ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/7
     1 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠡᠮᠦᠷ ᠬᠤᠷᠠᠯ ᠡᠷᠬᠢᠯᠡᠵᠦ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠪᠣᠯᠤᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠬᠦᠯᠦᠯᠳᠡ ᠶᠢ ᠰᠤᠳᠤᠯᠤᠨ ᠶᠠᠷᠢᠯᠴᠠᠵᠦ᠂ ᠲᠦᠯᠦᠪᠯᠡᠭᠡ ᠪᠠ ᠲᠦᠰᠦᠪ ᠤᠨ ᠲᠤᠬᠠᠢ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠰᠠᠨᠠᠯ ᠤᠨ ᠲᠤᠬᠠᠢ ᠰᠠᠨᠠᠯ ᠵᠦᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠲᠡ ᠵᠢᠴᠢ ᠡᠯ᠎ᠡ ᠲᠦᠷᠦᠯ ᠤᠨ ᠮᠡᠳᠡᠭᠦᠯᠦᠯᠲᠡ ᠶᠢᠨ ᠰᠢᠢᠳᠪᠦᠷᠢ ᠶᠢᠨ ᠲᠦᠰᠦᠯ ᠢ ᠬᠢᠨᠠᠨ ᠵᠥᠪᠯᠡᠵᠦ ᠪᠠᠲᠤᠯᠠᠭᠠᠳ᠂ ᠬᠠᠮᠤᠭ ᠰᠡᠬᠦᠯ ᠳᠤ ᠶᠡᠭᠡ ᠬᠤᠷᠠᠯ ᠳᠤ ᠲᠤᠰᠢᠶᠠᠨ ᠪᠠᠳᠤᠯᠠᠭᠤᠯᠬᠤ ᠪᠠᠷ ᠲᠤᠭᠳᠠᠵᠠᠢ᠃ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠭᠰᠠᠨ ᠪᠠ ᠠᠷᠪᠠᠨ ᠬᠥᠮᠦᠨ ᠠᠴᠠ ᠳᠡᠭᠡᠭᠰᠢᠬᠢ ᠬᠠᠮᠲᠤᠷᠠᠨ ᠨᠡᠷ᠎ᠡ ᠳᠤᠷᠠᠳᠤᠭᠳᠠᠭᠰᠠᠨ ᠵᠢᠱᠢᠭᠳᠡᠭᠰᠡᠳ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠩᠬᠢᠨᠢ ᠵᠢᠱᠢᠭᠳᠡᠭᠰᠡᠳ ᠤᠨ ᠨᠡᠷᠡᠰ ᠢ ᠲᠣᠭᠲᠠᠭᠠᠪᠠ᠃ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠦᠷᠦᠯ ᠵᠤᠶᠢᠯ ᠢ ᠶᠠᠷᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ ᠶᠠᠷᠢᠯᠴᠠᠵᠤ᠂ ᠶᠡᠭᠡ ᠬᠤᠷᠠᠯ ᠳᠤ ᠪᠢᠯᠧᠲ ᠦᠭᠴᠦ ᠰᠤᠩᠭᠤᠬᠤ ᠪᠠᠷ ᠪᠤᠯᠵᠦ᠂ ᠰᠣᠩᠭᠤᠭᠤᠯᠢ ᠶᠢᠨ ᠠᠷᠭ᠎ᠠ ᠶᠢᠨ ᠲᠥᠰᠦᠯ᠂ ᠪᠢᠯᠧᠲ ᠦᠭᠬᠦ ᠠᠷᠭ᠎ᠠ ᠶᠢᠨ ᠲᠦᠰᠦᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠤᠨ ᠶᠠᠷᠢᠯᠴᠠᠵᠦ᠂ ᠶᠡᠭᠡ ᠬᠤᠷᠠᠯ ᠳᠤ ᠳᠡᠪᠰᠢᠬᠦᠯᠵᠦ ᠪᠠᠳᠤᠯᠠᠭᠤᠯᠬᠤ ᠪᠠᠷ ᠲᠤᠭᠳᠠᠪᠠ᠃ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠤᠨ ᠲᠦᠰᠦᠯ ᠢ ᠪᠠᠳᠤᠯᠠᠵᠦ᠂ ᠶᠡᠭᠡ ᠬᠤᠷᠠᠯ ᠳᠤ ᠪᠠᠲᠤᠯᠠᠭᠤᠯᠬᠤ ᠪᠠᠷ ᠳᠡᠪᠰᠢᠬᠦᠯᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号