ᠠᠷᠠᠳ ᠤᠨ ᠲᠦᠯᠦᠭᠡᠯᠡᠭᠴᠢᠳ ᠪᠦᠯᠬᠦᠮ ᠬᠤᠪᠢᠶᠠᠨ ᠶᠠᠷᠢᠯᠴᠠᠭᠰᠠᠨ
ᠨᠡᠶᠢᠲᠡᠯᠡᠭᠰᠡᠨ ᠴᠠᠭ᠄
2025/1/7
     1 ᠰᠠᠷ᠎ᠠ ᠶᠢᠨ 6 ᠤ ᠡᠳᠦᠷ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠥᠯᠥᠭᠡᠯᠡᠭᠴᠢᠳ 6 ᠲᠥᠯᠥᠭᠡᠯᠡᠭᠴᠢᠳ ᠤᠨ ᠪᠦᠯᠬᠦᠮ ᠬᠤᠪᠢᠶᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠵᠢᠴᠢ ᠪᠤᠰᠤᠳ ᠠᠵᠢᠯ ᠤᠨ ᠢᠯᠡᠳᠬᠡᠯ ᠢ ᠬᠢᠨᠠᠨ ᠵᠦᠪᠯᠡᠵᠦ ᠶᠠᠷᠢᠯᠴᠠᠪᠠ᠃      ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠸᠠᠩ ᠵᠠᠨ ᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ ᠰᠠᠭᠤᠳᠠᠯ ᠤᠨ ᠬᠤᠷᠠᠯ ᠳᠤ ᠤᠷᠤᠯᠴᠠᠨ᠂ ᠲᠥᠯᠥᠭᠡᠯᠡᠭᠴᠢᠳ ᠤᠨ ᠰᠡᠳᠬᠢᠯ ᠤᠨ ᠳᠠᠭᠤᠨ ᠢ ᠰᠣᠨᠣᠰᠴᠤ᠂ ᠬᠥᠭᠵᠢᠯᠲᠡ ᠶᠢᠨ ᠰᠡᠳᠬᠢᠴᠡ ᠪᠠᠨ ᠠᠭᠤᠵᠢᠷᠠᠲᠠᠯ᠎ᠠ ᠶᠠᠷᠢᠯᠴᠠᠪᠠ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠲᠥᠯᠥᠭᠡᠯᠡᠭᠴᠢᠳ ᠤᠨ ᠰᠠᠨᠠᠯ ᠢ ᠨᠠᠷᠢᠨ ᠬᠢᠨᠠᠮᠠᠭᠠᠢ ᠰᠤᠨᠤᠰᠬᠤ ᠶᠢᠨ ᠲᠠᠭᠠᠤ ᠶᠠᠷᠢᠬᠤ ᠳᠠᠭᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠠᠴᠢᠶᠠᠯᠠᠵᠤ᠂ ᠲᠥᠯᠥᠭᠡᠯᠡᠭᠴᠢᠳ ᠳᠠᠷᠬᠠᠨ ᠡᠭᠦᠷᠭᠡ ᠶᠢ ᠡᠭᠦᠷᠭᠡᠯᠡᠵᠦ ᠪᠠᠶᠢᠬᠤ ᠮᠦᠷᠳᠡᠭᠡᠨ ᠣᠯᠠᠨ ᠲᠦᠮᠡᠨ ᠪᠣᠯᠤᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠭᠤᠷᠤᠨᠳᠤᠬᠢ ᠬᠦᠭᠦᠷᠭᠡ ᠬᠤᠯᠪᠤᠭᠠᠰᠦ ᠪᠣᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠠᠴᠢ ᠬᠤᠯᠪᠣᠭᠳᠠᠯ ᠨᠢ ᠶᠡᠷᠦ ᠪᠤᠰᠤ ᠶᠢᠨ ᠠᠴᠢ ᠬᠤᠯᠪᠣᠭᠳᠠᠯ᠂ ᠲᠥᠯᠥᠭᠡᠯᠡᠭᠴᠢᠳ ᠰᠠᠨᠠᠯ ᠵᠦᠪᠯᠡᠯᠭᠡ ᠳᠤᠷᠠᠳᠴᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠦ᠂ ᠴᠠᠭ ᠢᠮᠠᠭᠲᠠ ᠮᠠᠯᠴᠢᠳ ᠤᠨ ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠵᠤ᠂ ᠮᠠᠯᠴᠢᠳ ᠤᠨ ᠠᠮᠢ ᠠᠬᠤᠢ ᠶᠢᠨ ᠳᠠᠩᠰᠠ᠂ ᠠᠵᠤ ᠠᠬᠤᠢ ᠶᠢᠨ ᠳᠠᠩᠰᠠ᠂ ᠬᠥᠭᠵᠢᠯᠲᠡ ᠶᠢᠨ ᠳᠠᠩᠰᠠ ᠶᠢ ᠰᠠᠶᠢᠲᠤᠷ ᠪᠣᠳᠣᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ᠂ ᠮᠠᠯ ᠠᠵᠤ ᠠᠬᠤᠢ ᠶᠢᠨ ᠲᠠᠯ᠎ᠠ ᠪᠠᠷ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠳᠬᠠᠵᠤ᠂ ᠮᠢᠬ᠎ᠠ᠂ ᠰᠦ ᠶᠢᠨ ᠠᠵᠤ ᠦᠢᠯᠡᠰ ᠤᠨ ᠪᠦᠳᠦᠭᠦᠯᠢᠭ ᠡᠵᠡᠩᠨᠡᠯᠲᠡ᠂ ᠠᠩᠬᠠᠨ ᠤ ᠡᠳ᠋ᠰᠢᠭᠦᠯᠦᠯᠲᠡ᠂ ᠲᠤᠤᠷᠠᠲᠦ ᠳᠡᠰ ᠤᠨ ᠡᠵᠡᠩᠨᠡᠨ ᠪᠣᠷᠣᠯᠠᠭᠤᠯᠤᠯᠲᠠ ᠵᠡᠷᠭᠡ ᠶᠢ ᠪᠦᠬᠦ ᠲᠠᠯ᠎ᠠ ᠪᠠᠷ ᠲᠡᠰ ᠳᠡᠪᠰᠢᠬᠦᠯᠦᠨ᠂ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠴᠢᠬᠤᠯᠠᠴᠢᠯᠠᠵᠦ᠂ ᠮᠠᠯᠴᠢᠨ ᠲᠠᠷᠢᠶᠠᠴᠢᠨ ᠤ ᠵᠢᠭᠡᠯᠡᠯᠭᠡ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠤᠷᠠᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠠᠯᠴᠢᠨ ᠲᠠᠷᠢᠶᠠᠴᠢᠨ ᠤ ᠬᠦᠦ ᠮᠥᠩᠭᠦ ᠶᠢ ᠪᠠᠭᠤᠷᠠᠭᠤᠯᠬᠤ ᠶᠢ ᠠᠬᠢᠭᠤᠯᠵᠤ᠂ ᠮᠠᠯᠴᠢᠳ ᠤᠨ ᠦᠢᠯᠡᠳᠪᠦᠷᠢᠯᠡᠯ ᠤᠨ ᠪᠡᠯᠡ ᠮᠦᠩᠬᠦᠨ ᠤ ᠳᠠᠷᠤᠯᠲᠠ ᠶᠢ ᠬᠦᠩᠭᠡᠷᠡᠬᠦᠯᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠮᠠᠯᠵᠢᠬᠤ ᠣᠷᠣᠨ ᠤ ᠣᠷᠣᠰᠢᠨ ᠰᠠᠭᠤᠬᠤ᠂ ᠵᠠᠮ ᠬᠠᠷᠢᠯᠴᠠᠭ᠎ᠠ᠂ ᠴᠢᠮᠡᠭᠡ ᠬᠤᠯᠪᠤᠭᠠᠨ ᠤ ᠨᠥᠬᠦᠴᠡᠯ ᠵᠡᠷᠭᠡ ᠶᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ ᠬᠢᠷᠢ ᠲᠦᠪᠰᠢᠨ ᠢ ᠨᠡᠩ ᠢᠯᠡᠬᠦᠤ ᠰᠠᠶᠢᠵᠢᠷᠠᠭᠤᠯᠤᠨ᠎ᠠ ᠭᠡᠪᠡ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠲᠥᠯᠥᠭᠡᠯᠡᠭᠴᠢᠳ ᠤᠨ  ᠪᠤᠳᠤᠯ ᠰᠡᠳᠬᠢᠯᠭᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠡᠳᠡᠨ ᠤ ᠰᠠᠨᠠᠯ ᠵᠦᠪᠯᠡᠯᠭᠡ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠴᠦ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠳᠦ ᠶᠢᠨ ᠨᠥᠯᠥᠭᠡ ᠲᠠᠢ᠃ ᠣᠯᠠᠨ ᠤ ᠳᠤᠷᠠᠳᠤᠭᠰᠠᠨ ᠰᠠᠨᠠᠯ ᠵᠦᠪᠯᠡᠯᠭᠡ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠢ ᠬᠤᠯᠪᠤᠭᠳᠠᠵᠦ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠪᠤᠯᠬᠤ ᠮᠦᠷᠳᠡᠭᠡᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠤᠯᠤᠨ᠎ᠠ ᠭᠡᠪᠡ᠃ᠬᠤᠰᠢᠭᠤ ᠠᠷᠠᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠡᠮᠦᠷ ᠬᠤᠷᠠᠯ ᠤᠨ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠤ ᠦᠢᠯᠡᠰ ᠤᠨ ᠪᠠᠶᠢᠷᠢᠯᠠᠭᠤᠯᠤᠯᠲᠠ᠂ ᠵᠠᠮ ᠬᠠᠷᠢᠯᠴᠠᠭ᠎ᠠ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠲᠠᠯ᠎ᠠ ᠶᠢᠨ ᠰᠠᠨᠠᠯ ᠵᠦᠪᠯᠡᠯᠭᠡ ᠶᠢ ᠨᠠᠷᠢᠨ ᠬᠢᠨᠠᠮᠠᠭᠠᠢ ᠰᠣᠨᠣᠰᠴᠤ᠂ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠢᠯᠡᠷᠬᠡᠶᠢᠯᠡᠬᠦ ᠳᠡᠭᠡᠨ᠂ ᠲᠥᠯᠥᠭᠡᠯᠡᠭᠴᠢᠳ ᠤᠨ ᠳᠤᠷᠠᠳᠤᠭᠰᠠᠨ ᠬᠠᠮᠢᠶ᠎ᠠ ᠪᠦᠬᠦᠢ ᠰᠠᠨᠠᠯ ᠵᠦᠪᠯᠡᠯᠭᠡ ᠶᠢ ᠡᠮᠬᠢᠯᠡᠵᠦ᠂ ᠠᠯᠢ ᠲᠦᠷᠭᠡᠨ ᠢᠶᠠᠷ ᠠᠵᠢᠯ ᠤᠨ ᠪᠤᠳᠠᠲᠦ ᠪᠠᠶᠢᠳᠠᠯ ᠳᠤ ᠤᠷᠤᠭᠤᠯᠵᠦ᠂ ᠲᠥᠯᠥᠭᠡᠯᠡᠭᠴᠢᠳ ᠤᠨ ᠣᠶᠤᠨ ᠤᠬᠠᠭᠠᠨ ᠬᠦᠴᠦᠨ ᠴᠢᠳᠠᠯ ᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠡᠢ᠃      ᠦᠨᠦᠳᠦᠷ ᠦᠳᠡ ᠶᠢᠨ ᠡᠮᠦᠨ᠎ᠡ ᠶᠢᠨ ᠵᠠᠰᠠᠭ ᠤᠨ ᠤᠷᠤᠨ ᠤ ᠠᠵᠢᠯ ᠤᠨ ᠢᠯᠡᠳᠬᠡᠯ ᠤᠨ ᠠᠭᠤᠯᠭ᠎ᠠ ᠨᠢ ᠡᠯᠪᠡᠭ ᠪᠠᠶᠠᠯᠢᠭ᠂ ᠲᠤᠭ᠎ᠠ ᠪᠠᠷᠢᠮᠲᠠ ᠨᠢ ᠢᠯᠡ ᠳᠤᠳᠤᠷᠬᠠᠢ ᠪᠠᠶᠢᠵᠦ᠂ ᠥᠩᠭᠡᠷᠡᠭᠰᠡᠨ ᠨᠢᠭᠡ ᠵᠢᠯ ᠤᠨ ᠮᠠᠨ ᠤ ᠬᠤᠰᠢᠭᠤᠨ ᠤ ᠠᠵᠢᠯ ᠤᠨ ᠲᠣᠪᠤᠶᠢᠮ᠎ᠠ ᠠᠮᠵᠢᠯᠲᠠ ᠶᠢ ᠢᠯᠡᠷᠡᠬᠦᠯᠦᠭᠰᠡᠨ ᠪᠠᠶᠢᠨ᠎ᠠ᠃ 2025 ᠣᠨ ᠤ ᠮᠠᠨ ᠤ ᠬᠤᠰᠢᠭᠤᠨ ᠤ ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ ᠤᠨ ᠲᠣᠬᠢᠷᠠᠭᠤᠯᠤᠯᠲᠠ ᠴᠦ ᠨᠡᠯᠢᠶᠡᠳ ᠨᠠᠷᠢᠨ ᠲᠣᠳᠣᠷᠬᠠᠢ ᠪᠤᠯᠪᠠ᠃ ᠪᠢ ᠨᠢᠭᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠦᠨᠳᠦᠰᠦᠨ ᠱᠠᠳᠤᠨ ᠤ ᠨᠠᠮ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ᠂ ᠡᠨᠡ ᠵᠢᠯ ᠤᠨ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠥᠪᠡᠷ ᠤᠨ ᠲᠣᠳᠣᠷᠬᠠᠢ ᠬᠠᠷᠠᠯᠲᠠ ᠴᠢᠭᠯᠡᠯ ᠲᠠᠢ ᠪᠤᠯᠪᠠ᠃ ᠵᠠᠯᠭᠠᠭᠠᠳ ᠪᠢ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠰᠤᠮᠤ ᠭᠠᠴᠠᠭᠠᠨ ᠳᠤ ᠤᠯᠠᠮᠵᠢᠯᠠᠵᠤ᠂ ᠨᠠᠷᠢᠨ ᠨᠢᠭᠳᠠ ᠨᠠᠶᠢᠳᠠᠪᠤᠷᠢᠵᠢᠭᠤᠯᠬᠤ ᠪᠤᠯᠤᠨ᠎ᠠ᠃      ᠦᠨᠦᠳᠦᠷ ᠦᠳᠡ ᠶᠢᠨ ᠡᠮᠦᠨ᠎ᠡ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠰᠡᠳᠦᠪ ᠢᠯᠡ ᠳᠤᠳᠤᠷᠬᠠᠢ᠂ ᠠᠭᠤᠯᠭ᠎ᠠ ᠪᠠᠶᠠᠯᠢᠭ᠂ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ ᠡᠷᠴᠢᠮᠲᠡᠢ᠂ ᠬᠥᠮᠦᠰ ᠢ ᠶᠡᠬᠡᠳᠡ ᠤᠷᠮᠠᠰᠢᠭᠤᠯᠤᠨ ᠵᠣᠷᠢᠭᠵᠢᠭᠤᠯᠵᠠᠢ᠃ ᠢᠯᠡᠳᠬᠡᠯ ᠨᠢ 2024 ᠣᠨ ᠤ ᠠᠵᠢᠯ ᠢ ᠳ᠋ᠦᠩᠨᠡᠨ 2025 ᠣᠨ ᠤ ᠠᠵᠢᠯ ᠤᠨ ᠬᠠᠷᠠᠯᠳᠠᠲᠦ ᠡᠭᠦᠷᠭᠡ ᠶᠢ ᠳᠤᠷᠠᠳᠪᠠ᠃ ᠦᠨᠦ ᠵᠢᠯ᠂ ᠪᠢᠳᠡ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠤᠯᠠᠭᠠᠨᠮᠥ᠋ᠴᠢᠷ᠂ ᠠᠳᠤᠭᠤᠨ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠵᠢᠴᠢ ᠲᠠᠯ᠎ᠠ ᠨᠤᠲᠤᠭ ᠤᠨ ᠥᠩᠭᠡ ᠦᠵᠡᠮᠵᠢ ᠵᠡᠷᠭᠡ ᠡᠬᠢ ᠪᠠᠶᠠᠯᠢᠭ ᠢ ᠢᠳᠡᠪᠬᠢᠲᠡᠢ ᠠᠭᠤᠳᠠᠯᠵᠤ᠂ ᠲᠠᠯ᠎ᠠ ᠨᠤᠲᠤᠭ ᠤᠨ ᠬᠤᠷᠳᠤᠨ ᠬᠥᠯᠥᠭ ᠤᠨ ᠤᠷᠤᠯᠳᠤᠭᠠᠨ᠂ ︽ᠦᠵᠡᠰᠬᠦᠯᠡᠩᠲᠦ ᠰᠥᠨᠢᠳ︾ ᠪᠡᠶ᠎ᠡ ᠲᠠᠮᠢᠷ ᠤᠨ ᠴᠤᠭᠯᠠᠭᠠᠨ᠂ ︽ᠤᠯᠠᠭᠠᠨᠮᠥ᠋ᠴᠢᠷ ᠬᠤᠨᠳᠠᠭᠠᠲᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠪᠦᠬᠦ ᠵᠢᠯ ᠤᠨ ᠵᠢᠭᠤᠯᠴᠢᠯᠠᠯ ᠤᠨ ᠬᠦᠯᠢᠶᠡᠨ ᠠᠪᠬᠤ ᠬᠥᠮᠦᠨ ᠤᠳᠠᠭ᠎ᠠ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠦᠪᠯᠡᠭᠰᠡᠨ ᠤ ᠳᠠᠷᠠᠭ᠎ᠠ᠂ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠮᠠᠰᠢ ᠤᠷᠮᠠᠰᠢᠨ ᠵᠣᠷᠢᠭᠵᠢᠵᠤ ᠪᠠᠶᠢᠨ᠎ᠠ᠃ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠡᠷᠭᠢᠴᠡᠭᠦᠯᠵᠦ᠂ ᠵᠠᠰᠠᠭ ᠤᠨ ᠣᠷᠳᠣᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠲᠠᠯ᠎ᠠ ᠳᠤ ᠣᠯᠤᠭᠰᠠᠨ ᠢᠯᠡᠳᠲᠡ ᠦᠷ᠎ᠡ ᠪᠦᠲᠦᠭᠡᠯ ᠢ ᠨᠠᠷᠢᠨ ᠲᠣᠳᠣᠷᠬᠠᠢ ᠥᠭᠦᠯᠡᠪᠡ᠃ ᠡᠳᠡᠭᠡᠷ ᠠᠭᠤᠯᠭ᠎ᠠ ᠨᠢ ᠵᠠᠰᠠᠭ ᠤᠨ ᠣᠷᠳᠣᠨ ᠤ ᠥᠨᠳᠥᠷ ᠪᠦᠲᠦᠮᠵᠢᠲᠡᠢ ᠵᠠᠰᠠᠭ ᠪᠠᠷᠢᠬᠤ ᠴᠢᠳᠠᠪᠤᠷᠢ ᠪᠠ ᠠᠷᠠᠳ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠢᠳᠡᠨ ᠤ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃      ᠶᠠᠷᠢᠯᠴᠠᠬᠤ ᠬᠤᠭᠤᠴᠠᠭᠠᠨ ᠳᠤ᠂ ᠲᠥᠯᠥᠭᠡᠯᠡᠭᠴᠢᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠠᠵᠤ ᠠᠬᠤᠢ ᠶᠢᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠤᠷᠭᠠᠨ ᠬᠥᠮᠦᠵᠢᠯ ᠤᠨ ᠳᠡᠭᠡᠭᠰᠢᠯᠡᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠬᠠᠯᠠᠮᠰᠢᠯ ᠠᠰᠠᠭᠤᠳᠠᠯ ᠤᠨ ᠲᠤᠬᠠᠢ ᠠᠭᠤᠵᠢᠷᠠᠲᠠᠯ᠎ᠠ ᠶᠠᠷᠢᠯᠴᠠᠪᠠ᠃      ᠬᠤᠷᠠᠯ ᠳᠡᠭᠡᠷ᠎ᠡ᠂ ᠲᠥᠯᠥᠭᠡᠯᠡᠭᠴᠢᠳ ᠰᠣᠩᠭᠤᠭᠤᠯᠢ ᠶᠢᠨ ᠠᠷᠭ᠎ᠠ ᠶᠢᠨ ᠲᠥᠰᠦᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠢᠯᠧᠲ ᠥᠭᠴᠦ ᠲᠣᠭᠲᠠᠭᠠᠬᠤ ᠠᠷᠭ᠎ᠠ ᠶᠢᠨ ᠲᠥᠰᠦᠯ ᠢ ᠬᠢᠨᠠᠨ ᠵᠥᠪᠯᠡᠵᠦ᠂ ᠪᠠᠰᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠢᠨᠠᠨ ᠵᠥᠪᠯᠡᠵᠦ᠂ ᠵᠢᠱᠢᠭᠳᠡᠭᠰᠡᠳ ᠤᠨ ᠨᠡᠷᠡᠰ ᠤᠨ ᠲᠥᠰᠦᠯ ᠢ ᠶᠠᠷᠢᠯᠴᠠᠵᠤ᠂ ᠪᠢᠯᠧᠲ ᠬᠢᠨᠠᠭᠴᠢ ᠶᠢ ᠰᠣᠩᠭᠤᠨ ᠭᠠᠷᠭᠠᠪᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号