ᠴᠡᠷᠢᠭ ᠠᠷᠠᠳ ᠴᠠᠭᠠᠨ ᠰᠠᠷ᠎ᠠ ᠪᠠᠨ ᠬᠠᠮᠲᠦ ᠪᠠᠷ ᠤᠭᠳᠤᠬᠤ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2025/2/24
     ᠴᠡᠷᠢᠭ ᠠᠩᠭᠢ ᠪᠠ ᠣᠷᠣᠨ ᠨᠤᠲᠤᠭ ᠤᠨ ᠰᠣᠶᠣᠯ ᠤᠨ ᠠᠭᠤᠰᠤᠯᠴᠠᠯ ᠢ ᠬᠦᠭᠵᠢᠬᠦᠯᠦᠨ᠂ ᠴᠡᠷᠢᠭ ᠤᠨ ᠬᠤᠸᠠᠷᠠᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠴᠡᠷᠢᠭ ᠠᠷᠠᠳ ᠤᠨ ᠵᠢᠭᠠᠰᠤ ᠤᠰᠤᠨ ᠤ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠴᠠᠭᠠᠨ ᠰᠠᠷ᠎ᠠ ᠶᠢᠨ ᠬᠤᠭᠤᠴᠠᠭᠠᠨ ᠳᠤ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠪᠣᠯᠤᠨ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠤᠷᠠᠨ ᠪᠢᠴᠢᠯᠭᠡ ᠶᠢᠨ ᠪᠠᠭᠰᠢ ᠨᠠᠷ ᠴᠡᠷᠢᠭ ᠤᠨ ᠬᠤᠸᠠᠷᠠᠨ ᠳᠤ ᠭᠦᠨᠵᠡᠭᠡᠶᠢᠷᠡᠵᠦ᠂ ᠡᠬᠡ ᠤᠯᠤᠰ ᠤᠨ ᠬᠢᠯᠢ ᠬᠢᠵᠠᠭᠠᠷ ᠢ ᠪᠠᠲᠤ ᠰᠠᠬᠢᠵᠤ ᠪᠠᠶᠢᠭ᠎ᠠ ᠳᠠᠷᠤᠭ᠎ᠠ ᠪᠠᠶᠢᠯᠳᠤᠭᠴᠢᠳ ᠲᠤ ᠰᠢᠨ᠎ᠡ ᠵᠢᠯ ᠤᠨ ᠮᠡᠨᠳᠦᠴᠢᠯᠡᠯ ᠬᠦᠷᠭᠡᠨ᠂ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠨᠥᠬᠦᠷᠯᠡᠯ ᠢ ᠤᠯᠠᠮ ᠨᠢᠭᠡ ᠠᠯᠬᠤᠮ ᠨᠢᠭᠳᠠᠷᠠᠭᠤᠯᠤᠭᠰᠠᠨ ᠪᠠᠶᠢᠨ᠎ᠠ᠃      ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠪᠣᠯᠤᠨ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠤᠷᠠᠨ ᠪᠢᠴᠢᠯᠭᠡ ᠶᠢᠨ ᠪᠠᠭᠰᠢ ᠨᠠᠷ ᠳᠠᠷᠤᠭ᠎ᠠ ᠪᠠᠶᠢᠯᠳᠤᠭᠴᠢᠳ ᠤᠨ ᠳᠠᠭᠠᠭᠤᠯᠭ᠎ᠠ ᠳᠣᠣᠷ᠎ᠠ ᠴᠡᠷᠢᠭ ᠤᠨ ᠬᠤᠸᠠᠷᠠᠨ ᠢ ᠲᠣᠭᠤᠷᠢᠨ ᠦᠵᠡᠵᠦ᠂ ᠴᠡᠪᠡᠷ ᠴᠡᠮᠴᠡᠭᠡᠷ ᠴᠡᠷᠢᠭ ᠤᠨ ᠬᠤᠸᠠᠷᠠᠨ ᠵᠢᠴᠢ ᠢᠷᠠᠭᠤ ᠠᠯᠳᠠᠷ ᠤᠨ ᠪᠤᠯᠤᠩ ᠠᠴᠠ ᠴᠡᠷᠢᠭ ᠠᠩᠭᠢ ᠶᠢᠨ ᠲᠦᠪ ᠴᠢᠩᠭ᠎ᠠ ᠰᠤᠷᠲᠠᠯ᠂ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠵᠦ᠂ ᠴᠡᠷᠢᠭ ᠬᠥᠮᠦᠨ ᠤ ᠰᠠᠬᠢᠯᠭ᠎ᠠ ᠪᠠᠳᠤ ᠪᠠ ᠬᠠᠨᠳᠢᠪᠯᠠᠬᠤ ᠵᠤᠷᠢᠭ ᠰᠠᠨᠠᠭᠠᠨ ᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠪᠠ᠃      ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠤᠷᠠᠨ ᠪᠢᠴᠢᠯᠭᠡ ᠶᠢᠨ ᠪᠠᠭᠰᠢ ᠨᠠᠷ ᠳᠠᠷᠤᠭ᠎ᠠ ᠪᠠᠶᠢᠯᠳᠤᠭᠴᠢᠳ ᠲᠠᠢ ᠬᠠᠮᠲᠦ ᠪᠠᠷ ᠵᠢᠯ ᠴᠠᠭᠠᠨ ᠰᠠᠷ᠎ᠠ ᠶᠢᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠬᠤᠤᠰ ᠤᠶᠠᠩᠭ᠎ᠠ ᠶᠢᠨ ᠬᠡᠯᠪᠡᠷᠢ ᠪᠠᠷ ᠪᠢᠴᠢᠭᠯᠡᠨ᠂ ᠪᠠᠶᠠᠷ ᠲᠤᠷᠠᠰᠬᠠᠯ ᠤᠨ ᠡᠳᠦᠷ ᠢᠶᠠᠨ ᠵᠢᠷᠤᠭᠯᠠᠨ ᠳᠡᠮᠳᠡᠭᠯᠡᠵᠦ᠂ ᠴᠡᠷᠢᠭ  ᠤᠨ ᠬᠤᠸᠠᠷᠠᠨ ᠤ ᠪᠠᠶᠠᠷ ᠲᠤᠷᠠᠰᠬᠠᠯ ᠤᠨ ᠡᠳᠦᠷ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠴᠡᠷᠢᠭ ᠪᠠᠶᠢᠯᠳᠤᠭᠴᠢᠳ ᠲᠤ ᠨᠤᠲᠤᠭ ᠤᠰᠤᠨ ᠤ ᠬᠠᠶᠢᠷ᠎ᠠ ᠬᠠᠯᠠᠮᠵᠢ ᠶᠢ ᠭᠦᠢᠴᠡᠳ ᠬᠦᠷᠳᠡᠭᠡᠭᠰᠡᠨ ᠪᠠᠶᠢᠨ᠎ᠠ᠃      ᠠᠵᠢᠯᠯᠠᠭᠠᠨ ᠤ ᠠᠬᠤᠢ ᠲᠠᠯᠠᠪᠠᠢ ᠳᠤ᠂ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠠᠴᠠ ᠳᠠᠷᠤᠭ᠎ᠠ ᠪᠠᠶᠢᠯᠳᠤᠭᠴᠢᠳ ᠲᠤ ᠲᠠᠭᠤᠤ ᠬᠦᠭᠵᠢᠮ ᠤᠨ ᠪᠡᠯᠡᠭ ᠪᠠᠷᠢᠵᠦ᠂ ᠰᠢᠨ᠎ᠡ ᠵᠢᠯ ᠴᠠᠭᠠᠨ ᠰᠠᠷ᠎ᠠ ᠳᠠᠭᠠᠨ ᠪᠠᠶᠠᠷ ᠬᠦᠷ ᠲᠠᠢ ᠰᠠᠶᠢᠨ ᠰᠠᠶᠢᠬᠠᠨ ᠰᠢᠨᠡᠯᠡᠬᠦ ᠶᠢ ᠨᠢ ᠢᠷᠦᠭᠡᠨ ᠵᠦᠩᠨᠡᠵᠦ᠂ ᠤᠶᠠᠩᠭ᠎ᠠ ᠲᠠᠭᠤᠤ᠂ ᠤᠷᠠᠨ ᠪᠦᠵᠢᠭ᠂ ᠬᠤᠭᠤᠷ ᠬᠦᠭᠵᠢᠮ ᠤᠨ ᠰᠤᠳᠤᠨ ᠰᠠᠶᠢᠬᠠᠨ ᠲᠤᠭᠯᠠᠯᠳᠠ ᠪᠠᠷ ᠢᠶᠠᠨ ᠳᠠᠷᠤᠭ᠎ᠠ ᠪᠠᠶᠢᠯᠳᠤᠭᠴᠢᠳ ᠤᠨ ᠬᠠᠷᠠᠭ᠎ᠠ ᠰᠤᠨᠤᠷ ᠢ ᠪᠠᠶᠠᠰᠬᠠᠨ ᠠᠵᠢᠯ ᠤᠨ ᠴᠢᠯᠡᠭᠡ ᠶᠢ ᠨᠢ ᠲᠠᠶᠢᠯᠠᠨ᠂ ᠠᠬᠤᠢ ᠲᠠᠯᠠᠪᠠᠢ ᠶᠢᠨ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠠᠶᠢᠯ᠎ᠠ᠃      ᠲᠤᠰ ᠤᠳᠠᠭᠠᠨ ᠤ ᠠᠵᠢᠯᠯᠠᠭ᠎ᠠ ᠨᠢ ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠢ ᠬᠠᠷᠢ ᠨᠤᠲᠤᠭ ᠲᠤ ᠪᠠᠰᠠ ᠰᠢᠨᠡᠯᠡᠬᠦ ᠠᠭᠤᠷ ᠠᠮᠢᠰᠬᠤᠯ ᠪᠣᠯᠤᠨ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠴᠡᠷᠢᠭ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠩ ᠢᠯᠡᠬᠦᠤ ᠨᠢᠭᠳᠠᠷᠠᠭᠤᠯᠵᠦ᠂ ᠴᠡᠷᠢᠭ ᠠᠷᠠᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ ᠪᠠᠶᠢᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠦᠨ ᠬᠦᠭᠵᠢᠬᠦᠯᠪᠡ᠃ ᠰᠢᠨ᠎ᠡ ᠨᠢᠭᠡᠨ ᠵᠢᠯ ᠳᠤ᠂ ᠴᠡᠷᠢᠭ ᠠᠷᠠᠳ ᠭᠠᠷ ᠭᠠᠷ ᠢᠶᠠᠨ ᠬᠥᠲᠥᠯᠥᠯᠴᠡᠨ ᠡᠬᠡ ᠤᠯᠤᠰ ᠤᠨ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠨᠢ ᠯᠠᠪᠲᠠᠢ ᠭᠡᠳᠡᠭ ᠢ ᠢᠲᠡᠭᠡᠵᠦ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号