ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠶᠢᠨ ᠠᠷᠪᠠᠨ ᠲᠠᠪᠤᠨ ᠤ ᠲᠤᠰᠬᠠᠶ ᠪᠠᠶᠢᠴᠠᠭᠠᠯᠲᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2025/2/24
     ᠴᠠᠭᠠᠨ ᠰᠠᠷ᠎ᠠ ᠶᠢᠨ ᠠᠷᠪᠠᠨ ᠳᠠᠪᠤᠨ ᠤ ᠤᠯᠠᠮᠵᠢᠯᠯᠠᠳᠤ ᠪᠠᠶᠠᠷ ᠤᠨ ᠡᠳᠦᠷ ᠬᠦᠷᠴᠦ ᠢᠷᠡᠬᠦ ᠳᠠᠰᠢᠷᠠᠮ᠂ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ᠂ ᠢᠳᠡᠭᠡᠨ ᠤᠮᠳᠠᠭᠠᠨ ᠤ ᠪᠠᠶᠢᠴᠠᠭᠠᠯᠳᠠ ᠵᠢᠴᠢ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠪᠠᠶᠢᠳᠠᠯ ᠳᠤ ᠪᠥᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠵᠦ᠂ ᠠᠷᠠᠳ ᠣᠯᠠᠨ  ᠪᠠᠶᠠᠷ ᠤᠨ ᠡᠳᠦᠷ ᠢᠶᠠᠨ ᠠᠮᠤᠷ ᠲᠠᠶᠢᠪᠤᠩ ᠥᠩᠭᠡᠷᠡᠭᠦᠯᠬᠦ ᠶᠢ ᠪᠠᠲᠤᠯᠠᠵᠠᠶ᠃      ᠣᠳᠣᠬᠠᠨ ᠳᠤ᠂ ᠪᠥᠬᠦ ᠬᠤᠰᠢᠭᠤᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠵᠠᠬ᠎ᠠ ᠳᠡᠯᠭᠡᠭᠦᠷ ᠤᠨ ᠪᠦᠲᠦᠭᠡᠭᠳᠡᠬᠦᠨ ᠮᠠᠰᠢ ᠥᠪᠡᠷᠮᠢᠴᠡ ᠣᠨᠴᠠᠯᠢᠭ ᠲᠠᠢ ᠪᠣᠯᠵᠣ᠂  ᠬᠡᠷᠡᠭᠯᠡᠭᠴᠢᠳ ᠤᠨ ᠠᠳᠠᠯᠢ ᠪᠤᠰᠤ ᠬᠡᠷᠡᠭᠴᠡᠭᠡ ᠶᠢ ᠬᠠᠩᠭᠠᠵᠤ ᠪᠠᠶᠢᠨ᠎ᠠ᠃ ᠬᠡᠷᠡᠭᠯᠡᠭᠴᠢᠳ ᠤᠨ ᠰᠠᠨᠠᠭ᠎ᠠ ᠠᠮᠤᠷ ᠬᠤᠳᠠᠯᠳᠤᠨ ᠠᠪᠬᠤ ᠳᠤ ᠪᠠᠳᠤᠯᠠᠭ᠎ᠠ ᠬᠠᠩᠭᠠᠬᠤ ᠶᠢᠨ ᠲᠦᠯᠦᠬᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠪᠠᠶᠢᠴᠠᠭᠠᠯᠳᠠ ᠶᠢᠨ ᠡᠷᠴᠢᠮ ᠢᠶᠠᠨ ᠴᠠᠭ ᠢᠮᠠᠭᠳᠠ ᠴᠢᠩᠳᠠᠯᠠᠵᠤ ᠪᠠᠶᠢᠨ᠎ᠠ᠃      ᠪᠠᠶᠢᠴᠠᠭᠠᠬᠤ ᠶᠠᠪᠤᠴᠠ ᠳᠤ᠂ ᠬᠠᠤᠯᠢ ᠭᠡᠷᠡᠭᠵᠢᠬᠦᠯᠦᠭᠴᠢᠳ ᠢᠳᠡᠭᠡᠨ ᠤᠮᠳᠠᠭᠠᠨ ᠤ ᠡᠵᠡᠩᠨᠡᠯᠳᠡ ᠶᠢᠨ ᠭᠤᠤᠯ ᠴᠣᠭᠴᠠ ᠶᠢᠨ ᠬᠢᠷᠢ ᠬᠡᠮ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂  ᠪᠠᠷᠠᠭ᠎ᠠ ᠪᠦᠲᠦᠭᠡᠭᠳᠡᠬᠦᠨ ᠤ ᠭᠠᠳᠠᠷ ᠪᠣᠭᠤᠳᠠᠯ ᠤᠨ ᠱᠣᠰᠢᠭ᠎ᠠ ᠨᠢ ᠵᠢᠷᠤᠮᠵᠢᠯ ᠲᠠᠢ ᠡᠰᠡᠬᠦ᠂ ︽ᠭᠤᠷᠪᠠ ᠦᠭᠡᠶ︾ ᠢᠳᠡᠭᠡᠨ᠂ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ᠂ ᠢᠷᠡᠯᠲᠡ ᠨᠢ ᠲᠣᠳᠣᠷᠬᠠᠶ ᠦᠭᠡᠶ ᠢᠳᠡᠭᠡᠨ ᠪᠣᠷᠣᠯᠠᠭᠤᠯᠵᠤ ᠪᠠᠶᠢᠭ᠎ᠠ ᠵᠡᠷᠭᠡ ᠦᠢᠯᠡ ᠠᠵᠢᠯᠯᠠᠭ᠎ᠠ᠂ ᠢᠯᠠᠩᠭᠤᠶ᠎ᠠ ᠤᠷᠢᠳᠴᠢᠯᠠᠨ ᠪᠣᠭᠤᠳᠠᠯᠯᠠᠭᠰᠠᠨ ᠪᠦᠲᠦᠭᠡᠭᠳᠡᠬᠦᠨ ᠤ ᠪᠣᠭᠤᠳᠠᠯ ᠵᠢᠴᠢ ᠱᠣᠰᠢᠭ᠎ᠠ ᠲᠡᠮᠳᠡᠭ ᠨᠢ ᠪᠦᠷᠢᠨ ᠪᠦᠲᠦᠨ ᠪᠠᠶᠢᠬᠤ ᠡᠰᠡᠬᠦ᠂ ᠴᠢᠨᠠᠷ ᠬᠤᠪᠢᠷᠠᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠭᠰᠠᠨ ᠤ ᠬᠠᠮᠲᠤ᠂ ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠬᠦᠢᠴᠡᠳᠭᠡᠬᠦ ᠶᠢ ᠱᠠᠭᠠᠷᠳᠠᠨ᠂ ᠲᠡᠳᠡᠨ ᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠵᠢᠷᠤᠮᠯᠠᠬᠤ ᠶᠢ ᠵᠢᠯᠣᠭᠤᠳᠤᠨ᠂ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠴᠢᠩᠭᠠᠳᠬᠠᠵᠤ᠂ ᠪᠠᠷᠠᠭ᠎ᠠ ᠣᠷᠣᠭᠤᠯᠬᠤ ᠵᠠᠮ ᠮᠥᠷ᠂ ᠢᠷᠡᠯᠲᠡ ᠨᠢ ᠪᠠᠶᠢᠴᠠᠭᠠᠯᠳᠠ ᠳᠤ ᠨᠡᠶᠢᠴᠡᠬᠦ ᠶᠢ ᠦᠨᠡᠨᠬᠦ ᠪᠠᠳᠤᠯᠠᠬᠤ ᠬᠡᠷᠡᠭᠳᠡᠢ ᠭᠡᠵᠦ ᠱᠠᠭᠠᠷᠳᠠᠵᠠᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠪᠣᠳᠠᠲᠠᠶᠢᠵᠢᠭᠤᠯᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠤᠭᠤᠴᠢᠨ ᠪᠠᠶᠢᠴᠠᠭᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ  ᠤᠨ ᠠᠮᠤᠷ ᠲᠦᠪᠰᠢᠨ ᠢ ᠦᠨᠡᠨᠬᠦ ᠪᠠᠳᠤᠯᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号