︽ᠠᠮᠤᠷ ᠪᠠᠶᠠᠰᠬᠤᠯᠠᠩ︾ ᠺᠯᠦ᠋ᠪ ᠤᠨ ᠰᠢᠨ᠎ᠡ ᠤᠨ ᠢᠶᠠᠨ ᠤᠭᠲᠤᠬᠤ ᠠᠵᠢᠯᠯᠠᠭ᠎ᠠ ᠠᠮᠵᠢᠯᠲᠠ ᠲᠡᠭᠦᠯᠲᠡᠷ ᠪᠤᠯᠤᠯ᠎ᠠ
ᠨᠡᠶᠢᠲᠡᠯᠡᠭᠰᠡᠨ ᠴᠠᠭ᠄
2025/1/8
     ᠠᠮᠵᠢᠯᠲᠠ ᠢᠯᠠᠯᠲᠠ ᠶᠢᠨ ᠬᠠᠭᠤᠴᠢᠨ ᠤᠨ ᠢᠶᠠᠨ ᠥᠳᠡᠵᠦ ᠠᠬᠢᠯᠲᠠ ᠲᠠᠪᠰᠢᠯᠲᠠ ᠶᠢᠨ ᠰᠢᠨ᠎ᠡ ᠤᠨ ᠤ ᠠᠯᠲᠠᠨ ᠪᠤᠱᠤᠭᠠᠨ ᠳᠤ ᠤᠮᠠᠷᠠᠲᠤ ᠬᠢᠵᠠᠭᠠᠷ ᠤᠨ ᠤᠯᠠᠨ ᠰᠠᠶᠢᠬᠠᠨ ᠰᠤᠶᠤᠯ ᠤᠨ ᠠᠵᠢᠯᠯᠠᠭ᠎ᠠ ᠡᠬᠡ ᠨᠤᠲᠤᠭ ᠤᠨ ᠮᠠᠨᠢ ᠡᠯ᠎ᠡ ᠭᠠᠵᠠᠷ ᠠᠴᠠ ᠠᠲᠡ ᠲᠡᠨᠲᠡ ᠥᠭᠡᠢ ᠲᠤᠭᠤᠯᠲᠠᠨ᠎ᠠ᠃      ᠰᠠᠶ᠋ᠢᠬᠠᠨ ᠰᠦᠨᠢᠳ ᠪᠠᠷᠠᠭᠤᠨ ᠬᠤᠰᠢᠭᠤᠨ ᠤ ︽ᠠᠮᠤᠷ ᠪᠠᠶᠠᠰᠬᠤᠯᠠᠩ︾ ᠺᠯᠦ᠋ᠪ ᠤᠨ ᠰᠢᠨ᠎ᠡ ᠤᠨ ᠢᠶᠠᠨ ᠤᠭᠲᠤᠬᠤ ᠠᠵᠢᠯᠯᠠᠭ᠎ᠠ ᠬᠤᠰᠢᠭᠤᠨ ᠲᠥᠪ ᠰᠠᠶᠢᠬᠠᠨᠲᠠᠯ᠎ᠠ ᠪᠠᠯᠭᠠᠰᠤᠨ ᠳᠤ ᠠᠮᠵᠢᠯᠲᠠ ᠲᠡᠭᠦᠯᠲᠡᠷ ᠪᠤᠯᠤᠯ᠎ᠠ᠃ ︽ᠠᠮᠤᠷ ᠪᠠᠶᠠᠰᠬᠤᠯᠠᠩ︾ ᠨᠠᠭᠠᠳᠤᠮ ᠨᠢ 2014 ᠤᠨ ᠳᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠥᠪ ᠢᠶᠠᠷ ᠪᠦᠷᠢᠳᠬᠡᠨ ᠲᠡᠮᠳᠡᠭᠯᠡᠭᠳᠡᠭᠰᠡᠨ ᠤᠶᠤᠨ ᠤᠬᠠᠭᠠᠨ ᠰᠢᠯᠭᠠᠬᠤ ᠤᠤᠷ ᠰᠤᠶᠤᠯ ᠤᠨ ᠥᠨᠡᠳᠦ ᠨᠠᠨᠲᠢᠨ ᠥᠪ ᠬᠦᠷᠦᠩᠭᠡ ᠶᠤᠮ᠃ ᠲᠤᠰ ᠺᠯᠦ᠋ᠪ ᠤᠨ ᠡᠵᠡᠨᠲᠡᠨ ᠤᠶᠤᠨᠯᠢᠩᠬᠤᠸ᠎ᠠ ᠪᠠᠭᠰᠢ ᠠᠵᠢᠯ ᠤᠨ ᠠᠮᠠᠷᠠᠯᠲᠠ ᠪᠠᠨ ᠠᠪᠴᠤ ᠲᠡᠳᠬᠦᠪᠦᠷᠢ ᠳᠡᠭᠡᠨ ᠭᠠᠷᠤᠭᠰᠠᠨ ᠪᠤᠯᠪᠠᠴᠤ ᠭᠡᠭᠡᠭᠳᠡᠨ ᠤᠷᠬᠢᠭᠲᠠᠵᠤ ᠪᠦᠬᠦᠢ ᠥᠨᠳᠦᠰᠦᠲᠡᠨ ᠤ ᠤᠯᠠᠮᠵᠢᠯᠠᠯᠲᠤ ᠨᠠᠭᠠᠳᠤᠮ ᠲᠤᠭᠯᠠᠭᠠᠮ ᠢ ᠤᠯᠠᠮᠵᠢᠯᠠᠨ ᠲᠡᠯᠭᠡᠷᠡᠭᠦᠯᠬᠦ ᠵᠤᠷᠢᠯᠭ᠎ᠠ ᠪᠠᠷ ᠤᠷᠢᠳ ᠬᠤᠵᠢᠳ ᠬᠤᠶᠠᠷ ᠥᠵᠦᠮᠥᠴᠢᠨ ᠠᠴᠠ ᠪᠠᠭᠰᠢ ᠪᠠᠷᠢᠵᠤ ᠨᠤᠮ ᠵᠠᠯᠠᠬᠤ ᠪᠠᠷ ᠲᠠᠮᠵᠢᠨ ᠨᠢᠳᠤᠨᠤᠨ ᠬᠤᠰᠢᠭᠤ ᠨᠤᠲᠤᠭ ᠲᠠᠭᠠᠨ ᠬᠠᠮᠤᠭ ᠠᠩᠬᠠᠲᠠᠭᠴᠢ ︽ᠠᠮᠤᠷ ᠪᠠᠶᠠᠰᠬᠤᠯᠠᠩ︾ ᠨᠠᠭᠠᠳᠤᠮ ᠤᠨ ᠤᠷᠤᠯᠳᠤᠭᠠᠨ ᠢ ᠵᠤᠬᠢᠶᠠᠨ ᠪᠠᠶᠢᠭᠤᠯᠵᠤ ᠤᠬᠢ ᠰᠠᠶᠢᠨ ᠨᠡᠶᠢᠭᠡᠮ ᠤᠨ ᠠᠭᠤᠷ ᠠᠮᠢᠰᠬᠤᠯ ᠢ ᠪᠣᠢ ᠪᠤᠯᠭᠠᠭᠰᠠᠨ ᠪᠠᠶᠢᠨ᠎ᠠ᠃      ᠲᠤᠰ ᠺᠯᠦ᠋ᠪ ᠨᠢ ᠡᠨᠡ ᠤᠳᠠᠭᠠᠨ ᠤ ᠰᠢᠨ᠎ᠡ ᠤᠨ ᠤ ᠤᠭᠲᠤᠯᠭ᠎ᠠ ᠶᠢᠨ ᠪᠠᠶᠠᠷᠲᠤ ᠵᠤᠯᠭᠠᠯᠳᠠ ᠪᠠᠷ ᠢᠶᠠᠨ ᠲᠠᠮᠵᠢᠭᠤᠯᠵᠤ ᠡᠨᠡᠬᠦ ᠲᠤᠭᠯᠠᠭᠠᠮ ᠤᠨ ︽ᠤᠨ︾ ᠤ ᠮᠠᠩᠯᠠᠢ ︽ᠰᠠᠷ᠎ᠠ︾ ᠶᠢᠨ ᠮᠠᠩᠯᠠᠢ᠂ ᠤᠳᠤᠨ ᠲᠡᠰ ᠤᠨ ᠨᠠᠭᠠᠳᠤᠮᠴᠢᠳ ᠢ ᠰᠢᠯᠭᠠᠷᠠᠭᠤᠯᠤᠨ᠂ ᠰᠢᠯᠢᠳᠡᠭ ᠤᠯᠠᠮᠵᠢᠯᠠᠭᠴᠢ᠂ ᠰᠤᠳᠤᠨ ᠬᠢᠨᠠᠭᠴᠢ᠂ ᠲᠡᠳᠬᠦᠨ ᠲᠡᠮᠵᠢᠭᠰᠡᠨ ᠬᠤᠪᠢ ᠬᠦᠮᠥᠨ ᠬᠠᠮᠲᠤ ᠨᠢᠭᠡᠴᠢ ᠶᠢᠨ ᠬᠢᠨ ᠳᠤ ᠠᠳᠠᠯᠢ ᠪᠤᠰᠤ ᠠᠭᠤᠯᠭ᠎ᠠ ᠪᠠᠷ ᠬᠦᠨᠳᠦᠳᠬᠡᠯ ᠢᠯᠡᠷᠬᠡᠶᠢᠯᠡᠯ ᠲᠡᠪᠰᠢᠭᠦᠯᠥᠭᠰᠡᠨ ᠤ ᠬᠠᠮᠲᠤ ︽ᠵᠢᠷᠭᠠᠯᠠᠩ︾ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠨᠠᠰᠤᠲᠠᠶᠢᠴᠤᠳ ᠢ ᠪᠤᠯᠭᠤᠭᠠᠨ ᠲᠤᠬᠤᠨᠢᠭᠤᠯᠤᠭᠰᠠᠨ ᠪᠠᠶᠢᠨ᠎ᠠ᠃      ᠠᠬᠤᠢ ᠲᠠᠯᠠᠪᠠᠢ ᠳᠤ ︽ᠠᠮᠤᠷ ᠪᠠᠶᠠᠰᠬᠤᠯᠠᠩ︾ ᠤᠨ ᠠᠶ᠎ᠠ ᠲᠠᠭᠤᠤ᠂ ᠤᠤᠭᠠᠨ ᠤᠯᠠᠭᠠᠨᠮᠥ᠋ᠴᠢᠷ ᠤᠨ ᠲᠤᠭᠯᠠᠬᠴᠢ ᠶᠢᠨ ᠬᠤᠯᠪᠤᠭ᠎ᠠ᠂ ᠤᠨᠠᠭᠠᠨ ᠢᠷᠦᠭᠡᠯᠴᠢᠳ ᠤᠨ ᠢᠷᠦᠭᠡᠯ ᠮᠠᠭᠲᠠᠭᠠᠯ᠂ ︽ᠡᠭᠡᠰᠢᠭ︾ ᠬᠤᠯᠪᠤᠭᠠᠨ ᠤ ᠲᠠᠭᠤᠴᠢᠳ ᠪᠠ ᠠᠵᠢᠯ ᠤᠨ ᠴᠢᠯᠥᠭᠡᠨ ᠤ ᠤᠷᠠᠨ ᠰᠠᠶᠢᠬᠠᠨᠴᠤᠳ ᠤᠨ ᠲᠤᠭᠯᠠᠯᠠᠲᠠ ᠶᠢᠨ ᠲᠤᠮᠲᠠ ᠪᠠᠶᠠᠷ ᠴᠡᠩᠭᠡᠭᠦᠨ  ᠢᠶᠠᠷ ᠪᠢᠯᠬᠠᠵᠤ ᠥᠨᠳᠦᠷᠯᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号