᠬᠢᠨ ᠰᠢᠨ᠎ᠡ ᠠᠮᠵᠢᠯᠳᠠ ᠳᠤ ᠬᠦᠷᠴᠦ᠂ 32.7 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ ᠰᠢᠨ᠎ᠡ ᠡᠨᠧᠷᠬᠢ ᠶᠢᠨ | 6 ᠲᠦᠷᠦᠯ ᠵᠦᠢᠯ ᠢ ᠪᠦᠲᠦᠭᠡᠨ ᠪᠠᠶᠢᠭᠤᠯᠵᠣ᠂ 101.1 ᠲᠦᠮᠡᠨ ᠺᠢᠯᠣᠸᠠᠲ ᠴᠠᠬᠢᠯᠭᠠᠨ ᠢ ᠲᠣᠣᠷ ᠲᠤ | ᠨᠡᠶᠢᠯᠡᠬᠦᠯᠪᠡ᠃ | ᠮᠠᠯ ᠠᠵᠣ ᠠᠬᠤᠢ ᠶᠢᠨ ᠠᠵᠣ ᠦᠢᠯᠡᠰ ᠤᠨ ᠭᠡᠪ ᠪᠠᠶᠢᠳᠠᠯ ᠢ ᠲᠣᠬᠢᠷᠠᠭᠤᠯᠣᠨ ᠰᠢᠯᠢᠳᠡᠭᠵᠢᠭᠦᠯᠪᠡ᠄ ᠰᠦᠨᠢᠳ | ᠬᠤᠣᠰ ᠪᠦᠬᠦᠲᠦ ᠲᠡᠮᠡᠭᠡ ᠮᠠᠯᠵᠢᠬᠤ 4 ᠰᠠᠭᠤᠷᠢᠨ ᠭᠠᠵᠠᠷ ᠢ ᠪᠠᠶᠢᠭᠤᠯᠵᠣ᠂ ᠰᠢᠯᠢᠳᠡᠭ ᠡᠭᠦᠯᠳᠡᠷ ᠤᠨ ᠢᠳᠡᠰᠢᠨ ᠤ | ᠦᠭᠡᠷ ᠤᠨ ᠭᠤᠣᠯ ᠰᠦᠷᠦᠭ 6᠂ ᠢᠳᠡᠰᠢᠨ ᠤ ᠦᠭᠡᠷ ᠢ ᠬᠡᠪᠴᠢᠶᠡᠵᠢᠭᠦᠯᠦᠨ ᠮᠠᠯᠵᠢᠬᠤ ᠰᠠᠭᠤᠷᠢᠨ ᠭᠠᠵᠠᠷ 10 ᠶᠢ | ᠪᠠᠶᠢᠭᠤᠯᠪᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠢ ᠬᠦᠭᠵᠢᠭᠡᠪᠡ᠄ | ᠵᠢᠭᠤᠯᠴᠢᠯᠠᠭᠰᠠᠳ ᠤᠨ ᠲᠤᠭ᠎ᠠ 13 ᠲᠦᠮᠡ ᠳᠤ ᠬᠦᠷᠴᠦ᠂ 3800 ᠲᠦᠮᠡᠨ ᠲᠦᠭᠦᠷᠢᠭ ᠤᠨ ᠵᠢᠭᠤᠯᠴᠢᠯᠠᠯ ᠤᠨ | ᠬᠡᠷᠡᠭᠯᠡᠭᠡ ᠶᠢ ᠳᠠᠶᠢᠴᠢᠯᠠᠵᠣ᠂ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠠᠷᠠᠯᠵᠢᠶ᠎ᠠ 6.25 ᠳ᠋ᠦᠩᠰᠢᠭᠤᠷ | ᠲᠦᠭᠦᠷᠢᠭ ᠲᠤ ᠬᠦᠷᠪᠡ᠃ | ᠨᠢᠭᠡ ᠵᠢᠯ ᠤᠨ ᠲᠣᠷᠰᠢ᠂ ᠪᠢᠳᠡ ᠡᠯᠡᠰᠦ ᠶᠢ ᠵᠠᠰᠠᠬᠤ᠂ ᠪᠣᠬᠢᠷᠳᠣᠯ ᠢ ᠵᠠᠰᠠᠬᠤ᠂ ᠭᠠᠳᠠᠭᠰᠢᠯᠠᠭᠤᠯᠣᠯᠳᠠ ᠶᠢ | ᠪᠠᠭᠠᠰᠠᠬᠬᠤ ᠪᠠᠷ ᠴᠢᠷᠮᠠᠶᠢᠨ ᠠᠵᠢᠯᠯᠠᠵᠣ᠂ ᠠᠮᠢ ᠠᠬᠤᠢ ᠶᠢᠨ ᠪᠣᠯᠪᠠᠰᠣᠨ ᠰᠢᠨ᠎ᠡ ᠠᠮᠢᠵᠢᠷᠠᠯ ᠤᠨ ᠬᠦᠴᠦᠨ ᠲᠠᠢ | ᠪᠣᠯᠪᠠ᠃ | ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ ᠵᠠᠰᠠᠨ ᠰᠡᠷᠭᠦᠭᠡᠵᠦ ᠢᠯᠡᠯᠳᠠ ᠣᠯᠬᠤ ᠠᠵᠢᠯ ᠡᠷᠴᠢᠮ | ᠲᠠᠢ ᠰᠠᠶᠢᠨ ᠶᠠᠪᠣᠭᠳᠠᠵᠣ ᠪᠠᠶᠢᠨ᠎ᠠ᠄ ᠵᠢᠯ ᠤᠨ ᠲᠣᠳᠣᠷ᠎ᠠ 92.5 ᠲᠦᠮᠡᠨ ᠮᠣ᠋ ᠡᠯᠡᠰᠦ ᠶᠢ ᠵᠠᠰᠠᠬᠤ ᠡᠭᠦᠷᠭᠡ ᠶᠢ | ᠪᠡᠶᠡᠯᠡᠬᠦᠯᠪᠡ᠃ | ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢ ᠪᠠᠳᠣᠳᠬᠠᠨ ᠰᠠᠶᠢᠵᠢᠷᠠᠭᠤᠯᠪᠠ᠄ ᠪᠦᠬᠦ | ᠣᠯᠣᠰ ᠤᠨ ᠠᠮᠢ ᠠᠬᠤᠢ ᠶᠢᠨ ᠪᠣᠯᠪᠠᠰᠣᠨ ᠢ ᠪᠦᠲᠦᠭᠡᠨ ᠪᠠᠶᠢᠭᠤᠯᠬᠤ ᠵᠢᠱᠢᠶᠡᠴᠢ ᠬᠤᠰᠢᠭᠤ ᠶᠢ ᠡᠬᠦᠳᠦᠨ | ᠪᠠᠶᠢᠭᠤᠯᠬᠤ 25 ᠲᠦᠷᠦᠯ ᠤᠨ ᠭᠦᠢᠴᠡᠳᠭᠡᠯ ᠲᠤᠭ᠎ᠠ ᠴᠦᠮ ᠪᠠᠷᠢᠮᠵᠢᠶᠠᠨ ᠳᠤ ᠬᠦᠷᠪᠡ᠃ | ᠡᠭᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠢ ᠲᠣᠭᠳᠠᠭᠤᠨ ᠢᠶᠠᠷ ᠠᠬᠢᠭᠤᠯᠪᠠ᠄ ᠠᠵᠣ ᠦᠢᠯᠡᠳᠪᠦᠷᠢ | 4.8ᠲᠦᠮᠡᠨ ᠲᠣᠨ ᠣᠰᠣ ᠠᠷᠪᠢᠯᠠᠵᠣ᠂ ᠵᠢᠯ ᠤᠨ ᠲᠣᠳᠣᠷ᠎ᠠ 11.426 ᠡᠾᠧᠺᠲ᠋ᠠᠷ ᠵᠦᠪᠰᠢᠶᠡᠷᠡᠭᠰᠡᠨ ᠪᠣᠯᠪᠠᠰᠣ | ᠬᠠᠩᠭᠠᠭᠠᠳᠣᠢ ᠭᠠᠵᠠᠷ ᠰᠢᠷᠣᠢ ᠶᠢᠨ ᠠᠰᠠᠭᠤᠳᠠᠯ ᠢ ᠰᠢᠢᠳᠪᠤᠷᠢᠯᠡᠪᠡ᠃ | ᠨᠢᠭᠡ ᠵᠢᠯ ᠤᠨ ᠲᠣᠷᠰᠢ᠂ ᠪᠢᠳᠡ ᠲᠣᠳᠣᠷ᠎ᠠ ᠭᠠᠳᠠᠨᠠᠬᠢ ᠶᠢ ᠵᠣᠬᠢᠴᠠᠭᠤᠯᠣᠨ ᠬᠦᠭᠵᠢᠭᠦᠯᠵᠦ᠂ | ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠰᠢᠨ᠎ᠡ ᠶᠢ ᠡᠭᠦᠳᠦᠨ ᠬᠦᠭᠵᠢᠭᠦᠯᠬᠦ ᠠᠵᠢᠯ ᠤᠨ ᠰᠢᠨ᠎ᠡ ᠦᠷ᠎ᠡ ᠪᠦᠲᠦᠮᠵᠢ | ᠶᠢ ᠣᠯᠪᠠ᠃ | ᠦᠭᠡᠷᠡᠴᠢᠯᠡᠯᠳᠡ ᠶᠢ ᠦᠨᠳᠦᠷ ᠦᠷ᠎ᠡ ᠪᠦᠲᠦᠮᠵᠢᠳᠠᠢ ᠪᠠᠷ ᠠᠬᠢᠭᠤᠯᠬᠤ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠪᠡ᠄ᠦᠭᠡᠷᠡᠴᠢᠯᠡᠯᠳᠡ ᠶᠢᠨ ᠡᠭᠦᠷᠭᠡ ᠶᠢ 199 ᠵᠦᠢᠯ ᠲᠦᠯᠦᠪᠯᠡᠵᠦ᠂ 81 ᠢᠵᠢ ᠴᠢᠳᠠᠪᠣᠷᠢᠳᠠᠨ ᠤ | ᠨᠡᠶᠢᠳᠡ ᠶᠢᠨ ᠪᠠᠶᠢᠷᠢ ᠶᠢ ᠵᠠᠰᠠᠨ ᠴᠢᠮᠡᠭᠯᠡᠬᠦ ᠵᠢᠴᠢ ᠢᠵᠢ ᠪᠦᠷᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ | ᠪᠠᠶᠢᠭᠤᠯᠣᠯᠳᠠ ᠶᠢᠨ ᠲᠦᠷᠦᠯ ᠵᠦᠢᠯ ᠢ ᠲᠣᠰᠬᠠᠢ ᠬᠡᠷᠡᠭᠵᠢᠬᠦᠯᠪᠡ᠃ | ᠰᠢᠨᠵᠢᠯᠡᠭᠡ ᠮᠡᠷᠭᠡᠵᠢᠯ ᠤᠨ ᠡᠭᠦᠳᠦᠯᠳᠡ ᠶᠢᠨ ᠦᠷ᠎ᠡ ᠪᠦᠲᠦᠮᠵᠢ ᠶᠢ ᠲᠦᠷᠭᠡᠨ ᠲᠦᠪᠯᠡᠷᠡᠭᠦᠯᠪᠡ᠄ ᠰᠢᠨᠵᠢᠯᠡᠭᠡ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ 6 ᠲᠦᠷᠦᠯ ᠵᠦᠢᠯ ᠢ ᠭᠤᠶᠣᠴᠢᠯᠠᠨ ᠮᠡᠳᠡᠭᠦᠯᠵᠦ᠂ 800 | ᠰᠦᠨᠢᠳ ᠬᠤᠨᠢᠨ ᠳᠤ ᠭᠧᠨ ᠤ ᠰᠢᠯᠭᠠᠨ ᠪᠠᠶᠢᠴᠠᠭᠠᠯᠳᠠ ᠬᠢᠪᠡ᠃ | ᠭᠠᠳᠠᠭᠰᠢ ᠨᠡᠭᠡᠭᠡᠯᠳᠡ ᠬᠢᠬᠦ ᠶᠢ ᠲᠠᠰᠣᠷᠠᠯᠳᠠ ᠦᠭᠡᠢ ᠬᠦᠨᠵᠡᠭᠡᠶᠢᠷᠡᠭᠦᠯᠪᠡ᠄ ᠭᠠᠳᠠᠭᠠᠳᠣ ᠠᠷᠠᠯᠵᠢᠶᠠᠨ ᠤ | ᠣᠷᠣᠭᠤᠯᠵᠣ ᠭᠠᠷᠭᠠᠭᠰᠠᠨ ᠶᠡᠷᠦᠩᠭᠡᠢ ᠲᠤᠭ᠎ᠠ 3425 ᠲᠦᠮᠡᠨ ᠲᠦᠭᠦᠷᠢᠭ ᠲᠤ ᠬᠦᠷᠴᠦ᠂ ᠠᠩᠬᠠᠳᠠᠭᠴᠢ | ᠣᠳᠠᠭᠠᠨ ᠤ ᠬᠢᠯᠢ ᠶᠢᠨ ᠠᠷᠠᠳ ᠤᠨ ᠠᠷᠠᠯᠵᠢᠶ᠎ᠠ ᠶᠢ ᠪᠡᠶᠡᠯᠡᠭᠦᠯᠪᠡ᠃ | ᠨᠢᠭᠡ ᠵᠢᠯ ᠤᠨ ᠲᠣᠷᠰᠢ᠂ ᠪᠢᠳᠡ ᠪᠦᠬᠦ ᠣᠷᠣᠨ ᠲᠣᠭᠤᠷᠢᠭ ᠢ ᠨᠢᠭᠡᠳᠦᠯᠳᠠᠢ ᠲᠦᠯᠦᠪᠯᠡᠨ᠂ ᠨᠡᠶᠢᠳᠡ ᠳᠤᠨᠢ | ᠬᠠᠷᠠᠭᠠᠯᠵᠠᠵᠣ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢ ᠠᠭᠤᠰᠣᠯᠴᠠᠭᠤᠯᠣᠨ ᠠᠬᠢᠭᠤᠯᠪᠠ᠃ | | ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯ ᠢ ᠯᠠᠪᠳᠠᠭᠤᠨ ᠪᠠᠳᠣᠳᠠᠢ ᠠᠬᠢᠭᠤᠯᠪᠠ᠄ | ᠬᠠᠪᠰᠣᠷᠣᠨ ᠳᠡᠳᠭᠦᠬᠦ ᠲᠦᠷᠦᠯ ᠵᠦᠢᠯ ᠤᠨ ᠶᠡᠷᠦᠩᠭᠡᠢ ᠡᠳ᠋ ᠬᠦᠷᠦᠩᠭᠡ ᠶᠢᠨ ᠬᠡᠪᠴᠢᠶ᠎ᠡ 3.57 ᠳ᠋ᠦᠩᠰᠢᠭᠤᠷ | ᠲᠦᠭᠦᠷᠢᠭ ᠲᠤ ᠬᠦᠷᠴᠦ᠂ ᠡᠯ᠎ᠡ ᠲᠦᠷᠦᠯ ᠤᠨ ᠵᠣᠯᠭᠠᠭᠤᠯᠬᠤ ᠪᠡᠯᠡ ᠮᠦᠩᠭᠦ᠂ ᠪᠡᠭᠡᠵᠢᠩ ᠦᠪᠦᠷ ᠮᠣᠩᠭᠤᠯ ᠤᠨ | ᠬᠠᠮᠳᠣᠷᠠᠯᠴᠠᠭ᠎ᠠ ᠪᠣᠯᠣᠨ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠣᠷᠣᠨ ᠳᠡᠳᠭᠦᠬᠦ ᠪᠡᠯᠡ | ᠮᠦᠩᠭᠦ ᠶᠢ 1.61 ᠳ᠋ᠦᠩᠰᠢᠭᠤᠷ ᠲᠦᠭᠦᠷᠢᠭ ᠣᠷᠣᠭᠤᠯᠵᠣ᠂ 230 ᠵᠣᠷᠯᠣᠩ ᠢ ᠰᠢᠨ᠎ᠡ ᠪᠠᠷ ᠪᠠᠶᠢᠭᠤᠯᠵᠣ᠂ 3 | ᠭᠠᠴᠠᠭᠠᠨ ᠤ ᠠᠮᠢᠳᠣᠷᠠᠯ ᠤᠨ ᠪᠣᠬᠢᠷ ᠣᠰᠣ ᠶᠢ ᠵᠠᠰᠠᠬᠤ ᠲᠣᠷᠰᠢᠯᠳᠠ ᠶᠢᠨ ᠴᠡᠭ ᠤᠨ ᠡᠭᠦᠷᠭᠡ ᠶᠢ ᠪᠡᠶᠡᠯᠡᠬᠦᠯᠪᠡ᠃ | ᠰᠢᠶᠠᠨ ᠤ ᠬᠡᠪᠴᠢᠶᠡᠨ ᠤ ᠴᠢᠨᠠᠷ ᠴᠢᠨᠰᠠᠭ᠎ᠠ ᠮᠡᠳᠡᠭᠳᠡᠮ᠎ᠡ ᠳᠡᠭᠡᠭᠰᠢᠯᠡᠪᠡ᠄ 16.5 ᠺᠢᠯᠣᠮᠧᠲᠷ ᠤᠨ ᠪᠣᠬᠢᠷ | ᠣᠰᠣᠨ ᠤ ᠬᠤᠭᠤᠯᠠᠢ ᠲᠣᠣᠷ᠂ 8.9 ᠺᠢᠯᠣᠮᠧᠲᠷ ᠤᠨ ᠣᠰᠣ ᠬᠠᠩᠭᠠᠬᠤ ᠬᠤᠭᠤᠯᠠᠢ ᠲᠣᠣᠷ ᠢ ᠦᠭᠡᠷᠡᠴᠢᠯᠡᠨ | ᠵᠠᠰᠠᠵᠣ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ 30.1 ᠺᠢᠯᠣᠮᠧᠲᠷ ᠪᠡᠶᠡᠯᠡᠬᠦᠯᠪᠡ᠃ | ᠬᠤᠳᠠ ᠬᠦᠳᠡᠭᠡ ᠶᠢᠨ ᠰᠠᠭᠤᠷᠢ ᠪᠦᠲᠦᠭᠡᠨ ᠪᠠᠶᠢᠭᠤᠯᠣᠯᠳᠠ ᠶᠢ ᠨᠢᠭᠡ ᠴᠣᠭᠴᠠᠵᠢᠭᠤᠯᠣᠨ ᠰᠢᠯᠢᠳᠡᠭᠵᠢᠭᠦᠯᠪᠡ᠄ | 220ᠺᠢᠯᠣᠮᠧᠲᠷ ᠤᠨ ᠰᠢᠨ᠎ᠡ ᠡᠨᠧᠷᠬᠢ ᠶᠢ ᠴᠠᠬᠢᠯᠭᠠᠨ ᠪᠣᠯᠭᠠᠵᠣ ᠬᠤᠪᠢᠷᠠᠭᠤᠯᠬᠤ ᠶᠢ ᠪᠡᠶᠡᠯᠡᠭᠦᠯᠵᠦ᠂ 249 | ᠺᠢᠯᠣᠮᠧᠲᠷ ᠤᠨ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠢ ᠦᠭᠡᠷᠡᠴᠢᠯᠡᠨ ᠳᠡᠰ ᠳᠡᠪᠰᠢᠬᠦᠯᠪᠡ᠃ | ᠨᠢᠭᠡ ᠵᠢᠯ ᠤᠨ ᠲᠣᠷᠰᠢ᠂ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠵᠣ᠂ ᠪᠣᠳᠠᠳᠠᠢ ᠶᠢ ᠡᠷᠬᠢᠮᠯᠡᠨ | ᠠᠷᠠᠳ ᠲᠤ ᠬᠠᠷᠠᠭᠠᠯᠵᠠᠯ ᠬᠦᠷᠳᠡᠭᠡᠵᠦ᠂ ᠨᠡᠶᠢᠭᠡᠮ ᠤᠨ ᠠᠷᠠᠳ ᠤᠨ ᠠᠮᠢᠳᠣᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠪᠡ᠃ | ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠬᠦᠷᠢᠶ᠎ᠡ ᠴᠠᠷ᠎ᠠ ᠳᠤ 13.5 ᠳ᠋ᠦᠩᠰᠢᠭᠤᠷ | ᠲᠦᠭᠦᠷᠢᠭ ᠣᠷᠣᠭᠤᠯᠵᠣ᠂ ᠡᠩ ᠤᠨ ᠣᠯᠠᠨ ᠨᠡᠶᠢᠳᠡ ᠶᠢᠨ ᠲᠦᠰᠦᠪ ᠤᠨ ᠵᠠᠷᠣᠯᠭ᠎ᠠ ᠶᠢᠨ 70% ᠶᠢ ᠡᠵᠡᠯᠡᠪᠡ | ᠠᠵᠢᠯ ᠤᠨ ᠪᠠᠶᠢᠷᠢ ᠶᠢ ᠲᠣᠭᠳᠠᠪᠣᠷᠢᠵᠢᠭᠤᠯᠣᠨ ᠠᠵᠢᠯ ᠣᠯᠭᠤᠬᠤ ᠶᠢ ᠪᠦᠬᠦ ᠲᠠᠯ᠎ᠠ ᠪᠠᠷ ᠪᠦᠷᠬᠦᠭᠦᠯᠪᠡ᠄ | ᠬᠤᠳᠠ ᠪᠠᠯᠭᠠᠰᠣᠨ ᠤ ᠠᠵᠢᠯ ᠠᠯᠳᠠᠭᠰᠠᠳ ᠲᠤ ᠲᠠᠬᠢᠨ ᠠᠵᠢᠯ ᠣᠯᠭᠤᠬᠤ᠂ ᠠᠵᠢᠯ ᠣᠯᠬᠤ ᠳᠤ ᠬᠦᠴᠢᠷ ᠲᠠᠢ | ᠬᠦᠮᠦᠰ ᠲᠤ ᠠᠵᠢᠯ ᠣᠯᠭᠤᠬᠤ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠵᠡᠷᠭᠡ ᠪᠠᠷ ᠨᠡᠶᠢᠳᠡ | 5335 ᠬᠦᠮᠦᠨ ᠳᠤ ᠠᠵᠢᠯ ᠤᠯᠭᠤᠪᠠ᠃ | ᠰᠣᠷᠭᠠᠨ ᠬᠦᠮᠦᠵᠢᠯ ᠤᠨ ᠠᠵᠢᠯ ᠦᠢᠯᠡᠰ ᠦᠷᠨᠢᠭᠦᠨ ᠬᠦᠭᠵᠢᠪᠡ᠄ ᠡᠩ ᠤᠨ ᠠᠩᠬ᠎ᠠ ᠳᠣᠮᠳᠠᠳᠣ ᠶᠢᠨ | ᠦᠨᠳᠦᠷ ᠳᠣᠮᠳᠠᠳᠣ ᠳᠤ ᠰᠢᠯᠭᠠᠬᠤ ᠰᠢᠯᠭᠠᠯᠳᠠ ᠶᠢᠨ ᠲᠡᠭᠰᠢᠳᠭᠡᠭᠰᠡᠨ ᠬᠤᠪᠢ 5 ᠵᠢᠯ ᠳᠠᠷᠠᠭᠠᠯᠠᠨ ᠪᠦᠬᠦ ᠠᠶᠢᠮᠠᠭ | ᠲᠤ ᠲᠡᠷᠢᠭᠦᠨ ᠳᠤ ᠣᠷᠣᠵᠣ᠂ 13 ᠰᠣᠷᠭᠠᠭᠤᠯᠢ ᠶᠢᠨ ᠭᠠᠯ ᠣᠨᠳᠠᠷᠠᠭᠠᠬᠤ ᠦᠭᠡᠷᠡᠴᠢᠯᠡᠯᠳᠡ ᠶᠢᠨ ᠢᠨᠵᠧᠨᠧᠷᠢᠩ ᠢ | ᠴᠦᠮ ᠠᠵᠢᠯ ᠳᠠᠭᠤᠰᠬᠠᠨ ᠰᠢᠯᠭᠠᠨ ᠬᠤᠷᠢᠶᠠᠪᠠ᠃ | ᠡᠷᠡᠭᠦᠯ ᠡᠩᠭᠡ ᠪᠠᠷᠠᠭᠤᠨ ᠰᠦᠨᠢᠳ ᠤᠨ ᠪᠠᠶᠢᠭᠤᠯᠣᠯᠳᠠ ᠶᠢ ᠲᠣᠭᠳᠠᠭᠤᠨ ᠢᠶᠠᠷ ᠠᠬᠢᠭᠤᠯᠪᠠ᠄ 42 ᠲᠦᠷᠦᠯ | ᠤᠨ ᠰᠢᠨ᠎ᠡ ᠮᠡᠷᠭᠡᠵᠢᠯ ᠤᠨ ᠰᠢᠨ᠎ᠡ ᠲᠣᠬᠠᠶᠢᠯᠠᠭᠰᠠᠨ ᠠᠵᠢᠯ ᠢ ᠲᠣᠬᠢᠷᠠᠭᠤᠯᠵᠣ᠂ ᠭᠡᠷ ᠪᠦᠯᠢ ᠶᠢᠨ ᠡᠮᠴᠢ ᠶᠢᠨ | ᠭᠤᠣᠯᠳᠠᠯᠭ᠎ᠠ ᠲᠠᠢ ᠬᠦᠮᠦᠰ ᠲᠠᠢ ᠭᠡᠷ᠎ᠡ ᠲᠣᠭᠳᠠᠭᠰᠠᠨ ᠨᠣᠷᠮ᠎ᠠ 86.34% ᠳᠤ ᠬᠦᠷᠪᠡ᠃ | ᠨᠡᠶᠢᠭᠡᠮ ᠤᠨ ᠪᠠᠳᠣᠯᠠᠭ᠎ᠠ ᠲᠠᠰᠣᠷᠠᠯᠳᠠ ᠦᠭᠡᠢ ᠲᠡᠭᠦᠯᠳᠡᠷᠵᠢᠪᠡ᠄ ᠮᠠᠯᠴᠢᠨ ᠲᠠᠷᠢᠶᠠᠴᠢᠳ ᠲᠤ ᠠᠰᠢᠭ | ᠬᠦᠷᠳᠡᠭᠡᠬᠦ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠭᠦ ᠶᠢ 2.25 ᠳ᠋ᠦᠩᠰᠢᠭᠤᠷ ᠲᠦᠭᠦᠷᠢᠭ ᠲᠠᠷᠬᠠᠭᠠᠵᠣ | ᠂ ᠪᠦᠬᠦ ᠬᠤᠰᠢᠭᠤᠨ ᠤ ᠦᠨᠳᠦᠰᠦᠨ ᠨᠠᠰᠣᠵᠢᠯ ᠤᠨ ᠳᠠᠭᠠᠳᠬᠠᠯ ᠤᠨ ᠪᠦᠷᠬᠦᠴᠡ ᠶᠢ ᠦᠷᠭᠦᠯᠵᠢᠯᠡᠨ | ᠦᠷᠭᠡᠳᠭᠡᠪᠡ᠃ | ᠰᠣᠶᠣᠯ ᠲᠠᠮᠢᠷ ᠤᠨ ᠦᠢᠯᠡᠰ ᠴᠡᠴᠡᠭᠯᠡᠨ ᠬᠦᠭᠵᠢᠪᠡ᠄ ᠣᠯᠠᠭᠠᠠᠮᠦ᠋ᠴᠢᠷ ᠨᠢ ᠦᠨᠳᠦᠰᠦᠨ ᠱᠠᠳᠣᠨ ᠳᠤ | ᠬᠦᠨᠵᠡᠭᠡᠶᠢᠷᠡᠬᠦ ᠦᠢᠯᠡᠴᠢᠯᠡᠭᠡᠨ ᠳᠤ 150 ᠲᠠᠯᠠᠪᠠᠢ ᠲᠣᠭᠯᠠᠯᠳᠠ ᠭᠠᠷᠭᠠᠵᠣ᠂ ᠪᠦᠬᠦ ᠣᠷᠣᠨ ᠠᠴᠠ ᠴᠣᠷ ᠤᠨ | ᠭᠠᠭᠴᠠ ᠰᠣᠩᠭᠤᠭᠳᠠᠨ ᠣᠷᠣᠭᠰᠠᠨ ︽ᠳᠣᠮᠳᠠᠳᠣ ᠣᠯᠣᠰ ᠤᠨ ᠣᠣᠭᠠᠨ ᠣᠯᠠᠭᠠᠠᠮᠦ᠋ᠴᠢᠷ︾ ᠭᠡᠬᠦ ᠨᠣᠮ ᠨᠢ ᠲᠦᠪ | ᠤᠨ ᠣᠬᠠᠭᠤᠯᠬᠤ ᠬᠡᠯᠳᠡᠰ ᠤᠨ 2023 ᠣᠨ ᠤ ᠭᠤᠣᠯ ᠰᠡᠳᠦᠪᠳᠦ ᠬᠡᠪᠯᠡᠯ ᠤᠨ ᠭᠤᠣᠯᠳᠠᠯᠭ᠎ᠠ ᠲᠠᠢ ᠬᠡᠪᠯᠡᠭᠳᠡᠭᠦᠨ | ᠢᠶᠠᠷ ᠬᠡᠪᠯᠡᠭᠳᠡᠪᠡ᠃ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ ᠦᠪ ᠤᠨ | ᠲᠦᠷᠦᠯ ᠵᠦᠢᠯ ᠢᠶᠠᠷ 3 ᠲᠦᠷᠦᠯ ᠢ ᠭᠤᠶᠣᠴᠢᠯᠠᠨ ᠮᠡᠳᠡᠬᠦᠯᠪᠡ᠃ | ᠨᠢᠭᠡ ᠵᠢᠯ ᠤᠨ ᠲᠣᠷᠰᠢ᠂ ᠪᠢᠳᠡ ᠭᠤᠣᠯ ᠰᠢᠵᠢᠮ ᠳᠤ ᠲᠦᠪᠯᠡᠷᠡᠭᠦᠯᠵᠦ᠂ ᠶᠡᠭᠡ ᠲᠠᠯ᠎ᠠ ᠶᠢ ᠬᠠᠮᠠᠭᠠᠯᠠᠵᠣ᠂ | ᠠᠮᠣᠷ ᠲᠦᠪᠰᠢᠨ ᠲᠣᠭᠳᠠᠭᠤᠨ ᠤ ᠪᠠᠶᠢᠳᠠᠯ ᠢ ᠰᠢᠨ᠎ᠡ ᠳᠡᠭᠡᠭᠰᠢᠯᠡᠯᠳᠡ ᠲᠠᠢ ᠪᠣᠯᠭᠠᠪᠠ᠃ | ᠣᠯᠣᠰ ᠤᠨ ᠣᠯᠣᠰ ᠲᠦᠷᠦ ᠶᠢᠨ ᠠᠮᠣᠷ ᠲᠦᠪᠰᠢᠨ ᠢ ᠡᠷᠡᠰ ᠬᠠᠮᠠᠭᠠᠯᠠᠪᠠ᠄ ᠨᠠᠮ ᠵᠠᠰᠠᠭ ᠴᠡᠷᠢᠭ ᠴᠠᠭᠳᠠᠭ᠎ᠠ | ᠠᠷᠠᠳ ᠬᠤᠯᠪᠣᠭᠠᠯᠠᠨ ᠬᠢᠯᠢ ᠬᠢᠵᠠᠭᠠᠷ ᠢᠶᠠᠨ ᠬᠦᠴᠦᠷᠭᠡᠭᠵᠢᠭᠦᠯᠵᠦ ᠰᠡᠷᠭᠡᠶᠢᠯᠡᠯᠳᠡ ᠪᠠᠨ ᠪᠠᠬᠢᠵᠢᠭᠦᠯᠵᠦ᠂ ︽ᠣᠰᠣ | ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠤᠯᠪᠣᠭ᠎ᠠ︾ ᠶᠢᠨ ᠰᠠᠭᠤᠷᠢ ᠲᠦᠬᠦᠭᠡᠷᠦᠮᠵᠢ ᠶᠢ ᠨᠢᠭᠡ ᠴᠣᠭᠴᠠᠵᠢᠭᠤᠯᠣᠭᠰᠠᠨ | ᠪᠦᠲᠦᠭᠡᠨ ᠪᠠᠶᠢᠭᠤᠯᠣᠯᠳᠠ ᠶᠢ ᠡᠮᠬᠢ ᠳᠠᠷᠠᠭᠠᠯᠠᠯ ᠲᠠᠢ ᠠᠬᠢᠭᠤᠯᠵᠣ᠂ ᠬᠢᠯᠢ ᠶᠢᠨ ᠰᠣᠮᠣ ᠪᠠᠯᠭᠠᠰᠣᠨ ᠤ ᠰᠠᠭᠤᠷᠢ | ᠲᠦᠬᠦᠭᠡᠷᠦᠮᠵᠢ ᠪᠣᠯᠣᠨ ᠬᠢᠯᠢ ᠶᠢᠨ ᠬᠤᠯᠪᠣᠭᠠᠯᠠᠨ ᠬᠠᠮᠢᠶᠠᠷᠴᠣ ᠡᠵᠡᠮᠳᠡᠬᠦ ᠴᠢᠳᠠᠪᠣᠷᠢ ᠶᠢ ᠲᠣᠭᠳᠠᠭᠤᠨ ᠢᠶᠠᠷ | ᠳᠡᠭᠡᠭᠰᠢᠯᠡᠭᠦᠯᠪᠡ᠃ | | ᠦᠨᠳᠦᠰᠦᠳᠡᠨ ᠤ ᠪᠦᠯᠬᠦᠮᠳᠡᠯ ᠢ ᠪᠠᠳᠣᠳᠬᠠᠨ ᠬᠦᠭᠵᠢᠭᠦᠯᠬᠦ ᠶᠢ ᠠᠬᠢᠭᠤᠯᠪᠠ᠄ ᠣᠯᠠᠭᠠᠠᠮᠦ᠋ᠴᠢᠷ | ᠦᠵᠡᠭᠦᠯᠦᠯᠭᠡ ᠶᠢᠨ ᠲᠠᠩᠭᠢᠮ᠂ ᠪᠠᠶ᠋ᠬᠠᠠᠭᠤᠯᠠ ᠭᠠᠴᠠᠭᠠᠨ ᠤ ᠨᠠᠮ ᠤᠨ ᠡᠭᠦᠷ ᠨᠢ ᠲᠣᠰ ᠲᠣᠰ ︽ᠪᠦᠬᠦ ᠣᠷᠣᠨ ᠤ | ᠠᠩᠬᠠᠳᠠᠭᠴᠢ ᠪᠦᠯᠦᠭ ᠤᠨ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ | ᠴᠣᠭᠴᠠᠯᠠᠬᠤ ᠬᠦᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ︾᠂ ︽ᠪᠦᠬᠦ ᠣᠯᠣᠰ ᠤᠨ ᠦᠨᠳᠦᠰᠦᠳᠡᠨ ᠤ | ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠳᠣ︾ ᠶᠢᠨ ᠢᠷᠡᠭᠤ ᠠᠯᠳᠠᠷ ᠢ ᠬᠦᠷᠳᠡᠪᠡ᠃ | ᠨᠡᠶᠢᠭᠡᠮ ᠤᠨ ᠶᠡᠭᠡ ᠲᠠᠯ᠎ᠠ ᠶᠢᠨ ᠲᠣᠭᠳᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠪᠠ᠄ 1000 ᠭᠠᠷᠣᠢ | ᠬᠤᠪᠢ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠤᠷᠢᠯᠡᠪᠡ᠃ | ᠦᠷᠢ ᠰᠢᠷᠢ ᠶᠢᠨ ᠲᠦᠭᠰᠢᠭᠦᠷᠢ ᠶᠢ ᠪᠦᠲᠦᠮᠵᠢᠳᠠᠢ ᠡᠵᠡᠮᠳᠡᠪᠡ᠄ ᠣᠷᠣᠨ ᠨᠣᠳᠤᠭ ᠤᠨ ᠵᠠᠰᠠᠭ ᠤᠨ ᠣᠷᠳᠣᠨ | ᠤ ᠨᠢᠭᠤᠭᠳᠠᠮᠠᠯ ᠦᠷᠢ 1.22 ᠳ᠋ᠦᠩᠰᠢᠭᠤᠷ ᠳᠦᠭᠦᠷᠢᠭ ᠢ ᠲᠦᠯᠦᠵᠦ᠂ ᠪᠦᠬᠦ ᠬᠤᠰᠢᠭᠤᠨ ᠤ 920 ᠶᠠᠳᠠᠭᠤ | ᠠᠴᠠ ᠠᠩᠭᠢᠵᠢᠷᠠᠭᠰᠠᠨ ᠡᠷᠦᠭᠡ ᠶᠢᠨ 2770 ᠬᠤᠪᠢ ᠵᠢᠭᠡᠯᠡᠯᠭᠡ ᠶᠢᠨ ᠬᠦᠦ ᠮᠦᠩᠭᠦ ᠶᠢ ᠨᠢ ᠪᠠᠭᠤᠷᠠᠭᠤᠯᠪᠠ᠃ | ᠠᠷᠭ᠎ᠠ ᠪᠦᠬᠦᠨ ᠢ ᠰᠦᠪᠡᠭᠴᠢᠯᠡᠨ ᠠᠮᠣᠷ ᠲᠦᠪᠰᠢᠨ ᠤ ᠬᠤᠷᠢᠭ᠎ᠠ ᠱᠣᠭᠤᠮ ᠢ ᠪᠠᠳᠣ ᠰᠠᠬᠢᠪᠠ᠄ 2606 | ᠵᠣᠷᠪᠣᠰ ᠡᠯ᠎ᠡ ᠲᠦᠷᠦᠯ ᠤᠨ ᠳᠠᠯᠳᠠ ᠭᠡᠮ ᠢ ᠪᠠᠶᠢᠴᠠᠭᠠᠨ ᠵᠠᠰᠠᠨ ᠴᠡᠭᠴᠡᠯᠡᠪᠡ᠃ | ᠨᠢᠭᠡ ᠵᠢᠯ ᠤᠨ ᠲᠣᠷᠰᠢ ᠪᠢᠳᠡ ᠠᠷᠢᠭᠤᠨ ᠴᠢᠭᠡᠴᠢ ᠪᠠᠷ ᠦᠪᠡᠷ ᠢ ᠪᠠᠨ ᠰᠠᠬᠢᠯᠭᠠᠵᠢᠭᠤᠯᠵᠣ᠂ ᠣᠭ ᠰᠠᠨᠠᠭ᠎ᠠ | ᠪᠠᠨ ᠡᠭᠦᠷᠢᠳᠡ ᠴᠡᠭᠡᠵᠢᠯᠡᠵᠦ᠂ ᠲᠣᠰ ᠪᠡᠶ᠎ᠡ ᠶᠢᠨ ᠪᠠᠶᠢᠭᠤᠯᠣᠯᠳᠠ ᠶᠢ ᠰᠢᠨ᠎ᠡ ᠠᠬᠢᠯᠳᠠ ᠲᠠᠢ ᠪᠣᠯᠭᠠᠪᠠ᠃ | ᠠᠷᠠᠳ ᠤᠨ ᠠᠮᠢᠳᠣᠷᠠᠯ ᠤᠨ 6 ᠪᠣᠳᠠᠳᠣ ᠶᠠᠪᠣᠳᠠᠯ ᠢ ᠪᠦᠬᠦᠨ ᠢ ᠪᠡᠶᠡᠯᠡᠬᠦᠯᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ 43 ᠬᠤᠪᠢ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠭᠡᠨ ᠤ 76 | ᠬᠤᠪᠢ ᠰᠠᠨᠠᠯ ᠳᠣᠷᠠᠳᠣᠯᠭ᠎ᠠ ᠶᠢ ᠴᠢᠨᠠᠷ ᠰᠠᠶᠢᠳᠠᠢ ᠭᠦᠢᠴᠡᠳᠬᠡᠪᠡ᠃ | | ᠬᠤᠶᠠᠷ᠂ 2025 ᠣᠨ ᠤ ᠭᠤᠣᠯ ᠬᠠᠷᠠᠯᠳᠠ ᠪᠠ ᠡᠭᠦᠷᠭᠡ | ᠦᠨᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ | ᠰᠡᠬᠦᠯᠴᠢ ᠶᠢᠨ ᠵᠢᠯ᠂ ᠮᠦᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠯᠡᠨ | ᠪᠠᠶᠢᠷᠢᠯᠠᠭᠤᠯᠬᠤ ᠵᠢᠯ ᠪᠠᠶᠢᠵᠦ᠂ ᠦᠨᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ | ᠲᠠᠢ ᠪᠦᠭᠡᠳ ᠠᠯᠣᠰ ᠭᠡᠳᠦ ᠶᠢᠨ ᠨᠦᠯᠦᠭᠡ ᠲᠠᠢ ᠶᠣᠮ᠃ | | ᠶᠡᠷᠦᠩᠭᠡᠢ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠡ ᠬᠤᠷᠢᠳᠤᠭᠠᠷ | ᠬᠤᠭᠤᠴᠠᠭᠠᠨ ᠤ ᠬᠤᠶᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠡᠶᠢᠳᠡᠪᠤᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠦᠪ ᠤᠨ ᠠᠵᠦ ᠠᠬᠤᠢ ᠶᠢᠨ ᠠᠵᠢᠯ | ᠤᠨ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶᠠᠨ ᠤ ᠠᠷᠪᠡᠨ ᠨᠢᠭᠡᠳᠤᠭᠡᠷ ᠬᠤᠭᠤᠴᠠᠭᠠᠨ ᠤ | ᠶᠢᠰᠦᠳᠤᠭᠡᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠪᠡ | ᠠᠶᠢᠮᠠᠭ ᠤᠨ ᠨᠡᠮ ᠤᠨ ᠬᠤᠷᠢᠶᠠᠨ ᠤ 2025 ᠤᠨ ᠤ ᠠᠩᠬᠠᠳᠤᠭᠠᠷ ︵ᠦᠷᠭᠡᠳᠭᠡᠭᠰᠡᠨ︶ ᠬᠤᠷᠠᠯ ᠵᠢᠴᠢ ᠪᠦᠬᠦ | ᠠᠶᠢᠮᠠᠭ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ | ᠲᠤᠭᠳᠠᠭᠤᠨ ᠤ ᠲᠤᠮᠳᠠ ᠤᠷᠤᠭᠰᠢᠯᠠᠬᠤ᠂ ᠤᠷᠤᠭᠰᠢᠯᠠᠯᠳᠠ ᠪᠠᠷ ᠲᠤᠭᠳᠠᠭᠤᠨ ᠢ ᠠᠬᠢᠭᠤᠯᠬᠤ᠂ ᠲᠦᠪ ᠭᠤᠤᠯᠴᠢ | ᠶᠢ ᠰᠠᠬᠢᠨ ᠰᠢᠨ᠎ᠡ ᠶᠢ ᠡᠬᠦᠳᠴᠦ᠂ ᠤᠷᠢᠳᠡᠪᠡᠷ ᠲᠤᠭᠳᠠᠭᠠᠨ ᠲᠠᠷᠠᠭ᠎ᠠ ᠨᠢ ᠰᠢᠪᠳᠤᠯᠤᠯᠳᠠ ᠬᠢᠬᠦ ᠶᠢ ᠪᠠᠷᠢᠮᠳᠠᠯᠠᠵᠦ᠂ | ᠰᠢᠰᠲ᠋ᠧᠮ ᠢ ᠴᠤᠭᠯᠠᠷᠠᠭᠤᠯᠤᠨ᠂ ᠬᠠᠮᠳᠤᠷᠠᠨ ᠬᠠᠮᠵᠢᠯᠴᠠᠵᠦ᠂ ᠠᠵᠦ ᠠᠬᠤᠢ ᠶᠢᠨ ᠠᠵᠢᠯ ᠳᠠᠬᠢ ᠨᠡᠮ ᠤᠨ | ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠡᠳᠤ ᠴᠤᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠣᠯᠭᠠᠵᠤ᠂ | ᠬᠤᠶᠠᠷ ᠶᠡᠭᠡ ᠶᠠᠪᠤᠳᠠᠯ ᠢ ᠰᠡᠳᠬᠢᠯ ᠢᠶᠠᠨ ᠨᠢᠭᠳᠠᠷᠠᠭᠤᠯᠤᠨ ᠰᠠᠶᠢᠳᠤᠷ ᠬᠢᠵᠦ᠂ ︽ᠵᠢᠷᠭᠤᠭᠠᠨ ᠢᠨᠵᠧᠨᠧᠷᠢᠩ︾ ᠢ | ᠦᠷᠬᠦᠯᠵᠢᠯᠨᠨ ᠭᠡᠷᠡᠭᠵᠢᠬᠦᠯᠵᠦ᠂ ︽ᠵᠢᠷᠭᠤᠭᠠᠨ ᠠᠵᠢᠯᠯᠠᠭ᠎ᠠ︾ ᠶᠢ ᠵᠤᠬᠢᠶᠠᠨ ᠪᠠᠶᠢᠭᠤᠯᠤᠨ ᠠᠬᠢᠭᠤᠯᠵᠦ᠂ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ | ᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠰᠠᠭᠤᠷᠢ ᠶᠢ ᠲᠤᠭᠳᠠᠪᠤᠷᠢᠵᠢᠭᠤᠯᠤᠨ᠂ ᠰᠢᠨ᠎ᠡ ᠵᠡᠮ ᠨᠡᠭᠡᠭᠡᠨ᠂ | ᠲᠤᠮᠳᠠ ᠲᠦᠪᠰᠢᠨ ᠳᠤ ᠬᠦᠷᠬᠦ︾ ᠲᠡᠮᠡᠴᠡᠬᠦ ᠬᠠᠷᠠᠯᠳᠠ ᠪᠡ ︽ᠭᠤᠷᠪᠡ ᠶᠢ ᠲᠡᠬᠢᠨ ᠢᠶᠠᠷ ᠨᠡᠮᠡᠭᠳᠡᠬᠦᠯᠬᠦ︾ | ᠲᠦᠯᠦᠪᠯᠡᠭᠡ ᠶᠢ ᠭᠤᠶᠢᠪᠢᠰᠢ ᠦᠬᠡᠢ ᠪᠡᠷᠢᠮᠳᠠᠯᠠᠨ᠂ ᠦᠷ᠎ᠡ ᠪᠦᠳᠤᠮᠵᠢ ᠭᠠᠷᠭᠠᠬᠤ ᠤᠬᠠᠮᠰᠠᠷ᠂ ᠲᠠᠩᠰᠠ ᠮᠡᠳᠡᠬᠦᠯᠬᠦ | ᠤᠬᠠᠮᠰᠠᠷ᠂ ᠡᠬᠦᠷᠭᠡ ᠪᠠᠨ ᠪᠡᠶᠡᠯᠡᠬᠦᠯᠬᠦ ᠤᠬᠠᠮᠰᠠᠷ ᠢ ᠪᠠᠳᠤ ᠪᠠᠬᠢ ᠪᠤᠢ ᠪᠤᠯᠭᠠᠵᠦ᠂ ︽ᠠᠷᠪᠡᠨ ᠲᠦᠷᠪᠡᠳᠤᠭᠡᠷ | ᠲᠡᠪᠤᠨ ᠵᠢᠯ︾ ᠤᠨ ᠲᠦᠯᠦᠪᠵᠢᠬᠦᠯᠬᠡ ᠶᠢᠨ ᠬᠠᠷᠠᠯᠳᠠ ᠡᠬᠦᠷᠭᠡ ᠶᠢ ᠴᠢᠨᠠᠷᠯᠢᠭ ᠪᠡᠶᠡᠯᠡᠬᠦᠯᠵᠦ᠂ ︽ᠠᠷᠪᠡᠨ | ᠲᠠᠪᠤᠳᠤᠭᠠᠷ ᠲᠡᠪᠤᠨ ᠵᠢᠯ︾ ᠤᠨ ᠲᠦᠯᠦᠪᠵᠢᠬᠦᠯᠬᠡ ᠶᠢ ᠰᠠᠶᠢᠳᠤᠷ ᠡᠬᠢᠯᠡᠬᠦᠯᠬᠦ ᠳᠤ ᠪᠠᠳᠤ ᠪᠠᠬᠢ ᠰᠠᠭᠤᠷᠢ ᠶᠢ | ᠲᠠᠯᠪᠢᠬᠤ ᠪᠤᠯᠤᠨ᠎ᠠ᠃ | ᠵᠢᠱᠢᠭᠰᠡᠨ ᠬᠠᠷᠠᠯᠲᠠ | ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ | ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.5% ᠠᠴᠠ ᠳᠡᠭᠡᠭᠰᠢ | ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠬᠦᠯᠦᠨ᠎ᠡ᠃ | ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5% ᠠᠴᠠ ᠳᠡᠭᠡᠭᠰᠢ | ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠲᠡᠸᠡᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠭᠡᠢ ᠦᠨ᠎ᠡ ᠶᠢ 4. | 3% ᠠᠴᠠ ᠳᠡᠭᠡᠭᠰᠢ ᠨᠡᠮᠡᠭᠳᠡᠭᠦᠯᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ ᠶᠢ ᠲᠣᠰᠪᠦᠷᠢ 6.2% ᠠᠴᠠ ᠳᠡᠭᠡᠭᠰᠢ ᠪᠠ 8.5% | ᠠᠴᠠ ᠳᠡᠭᠡᠭᠰᠢ ᠨᠡᠮᠡᠭᠳᠡᠭᠦᠯᠦᠨ᠎ᠡ᠃ | ᠭᠤᠣᠯᠳᠠᠯᠭ᠎ᠠ ᠲᠠᠢ ᠠᠵᠢᠯ | ︵ᠨᠢᠭᠡ︶ ᠲᠣᠰ ᠪᠡᠶ᠎ᠡ ᠶᠢᠨ ᠪᠣᠯᠪᠠᠰᠣᠷᠠᠯ ᠢᠶᠠᠨ ᠳᠡᠭᠡᠭᠰᠢᠯᠡᠭᠦᠯᠦᠨ ᠴᠢᠳᠠᠪᠣᠷᠢᠳᠠᠨ ᠢ ᠣᠷᠢᠵᠣ᠂ ᠰᠠᠭᠤᠷᠢ | ᠪᠠᠨ ᠪᠠᠬᠢᠵᠢᠭᠦᠯᠦᠨ᠂ ᠪᠣᠳᠠᠳᠠᠢ ᠦᠷ᠎ᠡ ᠪᠦᠲᠦᠮᠵᠢ ᠪᠠᠷ ᠢᠶᠠᠨ ᠬᠦᠭᠵᠢᠯᠳᠡ ᠶᠢᠨ ᠬᠦᠴᠦᠨ ᠢ ᠪᠠᠳᠠᠷᠠᠭᠤᠯᠣᠨ᠎ᠠ᠃ | ᠨᠢᠭᠡ ᠳᠤ ᠲᠦᠷᠦᠯ ᠵᠦᠢᠯ ᠢ ᠠᠯᠣᠰ ᠭᠡᠳᠦ ᠠᠴᠠ ᠪᠣᠳᠣᠯᠬᠢᠯᠠᠨ ᠲᠦᠰᠦᠪᠯᠡᠨ ᠲᠦᠯᠦᠪᠯᠡᠬᠦ ᠶᠢ | ᠲᠣᠪᠣᠶᠢᠯᠭᠠᠨ᠎ᠠ᠃ | ᠬᠤᠶᠠᠷ ᠲᠤ ᠲᠦᠷᠦᠯ ᠵᠦᠢᠯ ᠢ ᠣᠷᠢᠵᠣ ᠠᠪᠴᠢᠷᠠᠬᠤ ᠨᠢᠭᠳᠠᠷᠠᠯ ᠤᠨ ᠬᠦᠴᠦᠨ ᠢ ᠴᠢᠩᠭᠠᠳᠬᠠᠨ᠎ᠠ᠃ | ᠭᠤᠷᠪᠠ ᠳᠤ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢᠨ ᠬᠡᠷᠡᠭᠵᠢᠭᠦᠯᠬᠦ ᠬᠦᠴᠦᠨ ᠢ | ᠴᠢᠩᠭᠠᠳᠬᠠᠨ᠎ᠠ᠃ | 1500 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠠᠵᠣ ᠦᠢᠯᠡᠳᠪᠦᠷᠢ ᠶᠢᠨ ᠲᠣᠭᠤᠷᠢᠭ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠤᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠢ ᠬᠡᠷᠡᠭᠵᠢᠭᠦᠯᠵᠦ᠂ | ᠠᠵᠣ ᠦᠢᠯᠡᠳᠪᠦᠷᠢ ᠶᠢᠨ ᠲᠣᠭᠤᠷᠢᠭ ᠢ ᠳᠡᠰ ᠳᠡᠪᠰᠢᠭᠦᠯᠦᠨ ᠠᠵᠣ ᠦᠢᠯᠡᠰ ᠤᠨ ᠲᠦᠪᠯᠡᠷᠡᠯ ᠢ ᠠᠬᠢᠭᠤᠯᠣᠨ᠎ᠠ᠃ | ︵ᠬᠤᠶᠠᠷ︶ ᠬᠡᠪᠴᠢᠶ᠎ᠠ ᠶᠢ ᠦᠷᠬᠡᠳᠭᠡᠨ ᠦᠢᠯᠡᠳᠪᠤᠷᠢᠯᠠᠯ ᠤᠨ ᠴᠢᠳᠠᠪᠤᠷᠢ ᠶᠢ ᠨᠡᠮᠡᠭᠳᠡᠬᠦᠯᠦᠨ᠂ ᠬᠡᠯᠪᠡᠷᠢ ᠶᠢ | ᠨᠢ ᠬᠤᠪᠢᠷᠠᠭᠤᠯᠤᠨ ᠲᠡᠰ ᠲᠡᠪᠰᠢᠬᠦᠯᠵᠦ᠂ ᠪᠦᠬᠦᠨ ᠢ ᠬᠠᠮᠤᠷᠬᠤ ᠪᠠᠶᠢᠳᠠᠯ ᠢᠶᠠᠷ ᠠᠵᠦ ᠦᠢᠯᠡᠰ ᠤᠨ ᠰᠠᠭᠤᠷᠢ ᠶᠢ | ᠪᠠᠬᠢᠵᠢᠬᠦᠯᠦᠨ᠎ᠡ᠃ | ᠨᠢᠭᠡ ᠳᠤ ᠮᠠᠯ ᠠᠵᠤ ᠠᠬᠤᠢ ᠶᠢᠨ ᠶᠠᠰᠤ ᠴᠢᠨᠡᠷ ᠪᠡ ᠦᠷ᠎ᠡ ᠠᠰᠢᠭ ᠢ ᠲᠡᠭᠡᠭᠰᠢᠯᠡᠬᠦᠯᠦᠨ᠎ᠡ᠃ | ᠬᠤᠶᠠᠷ ᠲᠤ ᠠᠵᠤ ᠦᠢᠯᠡᠳᠪᠦᠷᠢ ᠶᠢᠨ ᠰᠢᠯᠢᠳᠡᠭ ᠢ ᠨᠢ ᠲᠥᠪᠯᠡᠷᠡᠭᠦᠯᠦᠨ ᠰᠢᠨ᠎ᠡ ᠶᠢ ᠪᠤᠶᠢᠵᠢᠭᠤᠯᠬᠤ ᠠᠵᠢᠯ | ᠢ ᠲᠦᠯᠬᠢᠨ ᠠᠬᠢᠭᠤᠯᠤᠨ᠎ᠠ᠃ | ᠭᠤᠷᠪᠠ ᠳᠤ ᠦᠢᠯᠡᠴᠢᠯᠡᠭᠡᠨ ᠤ ᠦᠢᠯᠡᠰ ᠤᠨ ᠭᠡᠪᠴᠢᠶ᠎ᠠ ᠶᠢ ᠥᠷᠭᠡᠳᠬᠡᠨ ᠳᠡᠰ ᠲᠡᠪᠰᠢᠬᠦ ᠶᠢ ᠲᠦᠯᠬᠢᠨ | ᠠᠬᠢᠭᠤᠯᠤᠨ᠎ᠠ᠃ | ︵ᠭᠤᠷᠪᠠ︶ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠪᠦᠬᠦᠯᠢ ᠴᠣᠭᠴᠠ ᠪᠠᠷ ᠨᠢ | ᠲᠦᠯᠬᠢᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠪᠠᠷ ᠠᠮᠢ ᠠᠬᠤᠢ ᠶᠢᠨ ᠤᠷᠴᠢᠨ ᠲᠤᠭᠤᠷᠢᠨ ᠢ | ᠬᠠᠮᠠᠭᠠᠯᠠᠨ᠎ᠠ᠃ | ᠨᠢᠭᠡ ᠳᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠬᠦᠬᠡᠵᠦ ᠢᠯᠡᠯᠳᠡ ᠤᠯᠬᠤ ᠠᠵᠢᠯ | ᠢ ᠰᠠᠶᠢᠳᠤᠷ ᠬᠢᠨ᠎ᠡ᠃ | ᠬᠤᠶᠠᠷ ᠲᠤ ᠪᠡᠯᠴᠢᠭᠡᠷ ᠤᠨ ᠲᠠᠭᠠᠭᠠᠴᠠ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠬᠦᠴᠦᠯᠠᠨ | ᠰᠢᠢᠳᠪᠦᠷᠢᠯᠡᠨ᠎ᠡ᠃ | ᠭᠤᠷᠪᠠ ᠳᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠢ ᠦᠷᠭᠦᠯᠵᠢᠯᠡᠨ ᠰᠠᠶᠢᠲᠤᠷ | ᠬᠢᠨ᠎ᠡ᠃ | ᠲᠦᠷᠪᠡ ᠳᠤ ᠤᠰᠤ ᠠᠷᠪᠢᠯᠠᠬᠤ ᠠᠵᠢᠯᠯᠠᠭ᠎ᠠ ᠶᠢ ᠬᠦᠨᠵᠡᠬᠡᠢ ᠠᠬᠢᠭᠤᠯᠤᠨ᠎ᠠ᠃ | ︵ᠳᠥᠷᠪᠡ︶ ᠡᠷᠡᠯᠬᠡᠭᠯᠡᠨ ᠤᠷᠤᠭᠰᠢᠯᠠᠵᠤ᠂ ᠦᠨᠳᠤᠰᠤ ᠶᠢ ᠪᠠᠷᠢᠮᠲᠠᠯᠠᠨ ᠰᠢᠨ᠎ᠡ ᠶᠢ ᠡᠷᠢᠯᠬᠢᠯᠡᠵᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠭᠵᠢᠯᠲᠡ ᠶᠢᠨ ᠬᠦᠴᠦᠨ ᠢ ᠪᠠᠳᠠᠷᠠᠭᠤᠯᠤᠨ᠎ᠠ᠃ | ᠨᠢᠭᠡ ᠳᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠢᠳᠡᠪᠬᠢᠳᠡᠢ ᠪᠤᠢ | ᠪᠤᠯᠭᠠᠨ᠎ᠠ᠃ | ᠬᠤᠶᠠᠷ ᠲᠤ ᠭᠤᠤᠯᠳᠠᠯᠭ᠎ᠠ ᠲᠠᠢ ᠦᠬᠡᠷᠡᠴᠢᠯᠠᠯᠳᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ | ᠭᠤᠷᠪᠠ ᠳᠤ ᠭᠠᠳᠠᠭᠰᠢ ᠨᠡᠭᠡᠭᠡᠯᠳᠡ ᠬᠢᠬᠦ ᠴᠢᠳᠠᠪᠤᠷᠢ ᠶᠢ ᠲᠡᠭᠡᠭᠰᠢᠯᠡᠬᠦᠯᠦᠨ᠎ᠡ᠃ | ︵ᠲᠠᠪᠤ︶ ᠪᠦᠲᠦᠭᠡᠨ ᠪᠠᠶᠢᠭᠤᠯᠤᠯᠳᠠ ᠪᠡ ᠬᠠᠮᠢᠶᠠᠷᠤᠯᠳᠠ ᠶᠢ ᠵᠡᠷᠭᠡᠪᠡᠷ ᠴᠢᠬᠤᠯᠠᠴᠢᠯᠠᠵᠤ᠂ ᠬᠡᠵᠢᠶᠠᠳᠠ | ᠴᠢᠷᠮᠠᠶᠢᠨ ᠠᠵᠢᠯᠯᠠᠵᠤ᠂ ᠬᠤᠳᠠ ᠬᠦᠳᠡᠭᠡ ᠶᠢᠨ ᠰᠢᠨ᠎ᠡ ᠲᠦᠷᠢ ᠲᠦᠷᠬᠦ ᠶᠢ ᠨᠠᠷᠢᠯᠢᠭ ᠱᠤᠭᠤᠨ᠎ᠠ᠃ | ᠨᠢᠭᠡ ᠳᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠠᠬᠢᠭᠤᠯᠤᠨ᠎ᠠ᠃ | ᠬᠤᠶᠠᠷ ᠲᠤ ᠰᠠᠭᠤᠷᠢᠰᠢᠬᠤ ᠳᠤ ᠲᠤᠬᠢᠷᠠᠮᠵᠢᠳᠠᠢ ᠠᠵᠢᠯ ᠦᠢᠯᠡᠰ ᠡᠷᠬᠢᠯᠡᠬᠦ ᠳᠤ ᠲᠤᠬᠢᠷᠠᠮᠵᠢᠳᠠᠢ ᠤᠷᠴᠢᠨ | ᠨᠦᠬᠦᠴᠠᠯ ᠢ ᠪᠦᠷᠢᠯᠳᠤᠬᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠵᠣᠷᠢᠯᠲᠠ ᠪᠠᠨ ᠦᠢᠯᠡᠳᠦᠯᠭᠡᠵᠢᠭᠦᠯᠵᠦ᠂ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ | ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠦᠨ᠎ᠡ᠃ | ᠨᠢᠭᠡ ᠳᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠨ᠎ᠡ᠃ | ᠬᠤᠶᠠᠷ ᠲᠤ ᠤᠯᠠᠨ ᠲᠦᠮᠡᠨ ᠤ ᠬᠠᠨᠤᠮᠵᠢᠳᠡᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ | ᠭᠤᠷᠪᠠ ᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠭᠳᠠᠯᠴᠠᠭ᠎ᠠ ᠶᠢ ᠰᠢᠯᠢᠳᠡᠭᠵᠢᠭᠦᠯᠦᠨ᠎ᠡ᠃ | ᠲᠦᠷᠪᠡ ᠳᠤ ᠨᠡᠶᠢᠬᠡᠮ ᠤᠨ ᠪᠠᠳᠤᠯᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠎ᠡ᠃ | ︵ᠲᠤᠯᠤᠭ᠎ᠠ︶ ᠰᠤᠯᠠᠷᠠᠭᠤᠯᠤᠯ ᠦᠭᠡᠢ ᠪᠠᠶᠢᠩᠭᠤ ᠠᠳᠬᠤᠵᠤ᠂ ᠵᠠᠰᠠᠯᠳᠠ ᠶᠢ ᠨᠠᠷᠢᠨ ᠨᠢᠮᠪᠡᠢ ᠦᠷᠨᠢᠬᠦᠯᠵᠦ᠂ | ᠲᠣᠭᠲᠠᠭᠤᠨ ᠤ ᠰᠠᠭᠤᠷᠢ ᠶᠢ ᠪᠠᠬᠢᠵᠢᠬᠦᠯᠦᠨ᠎ᠡ᠃ | ᠨᠢᠭᠡ ᠳᠤ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ | ᠬᠤᠶᠠᠷ ᠲᠤ ᠦᠨᠳᠤᠰᠤᠳᠠᠨ ᠤ ᠪᠦᠯᠬᠦᠮᠳᠠᠯ ᠪᠡ ᠬᠢᠯᠢ ᠬᠢᠵᠠᠭᠠᠷ ᠤᠨ ᠠᠮᠤᠷ ᠲᠤᠭᠳᠠᠭᠤᠨ ᠢ ᠦᠨᠡᠨᠬᠦ | ᠬᠠᠮᠠᠭᠠᠯᠠᠨ᠎ᠠ᠃ | ᠭᠤᠷᠪᠡ ᠳᠤ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠲᠦᠷᠪᠡ ᠳᠤ ᠲᠦᠭᠰᠢᠬᠦᠷᠢ ᠶᠢ ᠪᠦᠳᠤᠮᠵᠢᠳᠡᠢ ᠰᠡᠷᠭᠡᠶᠢᠯᠡᠨ ᠨᠠᠮᠳᠠᠭᠠᠨ᠎ᠠ᠃ | ᠲᠠᠪᠤ ᠳᠤ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ︵ᠨᠢᠭᠡ︶ ᠨᠠᠮ ᠳᠠᠭᠠᠨ ᠦᠨᠡᠨᠴᠢ ᠰᠢᠳᠤᠷᠭᠤ ᠪᠠᠶᠢᠬᠤ ᠲᠠᠷᠢᠬᠦᠨ ᠤ ᠮᠦᠨ ᠴᠢᠨᠡᠷ ᠢ ᠢᠮᠠᠭᠳᠠ ᠪᠠᠷᠢᠮᠳᠠᠯᠠᠨ᠎ᠠ | ᠃ | ︵ᠬᠤᠶᠠᠷ︶ ᠠᠷᠠᠳ ᠲᠦᠮᠡᠨ ᠢ ᠳᠡᠭᠡᠳᠦᠯᠡᠬᠦ ᠰᠡᠳᠬᠢᠯᠬᠡ ᠶᠢ ᠪᠠᠳᠤ ᠪᠠᠬᠢ ᠪᠤᠢ ᠪᠤᠯᠭᠠᠨ᠎ᠠ᠃ | ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠨᠢᠭᠡᠳᠦᠭᠡᠷ ᠪᠠᠷᠢᠮᠵᠢᠶ᠎ᠠ ᠶᠢ ᠪᠠᠷᠢᠮᠲᠠᠯᠠᠨ᠎ᠠ᠃ | ︵ᠳᠥᠷᠪᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠡᠷᠢᠭᠦᠨ ᠴᠢᠬᠤᠯᠠ ᠡᠭᠦᠷᠭᠡ ᠶᠢ ᠪᠡᠷᠢᠮᠳᠠᠯᠠᠨᠠ᠃ | | ︵ᠲᠠᠪᠤ︶ ᠲᠥᠪ ᠭᠤᠣᠯᠴᠢ ᠠᠷᠢᠭᠤᠨ ᠴᠢᠬᠡᠴᠢ ᠪᠠᠶᠢᠬᠤ ᠨᠢᠭᠡᠳᠦᠭᠡᠷ ᠬᠤᠷᠢᠭ᠎ᠠ ᠱᠤᠭᠤᠮ ᠢ ᠪᠡᠷᠢᠮᠳᠠᠯᠠᠨᠠ᠃ | |