ᠴᠠᠭᠠᠨ ᠰᠠᠷ᠎ᠠ ᠪᠤᠯ ᠭᠡᠷ ᠲᠦᠭᠦᠷᠴᠦ ᠵᠢᠷᠭᠠᠯ ᠠᠰᠬᠠᠷᠠᠬᠤ ᠶᠢᠨ ᠤᠳᠬ᠎ᠠ ᠪᠦᠷᠢᠳᠦᠨ᠂ ᠦᠷᠭᠦᠭᠡ ᠭᠡᠶᠢᠵᠦ | ᠪᠠᠶᠠᠷ ᠪᠢᠯᠬᠠᠬᠤ ᠶᠢᠨ ᠤᠴᠢᠷ ᠳᠡᠯᠭᠡᠷᠡᠭᠰᠡᠨ ᠦᠯᠵᠡᠢ ᠪᠡᠯᠭᠡᠲᠦ ᠡᠳᠦᠷ ᠬᠤᠨᠤᠭ ᠮᠦᠨ ᠪᠢᠯᠡ᠃ ᠶᠠᠭ ᠲᠠ ᠪᠢᠳᠡᠨ ᠢ | ᠡᠶᠢᠨᠬᠦ ᠪᠠᠶᠠᠷ ᠵᠢᠷᠭᠠᠯ ᠢᠶᠠᠨ ᠲᠡᠮᠳᠡᠭᠯᠡᠵᠦ ᠪᠠᠶᠢᠬᠤ ᠦᠶ᠎ᠡ ᠳᠤ᠂ ᠠᠶᠢᠯ ᠭᠡᠷ ᠠᠪᠤ ᠡᠵᠢ ᠠᠴᠠ ᠪᠠᠨ ᠲᠤᠰᠳᠠᠭᠠᠨ᠂ | ᠠᠮᠠᠷᠠᠭ ᠬᠤᠩᠭᠤᠷ ᠠᠯᠢᠶ᠎ᠠ ᠦᠷ᠎ᠡ ᠠᠴᠠ ᠪᠠᠨ ᠠᠰᠳᠠᠭᠠᠨ ᠠᠯᠢ ᠨᠢᠭᠡᠨ ᠭᠠᠵᠠᠷ ᠠᠵᠢᠯ ᠤᠨ ᠪᠠᠶᠢᠷᠢ ᠪᠠᠨ ᠪᠠᠳᠤ | ᠰᠠᠬᠢᠵᠦ ᠪᠤᠢ ᠬᠦᠮᠦᠰ ᠤᠨ ᠨᠢᠭᠡ ᠨᠢ ᠶᠠᠭᠠᠬᠢᠯᠳᠠ ᠴᠦ ᠦᠭᠡᠢ ᠡᠮᠴᠢ ᠰᠤᠪᠢᠯᠠᠭᠴᠢᠳ ᠨᠠᠷ ᠶᠤᠮ᠃ | ᠴᠠᠭᠠᠨ ᠰᠠᠷ᠎ᠠ ᠶᠢᠨ ᠬᠤᠭᠤᠴᠠᠭᠠᠨ ᠳᠤ ᠡᠪᠡᠳᠴᠢᠲᠡᠨ ᠤ ᠡᠪᠡᠳᠴᠢᠨ ᠦᠵᠡᠭᠦᠯᠬᠦ ᠶᠢ ᠰᠠᠭᠠᠳ ᠦᠭᠡᠢ | ᠪᠠᠶᠢᠯᠭᠠᠬᠤ ᠶᠢ ᠪᠠᠲᠤᠯᠠᠬᠤ ᠶᠢᠨ ᠲᠥᠯᠥᠭᠡ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ᠂ | ᠲᠦᠷᠭᠡᠨ ᠡᠮᠨᠡᠯᠭᠡ᠂ ᠬᠡᠦᠬᠡᠳ ᠤᠨ ᠡᠮᠨᠡᠯᠭᠡ᠂ ᠡᠯ᠎ᠡ ᠰᠠᠯᠠᠭᠠᠨ ᠤ ᠡᠪᠡᠳᠴᠢᠨ ᠤ ᠲᠣᠭᠤᠷᠢᠭ ᠵᠢᠴᠢ ᠮᠡᠰᠡ ᠵᠠᠰᠠᠯ ᠤᠨ | ᠲᠠᠰᠤᠭ ᠵᠡᠷᠭᠡ ᠭᠠᠵᠠᠷ ᠲᠤ ᠡᠮᠴᠢ ᠰᠤᠪᠢᠯᠠᠭᠴᠢᠳ ᠨᠠᠷ 24 ᠴᠠᠭ ᠢᠶᠠᠷ ᠵᠢᠵᠢᠬᠦᠷᠯᠡᠨ ᠠᠵᠢᠯᠯᠠᠵᠦ ᠪᠠᠶᠢᠳᠠᠭ᠂ | ᠳᠤᠳᠤᠷ ᠰᠠᠯᠠᠭᠠᠨ ᠤ ᠡᠪᠡᠳᠴᠢᠳᠡᠨ ᠤ ᠦᠷᠦᠭᠡᠨ ᠤ ᠲᠤᠭᠤᠷᠢᠭ ᠲᠤ ᠵᠠᠷᠢᠮ ᠡᠮᠴᠢ ᠰᠤᠪᠢᠯᠠᠭᠴᠢᠳ ᠰᠢᠩᠭᠡᠨ | ᠶᠡᠭᠦᠯᠡᠬᠦ ᠯᠣᠩᠬᠤ ᠪᠠᠷᠢᠵᠤ ᠨᠠᠰᠢ ᠴᠠᠰᠢ ᠶᠠᠭᠠᠷᠠᠯᠳᠤᠨ ᠬᠦᠶᠦᠯᠴᠡᠵᠦ᠂ ᠵᠠᠷᠢᠮ ᠨᠢ ᠡᠪᠡᠳᠴᠢᠲᠡᠨ ᠳᠤ ᠡᠮᠨᠡᠯᠭᠡ ᠳᠤ | ᠰᠠᠭᠤᠬᠤ ᠡᠮᠨᠡᠯᠭᠡ ᠠᠴᠠ ᠭᠠᠷᠬᠤ ᠭᠠᠷ ᠭᠦᠢᠴᠡᠳᠬᠡᠯ ᠬᠢᠵᠦ ᠶᠠᠭᠠᠷᠠᠯᠳᠤᠨ᠎ᠠ᠃ | ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠡᠷᠬᠢᠯᠡᠭᠴᠢ ᠵᠠᠩ ᠰᠢᠦᠸᠡᠢ ᠮᠧᠢ | ᠡᠪᠦᠯ ᠤᠨ ᠤᠯᠠᠷᠢᠯ ᠪᠤᠯ ᠠᠮᠢᠰᠬᠤᠯ ᠤᠨ ᠵᠠᠮ ᠪᠤᠯᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠣᠯᠠᠨ | ᠡᠭᠦᠰᠬᠦ ᠬᠤᠭᠤᠴᠠᠭ᠎ᠠ ᠪᠣᠯᠤᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ ᠣᠯᠠᠨ ᠢᠶᠠᠷ ᠢᠶᠠᠨ ᠠᠵᠢᠯᠯᠠᠵᠤ ᠠᠮᠠᠷᠠᠬᠤ | ᠪᠠᠨ ᠠᠩᠬᠠᠷᠬᠤ ᠦᠭᠡᠢ᠂ ᠴᠤᠭᠯᠠᠭᠠᠨ ᠣᠯᠠᠰᠢᠷᠠᠵᠤ᠂ ᠭᠡᠳᠦᠷᠡᠳᠡᠯ᠎ᠡ ᠢᠳᠡᠵᠦ ᠤᠤᠭᠤᠬᠤ ᠪᠠᠶᠢᠳᠠᠯ ᠦᠷᠭᠦᠯᠵᠢ | ᠬᠠᠷᠠᠭᠳᠠᠳᠠᠭ᠂ ᠡᠶᠢᠮᠦ ᠠᠴᠠ ᠲᠦᠷᠭᠡᠨ ᠴᠢᠨᠠᠷᠲᠠᠢ ᠵᠢᠷᠦᠬᠡᠨ ᠪᠤᠯᠴᠢᠩ ᠤᠨ ᠲᠦᠭᠵᠢᠷᠡᠯ᠂ ᠲᠠᠷᠢᠬᠢᠨ ᠳᠤ ᠴᠢᠰᠦ | ᠬᠠᠷᠪᠤᠬᠤ ᠵᠡᠷᠭᠡ ᠡᠪᠡᠳᠴᠢᠲᠡᠨ ᠤᠯᠠᠰᠢᠷᠠᠵᠦ ᠪᠠᠶᠢᠨ᠎ᠠ᠃ ᠪᠠᠶᠠᠷ ᠤᠨ ᠡᠳᠦᠷ ᠤᠨ ᠬᠤᠭᠤᠴᠠᠭᠠᠨ ᠳᠤ ᠣᠯᠠᠨ | ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠠᠵᠢᠯ ᠤᠨ ᠪᠠᠶᠢᠷᠢ ᠪᠠᠨ ᠪᠠᠲᠤ ᠰᠠᠬᠢᠬᠤ ᠨᠢ ᠪᠢᠳᠡᠨ ᠳᠤ ᠠᠪᠴᠤ ᠬᠡᠯᠡᠪᠡᠯ ᠶᠡᠷᠦ ᠶᠢᠨ ᠶᠠᠪᠤᠳᠠᠯ ᠪᠤᠯᠴᠢᠬᠠᠵᠠᠢ᠃ | ᠡᠪᠡᠳᠴᠢᠲᠡᠨ ᠤ ᠡᠷᠡᠭᠦᠯ ᠮᠡᠨᠳᠦ ᠶᠢ ᠬᠠᠮᠠᠭᠠᠯᠠᠬᠤ ᠪᠣᠯ ᠪᠢᠳᠡᠨ ᠤ ᠡᠭᠦᠷᠭᠡ ᠮᠥᠨ᠂ ᠡᠪᠡᠳᠴᠢᠲᠡᠨ ᠢ ᠡᠷᠲᠡᠬᠡᠨ | ᠡᠷᠡᠭᠦᠯᠵᠢᠭᠦᠯᠬᠦ ᠶᠢᠨ ᠲᠥᠯᠥᠭᠡ᠂ ᠴᠠᠭᠠᠨ ᠰᠠᠷ᠎ᠠ ᠶᠢᠨ ᠬᠤᠭᠤᠴᠠᠭᠠᠨ ᠳᠤ ᠪᠢᠳᠡ 24 ᠴᠠᠭ ᠢᠶᠠᠷ ᠡᠭᠡᠯᠵᠢᠯᠡᠨ | ᠵᠢᠵᠢᠭᠦᠷᠯᠡᠵᠦ ᠪᠠᠶᠢᠨ᠎ᠠ᠃ | ᠵᠢᠯ ᠴᠠᠭᠠᠨ ᠰᠠᠷ᠎ᠠ ᠪᠠᠷ ᠠᠷᠦ ᠭᠡᠷ ᠲᠡᠭᠡᠨ ᠬᠠᠷᠢᠵᠦ ᠭᠡᠷ ᠤᠨ ᠬᠦᠮᠦᠰ ᠲᠠᠢ ᠪᠠᠨ ᠰᠢᠨᠡᠯᠡᠬᠦ ᠨᠢ ᠬᠦᠮᠦᠨ | ᠪᠦᠬᠦᠨ ᠤ ᠬᠦᠰᠡᠯ ᠲᠡᠮᠡᠤᠯᠡᠯ ᠪᠢᠯᠡ᠃ ᠭᠡᠬᠦ ᠳᠤ ᠡᠮᠴᠢ ᠰᠤᠪᠢᠯᠠᠭᠴᠢᠳ ᠵᠡᠷᠭᠡ ᠤᠨᠴᠠᠭᠠᠢ ᠠᠵᠢᠯ ᠤᠨ ᠪᠠᠶᠢᠷᠢᠨ | ᠳᠡᠭᠡᠷ᠎ᠡ ᠠᠵᠢᠯᠯᠠᠵᠦ ᠪᠠᠶᠢᠭ᠎ᠠ ᠬᠦᠮᠦᠰ ᠠᠵᠢᠯ ᠤᠨ ᠱᠠᠭᠠᠷᠳᠠᠯᠭ᠎ᠠ ᠠᠴᠠ ᠪᠤᠯᠵᠦ ᠡᠨᠡᠬᠦ ᠬᠦᠰᠡᠯ ᠪᠡᠶᠡᠯᠡᠭᠳᠡᠳᠡᠭ ᠨᠢ | ᠴᠦᠭᠡᠨ ᠪᠠᠶᠢᠳᠠᠭ᠂ ᠴᠠᠭᠠᠨ ᠰᠠᠷ᠎ᠠ ᠶᠢᠨ ᠬᠤᠭᠤᠴᠠᠭᠠᠨ ᠳᠤ ᠳᠡᠳᠡ ᠵᠢᠷ ᠤᠨ ᠠᠵᠢᠯ ᠤᠨ ᠪᠠᠶᠢᠷᠢᠨ ᠳᠡᠭᠡᠷ᠎ᠡ ᠪᠠᠨ | ᠵᠢᠷ ᠤᠨ ᠪᠤᠰᠤ ᠵᠢᠳᠬᠦᠯ ᠴᠢᠷᠮᠠᠶᠢᠯᠭ᠎ᠠ ᠭᠠᠷᠭᠠᠵᠦ᠂ ᠠᠷᠠᠳ ᠤᠯᠠᠨ ᠤ ᠡᠷᠡᠬᠦᠯ ᠡᠩᠭᠡ ᠶᠢ ᠪᠠᠳᠤᠯᠠᠳᠠᠭ ᠪᠠᠶᠢᠨ᠎ᠠ᠃ | ᠲᠡᠳᠡᠨ ᠤ ᠶᠠᠭᠠᠷᠠᠯᠲᠠᠢ ᠪᠠᠶᠢᠳᠠᠯ ᠨᠢ ᠪᠠᠶᠠᠷ ᠤᠨ ᠡᠳᠦᠷ ᠤᠨ ᠬᠠᠮᠤᠭ ᠤᠨ ᠬᠠᠯᠠᠭᠤᠨ ᠲᠤᠯᠠᠭᠠᠨ᠂ ᠬᠠᠮᠤᠭ ᠤᠨ | ᠰᠡᠳᠬᠢᠯ ᠬᠥᠳᠡᠯᠭᠡᠮ᠎ᠡ ᠦᠵᠡᠮᠵᠢ ᠪᠤᠯᠤᠭᠰᠠᠨ ᠪᠠᠶᠢᠨ᠎ᠠ᠃ |