ᠮᠠᠨ ᠤ ᠬᠤᠰᠢᠭᠤᠨ ᠤ ᠠᠩᠬᠠᠳᠠᠭᠴᠢ ᠵᠠᠭᠤᠨ ᠲᠦᠮᠡᠨ ᠺᠢᠯᠤᠸᠠᠲ ᠤᠨ ᠲᠠᠰ ᠤᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠥᠷᠥᠯ ᠵᠦᠢᠯ ᠤᠷᠴᠢᠮᠬᠠᠨ ᠵᠢᠩᠭᠢᠨᠢ ᠪᠠᠷ ᠠᠰᠢᠭᠯᠠᠯᠲᠠ ᠳᠤ ᠤᠷᠤᠵᠠᠢ᠃ | ᠥᠪᠥᠷ ᠮᠣᠩᠭᠤᠯ ᠤᠨ ᠡᠨᠧᠷᠭᠢ ᠶᠢᠨ ᠰᠤᠷᠪᠤᠯᠵᠢ ᠶᠢᠨ ᠰᠥᠨᠢᠳ ᠪᠠᠷᠠᠭᠤᠨ ᠬᠤᠰᠢᠭᠤᠨ ᠤ 100 ᠲᠦᠮᠡᠨ | ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠠᠯᠠᠪᠠᠶ ᠳᠤ᠂ ᠲᠣᠨᠤᠭ ᠲᠥᠬᠦᠭᠡᠷᠦᠮᠵᠢ ᠨᠢ | ᠪᠦᠬᠦᠨ ᠢᠶᠠᠷ ᠢᠶᠠᠨ ᠬᠡᠪ ᠤᠨ ᠶᠣᠰᠣᠭᠠᠷ ᠠᠵᠢᠯᠯᠠᠵᠤ᠂ ᠠᠵᠢᠯᠲᠠᠳ ᠶᠠᠭ ᠥᠪᠥᠷ ᠮᠣᠩᠭᠤᠯ ᠤᠨ ᠴᠠᠬᠢᠯᠭᠠᠨ | ᠬᠦᠴᠦᠨ ᠤ ᠰᠢᠯᠢ ᠶᠢᠨ ᠭᠤᠤᠯ ᠤᠨ ᠴᠠᠬᠢᠯᠭᠠᠨ ᠬᠠᠩᠭᠠᠬᠤ ᠺᠣᠮᠫᠠᠨᠢ ᠶᠢᠨ ᠲᠣᠬᠢᠷᠠᠭᠤᠯᠬᠤ ᠭᠠᠵᠠᠷ ᠲᠤ ᠬᠠᠷᠢᠭᠤ | ᠮᠡᠳᠡᠬᠦᠯᠦᠯᠳᠡ ᠬᠢᠵᠦ ᠪᠠᠶᠢᠯ᠎ᠠ᠃ ᠬᠠᠷᠢᠭᠤ ᠮᠡᠳᠡᠭᠦᠯᠦᠯᠲᠡ ᠬᠢᠭᠰᠡᠨ ᠤ ᠳᠠᠷᠠᠭ᠎ᠠ᠂ ᠥᠪᠥᠷ ᠮᠣᠩᠭᠤᠯ ᠤᠨ | ᠡᠨᠧᠷᠭᠢ ᠶᠢᠨ ᠰᠤᠷᠪᠤᠯᠵᠢ ᠶᠢᠨ ᠰᠥᠨᠢᠳ ᠪᠠᠷᠠᠭᠤᠨ ᠬᠤᠰᠢᠭᠤᠨ ᠤ 100 ᠲᠦᠮᠡᠨ ᠺᠢᠯᠤᠸᠠᠲ ᠤᠨ ᠰᠠᠯᠬᠢᠨ | ᠴᠠᠬᠢᠯᠭᠠᠨ ᠤ ᠲᠠᠯᠠᠪᠠᠶ ᠨᠢ ᠳᠤᠤᠷ ᠨᠡᠶᠢᠯᠡᠬᠦᠯᠵᠦ ᠠᠮᠵᠢᠯᠳᠠᠳᠠᠢ ᠪᠠᠷ ᠠᠰᠢᠭᠯᠠᠯᠳᠠ ᠳᠤ ᠤᠷᠤᠵᠠᠢ᠃ | ᠥᠪᠥᠷ ᠮᠣᠩᠭᠤᠯ ᠤᠨ ᠡᠨᠧᠷᠭᠢ ᠶᠢᠨ ᠰᠤᠷᠪᠤᠯᠵᠢ ᠶᠢᠨ ᠰᠥᠨᠢᠳ ᠪᠠᠷᠠᠭᠤᠨ ᠬᠤᠰᠢᠭᠤᠨ ᠤ 100 ᠲᠦᠮᠡᠨ | ᠺᠢᠯᠤᠸᠠᠲ ᠤᠨ ᠰᠠᠯᠬᠢᠨ ᠨᠥᠭᠡᠴᠡ ᠶᠢᠨ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠲᠠᠰ ᠤᠨ | ᠭᠤᠤᠯᠳᠠᠯᠭ᠎ᠠ ᠲᠠᠢ ᠢᠨᠵᠧᠨᠧᠷᠢᠩ ᠪᠣᠯᠬᠤ ᠮᠦᠷᠳᠡᠭᠡᠨ ᠬᠤᠰᠢᠭᠤᠨ ᠤ ᠠᠩᠬᠠᠳᠠᠭᠴᠢ ᠵᠠᠭᠤᠨ ᠲᠦᠮᠡᠨ ᠺᠢᠯᠤᠸᠠᠲ ᠤᠨ | ᠲᠠᠰ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯᠤᠨ᠎ᠠ᠃ ᠲᠥᠷᠥᠯ ᠵᠦᠢᠯ ᠤᠨ | ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 100 ᠲᠦᠮᠡᠨ ᠺᠢᠯᠤᠸᠠᠲ ᠲᠤ ᠬᠦᠷᠴᠦ᠂ 100 ᠰᠠᠤᠷᠢ | ᠲᠠᠩ ᠮᠠᠰᠢᠨ ᠤ ᠪᠠᠭᠲᠠᠭᠠᠮᠵᠢ ᠨᠢ 10 ᠰᠠᠶ᠎ᠠ ᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ᠂ 2 ᠰᠠᠤᠷᠢ 220 ᠺᠢᠯᠤᠸᠠᠲ ᠤᠨ ᠳᠠᠷᠤᠯᠲᠠ ᠳᠡᠭᠡᠭᠰᠢᠯᠡᠭᠦᠯᠬᠦ ᠥᠷᠲᠡᠭᠡ ᠪᠠ ᠢᠵᠢ ᠪᠦᠷᠢᠳᠦᠭᠰᠡᠨ | ᠢᠨᠵᠧᠨᠧᠷᠢᠩ ᠢ ᠰᠢᠨ᠎ᠡ ᠪᠠᠷ ᠪᠠᠶᠢᠭᠤᠯᠵᠠᠢ᠃ ᠲᠥᠷᠥᠯ ᠵᠦᠢᠯ ᠨᠢ ᠣᠳᠣᠬᠠᠨ ᠤ ᠡᠬᠡ ᠬᠠᠭᠤᠷᠠᠶ ᠳᠠᠬᠢ ᠳᠠᠩ ᠮᠠᠰᠢᠨ | ᠤ ᠪᠠᠭᠲᠠᠭᠠᠮᠵᠢ ᠪᠠᠷ ᠬᠠᠮᠤᠭ ᠤᠨ ᠶᠡᠭᠡ 10 MWᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠢ | ᠬᠡᠷᠡᠭᠯᠡᠵᠦ᠂ ᠲᠥᠷᠥᠯ ᠵᠦᠢᠯ ᠤᠨ ᠪᠥᠬᠦ ᠪᠠᠭᠲᠠᠭᠠᠮᠵᠢ ᠶᠢ ᠲᠤᠤᠷ ᠲᠤ ᠨᠡᠶᠢᠯᠡᠭᠦᠯᠦᠨ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 29.9 ᠳ᠋ᠦᠩᠰᠢᠭᠤᠷ ᠺᠢᠯᠤᠸᠠᠲ | ᠴᠠᠭ ᠲᠤ ᠬᠦᠷᠴᠦ᠂ ᠵᠢᠯ ᠪᠦᠷᠢ ᠪᠠᠷᠤᠭ 90 ᠲᠦᠮᠡᠨ ᠲᠣᠨ ᠨᠡᠭᠦᠷᠡᠰᠦ ᠠᠷᠪᠢᠯᠠᠬᠤ ᠪᠤᠯᠤᠨ᠎ᠠ᠃ ᠡᠬᠢ ᠪᠠᠶᠠᠯᠢᠭ ᠢ | ᠠᠷᠪᠢᠯᠠᠬᠤ᠂ ᠠᠷᠢᠭᠤᠨ ᠴᠡᠪᠡᠷ᠂ ᠠᠮᠤᠷ ᠲᠦᠪᠰᠢᠨ᠂ ᠥᠨᠳᠥᠷ ᠪᠦᠲᠦᠮᠵᠢᠲᠡᠶ ᠪᠥᠭᠡᠳ ᠪᠣᠬᠢᠷᠲᠤᠯ ᠦᠭᠡᠶ | ᠦᠷᠬᠦᠯᠵᠢᠯᠡᠬᠦᠶᠢᠴᠡ ᠬᠦᠭᠵᠢᠯᠳᠡ ᠶᠢ ᠦᠨᠡᠨᠬᠦ ᠪᠡᠶᠡᠯᠡᠭᠦᠯᠬᠦ ᠪᠤᠯᠤᠨ᠎ᠠ᠃ | 2024 ᠣᠨ ᠤ 5 ᠰᠠᠷ᠎ᠠ ᠶᠢᠨ 18 ᠤ ᠡᠳᠦᠷ ᠲᠦᠷᠦᠯ ᠵᠦᠢᠯ ᠤᠨ ᠠᠵᠢᠯ ᠡᠬᠢᠯᠡᠭᠰᠡᠨ ᠠᠴᠠ ᠨᠠᠰᠢ᠂ | ᠮᠠᠨ ᠤ ᠬᠤᠰᠢᠭᠤ ᠲᠦᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠶᠢᠨ ᠲᠥᠯᠥᠭᠡ᠂ ᠠᠵᠤ ᠠᠬᠤᠶᠢᠯᠠᠯ ᠢ | ᠦᠢᠯᠡᠳᠪᠦᠷᠢᠯᠡᠯ ᠤᠨ ᠪᠠᠷᠢᠮᠵᠢᠶ᠎ᠠ ᠳᠤ ᠬᠦᠷᠭᠡᠬᠦ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠶᠢᠯᠠᠯ | ᠴᠤ ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠤᠨ᠂ | ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠵᠥᠪᠬᠡᠨ 7 ᠰᠠᠷ᠎ᠠ ᠭᠠᠷᠤᠢ ᠶᠢᠨ | ᠬᠤᠭᠤᠴᠠᠭᠠᠨ ᠳᠤ᠂ ᠬᠤᠶᠠᠷ ᠲᠠᠯ᠎ᠠ ᠶᠢᠨ ︽ᠬᠤᠣᠰ ᠴᠢᠭᠯᠡᠯ ᠢᠶᠠᠷ ᠤᠷᠤᠭᠰᠢᠯᠠᠭᠰᠠᠨ︾ ᠰᠠᠭᠤᠷᠢᠨ ᠳᠡᠭᠡᠷ᠎ᠡ᠂ | ᠲᠦᠷᠦᠯ ᠵᠦᠢᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠠᠵᠢᠯ ᠤᠨ ᠠᠬᠢᠴᠠ ᠶᠢ ᠰᠢᠨᠡᠳᠭᠡᠵᠡᠢ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ | ᠲᠥᠷᠥᠯ ᠵᠦᠢᠯ ᠤᠨ ᠬᠥᠳᠡᠯᠦᠩᠭᠦᠶ ᠪᠠᠶᠢᠳᠠᠯ ᠢ ᠦᠷᠭᠦᠯᠵᠢᠯᠡᠨ ᠳᠠᠭᠠᠵᠤ᠂ ᠲᠥᠷᠥᠯ ᠵᠦᠢᠯ ᠤᠨ ᠨᠢᠭᠡᠴᠡ ᠶᠢ | ᠱᠠᠯᠠᠪᠳᠠᠭᠤᠯᠤᠨ ᠰᠠᠯᠬᠢᠨ ᠴᠠᠬᠢᠯᠭᠠᠨ ᠤ ᠮᠠᠰᠢᠨ ᠢ ᠳᠡᠭᠦᠵᠢᠯᠡᠨ ᠤᠭᠰᠠᠷᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ | ᠲᠥᠷᠥᠯ ᠵᠦᠢᠯ ᠤᠨ ᠪᠥᠬᠦ ᠪᠠᠭᠲᠠᠭᠠᠮᠵᠢ ᠪᠠᠷ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠷᠭᠡᠳᠬᠡᠨ | ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠦᠢᠯᠡᠰ ᠤᠨ ᠳᠠᠪᠰᠢᠯᠲᠠ ᠪᠠ ᠪᠣᠬᠢᠷᠲᠤᠯ ᠥᠬᠡᠶ ᠬᠥᠭᠵᠢᠯᠲᠡ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ |