1 ᠰᠠᠷ᠎ᠠ ᠶᠢᠨ 7 ᠤ ᠦᠳᠡ ᠶᠢᠨ ᠬᠤᠶᠢᠨ᠎ᠠ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠡᠯ᠎ᠡ ᠲᠦᠷᠦᠯ | ᠤᠨ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠦᠨᠳᠦᠷᠯᠡᠵᠡᠢ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 161 ᠬᠥᠮᠦᠨ᠂ ᠪᠣᠳᠠᠲᠠᠢ ᠣᠷᠣᠯᠴᠠᠭᠰᠠᠨ | ᠲᠦᠯᠦᠭᠡᠯᠡᠭᠴᠢ 144 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠧᠨ ᠢᠦᠢ ᠴᠧᠩ᠂ ᠲᠡᠮᠦᠷ᠂ | ᠸᠠᠩ ᠵᠠᠨ ᠴᠢ᠂ ᠹᠠᠨ ᠶᠧᠦ ᠴᠢᠶᠠᠩ᠂ ᠯᠦ ᠮᠢᠨ᠂ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠼᠤᠤ ᠱᠤ᠋ | ᠸᠧᠨ᠂ ᠪᠦᠷᠢᠨᠳᠡᠯᠭᠡᠷ᠂ ᠲᠠᠩ ᠸᠧᠨ ᠱᠧᠩ᠂ ᠪᠠᠨ ᠵᠢᠶᠠᠨ ᠶᠢᠩ᠂ ᠨᠠᠰᠤᠨᠪᠦ᠋ᠬᠡ ᠵᠢᠴᠢ ᠲᠡᠷᠢᠭᠦᠯᠡᠭᠴᠢᠳ ᠤᠨ | ᠪᠦᠯᠬᠦᠮ ᠤᠨ ᠪᠤᠰᠤᠳ ᠪᠦᠷᠢᠯᠳᠦᠬᠦᠨ ᠪᠣᠯᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠨᠠᠰᠤᠳᠤ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠬᠤᠰᠢᠭᠤ ᠤᠳᠤᠷᠢᠳᠤᠯᠭ᠎ᠠ ᠲᠤᠯᠭᠠᠭᠤᠷᠢ᠂ ᠰᠠᠶᠢᠨᠴᠤᠭᠲᠤ᠂ ᠶᠠᠩ ᠵᠠᠨ ᠴᠢᠩ᠂ ᠯᠢ ᠭᠦᠸᠧ ᠴᠢᠩ᠂ ᠬᠠᠨ ᠶᠦᠩ | ᠴᠢᠩ᠂ ᠯᠢ ᠱᠤᠸᠠᠢ᠂ ᠯᠢ ᠵᠢᠶ ᠹᠧᠩ᠂ ᠵᠧᠦ ᠭᠤᠸᠠᠨ ᠨᠠᠨ ᠤᠷᠢᠯᠭ᠎ᠠ ᠪᠠᠷ ᠬᠤᠷᠠᠯ ᠳᠤ ᠣᠷᠣᠯᠴᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠬᠤᠷᠠᠯ ᠳᠤ ᠢᠯᠡᠷᠬᠡᠶᠢᠯᠡᠬᠦ ᠳᠡᠭᠡᠨ᠂ ᠣᠯᠠᠨ | ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠡᠯ᠎ᠡ ᠲᠦᠷᠦᠯ | ᠤᠨ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠤᠨ ᠬᠤᠭᠤᠴᠠᠭᠠᠨ ᠳᠤ᠂ | ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠶᠴᠡᠳᠬᠡᠵᠦ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ᠂ ᠰᠢᠯᠭᠠᠷᠠᠭᠰᠠᠨ | ᠤᠯᠤᠰ ᠲᠥᠷᠥ ᠶᠢᠨ ᠬᠡᠪ ᠴᠢᠨᠠᠷ᠂ ᠴᠢᠩᠭ᠎ᠠ ᠬᠦᠴᠦᠲᠡᠶ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠲᠤᠰ | ᠤᠳᠠᠭᠠᠨ ᠤ ᠶᠡᠭᠡ ᠬᠤᠷᠠᠯ ᠨᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠡᠷᠴᠢ ᠵᠣᠷᠢᠭ ᠢᠶᠠᠨ | ᠬᠥᠪᠴᠢᠯᠡᠭᠰᠡᠨ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠤᠨ᠎ᠠ᠃ ᠪᠦᠬᠦ ᠬᠤᠰᠢᠭᠤ ᠪᠠᠷ ᠢᠶᠠᠨ | ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠤᠯᠠᠮ ᠬᠦᠴᠦᠲᠡᠢ | ᠠᠬᠢᠭᠤᠯᠬᠤ ᠶᠢ ᠳᠠᠶᠢᠴᠢᠯᠠᠬᠤ ᠪᠠ ᠵᠣᠷᠢᠭᠵᠢᠭᠤᠯᠬᠤ ᠨᠢ ᠯᠠᠪᠲᠠᠢ ᠶᠤᠮ ᠬᠡᠵᠡᠢ᠃ | ᠴᠧᠨ ᠢᠦᠢ ᠴᠧᠩ ᠴᠢᠬᠤᠯᠠᠴᠢᠯᠠᠬᠤ ᠳᠤ ᠪᠠᠨ᠂2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠰᠡᠭᠦᠯ ᠬᠤᠷᠢᠶᠠᠵᠤ ᠰᠢᠢᠳᠪᠦᠷᠢᠲᠦ ᠢᠯᠠᠯᠲᠠ ᠤᠯᠬᠤ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠳᠤᠷ ᠡᠬᠢᠯᠡᠬᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠬᠤᠶᠢᠰᠢᠳᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠲᠥᠷᠥ ᠶᠢᠨ ᠴᠢᠭᠯᠡᠯ | ᠢᠶᠠᠨ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ︽ᠬᠤᠶᠠᠷ ᠢ | ᠲᠣᠭᠲᠠᠭᠠᠬᠤ︾ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠬᠡᠷᠡᠭᠲᠡᠶ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠰᠢᠭᠤ ᠨᠠᠮ ᠤᠨ | ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠬᠠᠷᠠᠯᠲᠠ ᠡᠭᠦᠷᠭᠡ ᠶᠢᠨ ᠲᠣᠭᠤᠷᠢᠨ ᠳᠤ ᠠᠵᠢᠯ ᠢᠶᠠᠨ | ᠲᠥᠯᠥᠪᠵᠢᠭᠦᠯᠵᠦ᠂ ᠪᠥᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠥᠪ | ᠣᠨᠣᠪᠴᠢᠲᠠᠶ ᠬᠥᠲᠥᠯᠥᠨ ᠵᠢᠯᠣᠭᠤᠳᠴᠤ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠶᠢ ᠰᠠᠶᠢᠲᠤᠷ ᠤᠶᠢᠯᠠᠭᠠᠭᠤᠯᠵᠤ᠂ | ᠰᠠᠶᠢᠲᠤᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠬᠦ ᠬᠡᠷᠡᠭᠲᠡᠶ᠃ | ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠵᠥᠪᠯᠡᠯ︾ ᠤᠨ ᠺᠠᠳ᠋ᠷ ᠤᠨ ᠪᠡᠯᠡᠳᠬᠡᠯ | ᠬᠦᠴᠦᠨ ᠤ ︽ᠪᠣᠭᠤᠮᠲᠠ︾ ᠶᠢ ᠡᠬᠢ ᠡᠭᠦᠰᠦᠯ ᠠᠴᠠ ᠨᠢ ᠴᠢᠩᠭ᠎ᠠ ᠰᠠᠬᠢᠬᠤ ᠬᠡᠷᠡᠭᠲᠡᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠶᠢ | ᠵᠢᠱᠢᠶᠡᠴᠢ ᠪᠠᠷ ᠵᠢᠷᠤᠮᠯᠠᠨ ᠰᠠᠬᠢᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ | ᠬᠡᠷᠡᠭᠵᠢᠭᠦᠯᠦᠨ᠂ ︽ᠦᠷ᠎ᠡ ᠪᠦᠲᠦᠭᠡᠯ ᠤᠨ ᠤᠬᠠᠮᠰᠠᠷ᠂ ᠳᠠᠩᠰᠠ ᠮᠡᠳᠡᠭᠦᠯᠬᠦ ᠤᠬᠠᠮᠰᠠᠷ᠂ ᠡᠭᠦᠷᠭᠡ ᠪᠠᠨ ᠪᠡᠶᠡᠯᠡᠬᠦᠯᠬᠦ | ᠤᠬᠠᠮᠰᠠᠷ︾ ᠢ ᠪᠠᠲᠤ ᠪᠤᠢ ᠪᠣᠯᠭᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ | ᠡᠭᠦᠷᠭᠡ ᠲᠤᠰᠢᠶᠠᠯ ᠢᠶᠠᠨ ᠭᠦᠶᠴᠡᠳᠬᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠰᠢᠭᠤ᠂ | ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠪᠥᠬᠦ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ | ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠪᠠᠨ ᠪᠠᠲᠤᠳᠬᠠᠵᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ | ᠪᠠ ᠦᠶᠯᠡᠴᠢᠯᠡᠵᠦ᠂ ᠦᠨᠳᠦᠰᠦᠨ ᠱᠠᠲᠤᠨ ᠤ ᠵᠠᠰᠠᠯᠲᠠ ᠳᠤ ᠢᠳᠡᠪᠬᠢᠲᠡᠶ ᠲᠦᠷᠦᠭᠦᠯᠡᠨ ᠣᠷᠣᠯᠴᠠᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠰᠠᠨᠠᠯ ᠵᠥᠪᠯᠡᠯᠭᠡ ᠶᠢ ᠲᠤᠭᠤᠷᠪᠢᠨ | ᠪᠢᠴᠢᠬᠦ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ︽ᠬᠥᠳᠡᠭᠡ ᠠᠵᠤ ᠠᠬᠤᠶ᠂ ᠬᠥᠳᠡᠭᠡ ᠲᠣᠰᠬᠤᠨ᠂ ᠮᠠᠯᠴᠢᠨ | ᠲᠠᠷᠢᠶᠠᠴᠢᠨ︾ ᠤ ᠠᠵᠢᠯ ᠤᠨ ᠡᠭᠦᠷᠭᠡ ᠶᠢ ᠵᠢᠱᠢᠶᠡᠴᠢ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠵᠦ᠂ ᠢᠮᠠᠭᠲᠠ ᠠᠷᠠᠳ ᠲᠦᠮᠡᠨ ᠤ ᠡᠮᠦᠨ᠎ᠡ ᠠᠴᠠ ᠦᠭᠡ ᠬᠡᠯᠡᠵᠦ᠂ | ᠠᠷᠠᠳ ᠲᠦᠮᠡᠨ ᠤ ᠲᠥᠯᠥᠭᠡ ᠠᠵᠢᠯ ᠬᠢᠵᠦ᠂ ᠠᠷᠠᠳ ᠲᠦᠮᠡᠨ ᠲᠠᠢ ᠬᠠᠮᠲᠤ ᠪᠠᠶᠢᠬᠤ ᠶᠢ ᠪᠡᠶᠡᠯᠡᠭᠦᠯᠬᠦ ᠬᠡᠷᠡᠭᠲᠡᠶ᠃ | ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠡᠷᠴᠢ | ᠵᠣᠷᠢᠭ ᠢᠶᠠᠨ ᠬᠥᠪᠴᠢᠯᠡᠨ᠂ ᠴᠥᠬᠦᠷᠡᠰᠢ ᠥᠬᠡᠶ ᠴᠢᠷᠮᠠᠶᠢᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠤᠷᠤᠭᠰᠢᠯᠠᠨ | ᠳᠡᠪᠰᠢᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠠᠲᠤ ᠴᠢᠩᠭ᠎ᠠ ᠠᠯᠬᠤᠭ᠎ᠠ ᠪᠠᠷ ᠰᠥᠨᠢᠳ ᠪᠠᠷᠠᠭᠤᠨ | ᠬᠤᠰᠢᠭᠤ ᠶᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠰᠠᠶᠢᠲᠤᠷ ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠬᠡᠢ ᠬᠡᠵᠡᠢ᠃ | ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ ᠲᠡᠮᠦᠷ ᠵᠢᠭᠠᠭᠰᠠᠨ ᠨᠢ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠪᠠᠷᠠᠭᠤᠨ ᠰᠦᠨᠢᠳ | ᠤᠨ 6 ᠲᠦᠮᠡ ᠭᠠᠷᠤᠶ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠲᠥᠷᠥ ᠶᠢᠨ | ᠬᠠᠯᠠᠭᠤᠨ ᠰᠡᠳᠬᠢᠯᠭᠡ ᠪᠠ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠶ ᠭᠦᠶᠴᠡᠳᠬᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠠᠷᠠᠳ ᠤᠨ ᠲᠥᠯᠥᠭᠡ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠬᠠᠷᠢᠭᠤᠴᠠᠯᠭᠠᠲᠤ ᠰᠡᠳᠬᠢᠯᠭᠡ ᠶᠢ ᠭᠦᠶᠴᠡᠳ ᠢᠯᠡᠷᠡᠭᠦᠯᠵᠦ᠂ ᠬᠦᠴᠦᠯᠡᠨ | ᠴᠢᠷᠮᠠᠶᠢᠵᠤ ᠦᠶᠯᠡᠰ ᠪᠦᠲᠦᠭᠡᠬᠦ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ | ᠢᠯᠡᠷᠡᠭᠦᠯᠪᠡ᠃ ᠬᠤᠷᠠᠯ ᠮᠠᠰᠢ ᠠᠮᠵᠢᠯᠲᠠ ᠲᠠᠢ ᠶᠠᠪᠤᠭᠳᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠬᠠᠮᠲᠤᠳᠬᠠᠭᠰᠠᠨ ᠶᠡᠭᠡ ᠬᠤᠷᠠᠯ᠂ ᠠᠷᠠᠳᠴᠢᠯᠠᠯ ᠪᠦᠯᠬᠦᠮᠳᠡᠯ ᠲᠠᠢ᠂ ᠪᠣᠳᠠᠲᠠᠢ ᠶᠢ ᠡᠷᠬᠢᠮᠯᠡᠨ ᠡᠷᠡᠮᠡᠬᠡᠶᠢᠯᠡᠨ | ᠤᠷᠤᠭᠰᠢᠯᠠᠭᠰᠠᠨ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠵᠠᠢ᠃ | ᠬᠤᠷᠠᠯ ᠤᠨ ᠳᠠᠷᠠᠭ᠎ᠠ᠂ ᠲᠥᠯᠥᠭᠡᠯᠡᠭᠴᠢᠳ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠤᠯᠢᠵᠢᠯ ᠤᠨ ᠦᠵᠡᠯᠲᠡ ᠪᠠᠨ ᠴᠢᠩᠭᠠᠳᠬᠠᠵᠤ᠂ ᠪᠠᠶᠢᠴᠠᠭᠠᠨ ᠰᠤᠳᠤᠯᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠡᠵᠡᠨ ᠬᠥᠮᠦᠨ ᠤ ᠣᠪᠣᠷ ᠢᠶᠠᠷ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ | ᠰᠠᠶᠢᠲᠤᠷ ᠤᠬᠠᠭᠤᠯᠵᠤ᠂ ᠰᠠᠶᠢᠲᠤᠷ ᠲᠠᠶᠢᠯᠪᠤᠷᠢᠯᠠᠵᠤ᠂ ᠳᠡᠷᠭᠡᠳᠡᠬᠢ ᠣᠯᠠᠨ ᠲᠦᠮᠡᠨ ᠢᠶᠠᠨ ᠨᠥᠯᠥᠭᠡᠯᠡᠨ ᠳᠠᠶᠢᠴᠢᠯᠠᠵᠤ᠂ | ᠪᠥᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠶᠤᠨ ᠤᠬᠠᠭᠠᠨ ᠬᠦᠴᠦᠨ ᠴᠢᠳᠠᠯ ᠢᠶᠠᠨ | ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠬᠤ ᠬᠡᠷᠡᠭᠲᠡᠶ᠃ ᠲᠡᠦᠬᠡ ᠶᠢᠨ ᠣᠷᠣᠨ | ᠪᠠᠶᠢᠷᠢ ᠶᠢ ᠣᠨᠣᠪᠴᠢᠲᠠᠢ ᠡᠵᠡᠮᠳᠡᠵᠦ᠂ ᠴᠠᠭ ᠦᠶ᠎ᠡ ᠶᠢᠨ ᠵᠣᠭᠰᠣᠴᠠ ᠶᠢ ᠡᠵᠡᠮᠳᠡᠵᠦ᠂ ᠡᠭᠦᠷᠭᠡ ᠲᠤᠰᠢᠶᠠᠯ ᠢᠶᠠᠨ | ᠭᠦᠢᠴᠡᠳᠬᠡᠬᠦ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠡᠭᠦᠷᠢᠳᠡ ᠨᠠᠮ ᠤᠨ ᠬᠤᠷᠢᠶ᠎ᠠ ᠲᠠᠢ ᠰᠡᠳᠬᠢᠯ | ᠨᠢᠭᠡᠳᠴᠦ᠂ ᠶᠡᠭᠡ ᠲᠠᠯ᠎ᠠ ᠲᠠᠢ ᠢᠵᠢᠯ ᠴᠢᠭᠯᠡᠯ ᠢᠶᠠᠷ ᠤᠷᠤᠭᠰᠢᠯᠠᠵᠤ᠂ ᠠᠷᠠᠳ ᠲᠦᠮᠡᠨ ᠲᠠᠢ ᠰᠡᠳᠬᠢᠯ ᠨᠢᠭᠡᠳᠦᠨ᠂ | ᠪᠣᠳᠠᠲᠠᠢ ᠠᠵᠢᠯᠯᠠᠬᠤ ᠤᠬᠠᠮᠰᠠᠷ ᠢᠶᠠᠨ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠠᠮᠵᠢᠯᠲᠠ ᠪᠦᠲᠦᠮᠵᠢ | ᠶᠢ ᠡᠭᠦᠳᠴᠦ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ | ᠰᠠᠭᠤᠷᠢ ᠶᠢ ᠲᠣᠭᠲᠠᠪᠤᠷᠢᠵᠢᠭᠤᠯᠬᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠲᠡᠮᠡᠴᠡᠬᠦ | ᠬᠠᠷᠠᠯᠲᠠ ᠪᠣᠯᠤᠨ ︽ᠭᠤᠷᠪᠠ ᠶᠢ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠲᠦᠷᠭᠡᠳᠬᠡᠨ ᠪᠡᠶᠡᠯᠡᠭᠦᠯᠵᠦ᠂ | ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠲᠦᠷᠭᠡᠳᠬᠡᠨ ᠪᠠᠶᠢᠭᠤᠯᠬᠤ ᠶᠢᠨ | ᠲᠥᠯᠥᠭᠡ ᠪᠦᠯᠬᠦᠮᠳᠡᠨ ᠳᠡᠮᠡᠴᠡᠰᠦᠬᠡᠢ ᠬᠡᠵᠡᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠪᠦᠷᠢᠨᠳᠡᠯᠭᠡᠷ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠵᠢᠴᠢ ᠰᠢᠶᠳᠪᠦᠷᠢᠯᠡᠬᠦ ᠰᠠᠨᠠᠯ ᠤᠨ | ᠮᠡᠳᠡᠭᠦᠯᠦᠯᠲᠡ ᠬᠢᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠪᠠᠨ ᠵᠢᠶᠠᠨ ᠶᠢᠩ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠶᠯ ᠤᠨ ᠬᠠᠨᠤᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠤᠩᠰᠢᠨ ᠨᠡᠶᠢᠲᠡᠯᠡᠪᠡ᠃ | ᠶᠡᠭᠡ ᠬᠤᠷᠠᠯ ᠠᠴᠠ ᠪᠢᠯᠧᠲ ᠬᠢᠨᠠᠭᠴᠢᠳ ᠤᠨ ᠨᠡᠷᠡᠰ ᠤᠨ ᠡᠬᠡ ᠨᠤᠤᠷᠠᠭ᠂ ᠰᠣᠩᠭᠤᠭᠤᠯᠢ ᠶᠢᠨ ᠠᠷᠭ᠎ᠠ ᠶᠢᠨ | ᠡᠬᠡ ᠨᠤᠤᠷᠠᠭ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠢᠶᠠᠷ ᠲᠣᠭᠲᠠᠭᠠᠬᠤ ᠠᠷᠭ᠎ᠠ ᠶᠢᠨ ᠡᠬᠡ | ᠨᠤᠤᠷᠠᠭ ᠢ ᠳᠡᠰ ᠳᠠᠷᠠᠭᠠᠯᠠᠨ ᠪᠠᠲᠤᠯᠠᠪᠠ᠃ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ | ᠲᠥᠷᠥᠯ ᠵᠦᠶᠯ ᠢ ᠪᠢᠯᠧᠲ ᠢᠶᠠᠷ ᠪᠠᠲᠤᠯᠠᠵᠤ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢ ᠨᠥᠬᠦᠨ ᠰᠣᠩᠭᠤᠭᠰᠠᠨ ᠤ | ᠬᠠᠮᠳᠤ ᠡᠯ᠎ᠡ ᠲᠦᠷᠦᠯ ᠤᠨ ᠮᠡᠳᠡᠭᠦᠯᠦᠯᠲᠡ ᠶᠢᠨ ᠰᠢᠶᠳᠪᠦᠷᠢ ᠶᠢ ᠪᠠᠳᠤᠯᠠᠵᠤ᠂ ᠰᠣᠩᠭᠤᠭᠤᠯᠢ ᠶᠢᠨ ᠳ᠋ᠦᠩ ᠢ | ᠨᠡᠶᠢᠳᠡᠯᠡᠭᠰᠡᠨ ᠤ ᠳᠠᠷᠠᠭ᠎ᠠ ᠰᠢᠨ᠎ᠡ ᠪᠠᠷ ᠰᠣᠩᠭᠤᠭᠳᠠᠭᠰᠠᠨ ᠪᠠᠶᠢᠩᠭᠤ ᠶᠢᠨ ᠬᠤᠷᠢᠶᠠᠨ ᠤ ᠭᠡᠰᠢᠭᠦᠳ ᠦᠨᠳᠦᠰᠦᠨ | ᠬᠠᠤᠯᠢ ᠳᠤ ᠳᠠᠩᠭᠠᠷᠢᠭ ᠡᠷᠬᠦᠵᠡᠢ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠳᠤᠮᠳᠠ ᠠᠮᠵᠢᠯᠳᠠᠳᠠᠢ | ᠦᠨᠳᠦᠷᠯᠡᠪᠡ᠃ |