ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠠᠷᠭ᠎ᠠ ᠵᠠᠮ ᠢ | ᠢᠳᠡᠪᠬᠢᠲᠡᠶ ᠰᠦᠪᠡᠭᠴᠢᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠢ ᠳᠤᠬᠢᠶᠠᠯᠳᠤᠭᠤᠯᠤᠨ᠂ ᠪᠥᠬᠦ | ᠪᠥᠮᠪᠥᠷᠴᠡᠭ ᠤᠨ ᠪᠢᠯᠧᠲ ᠤᠨ ᠣᠷᠣᠯᠭ᠎ᠠ ᠶᠢᠨ ᠨᠡᠷᠡᠰ ᠤᠨ ᠵᠢᠭᠰᠠᠭᠠᠯᠲᠠ ᠳᠤ 8 ᠳ᠋ᠤᠭᠠᠷ ᠲᠤ ᠵᠢᠭᠰᠠᠭᠠᠭᠳᠠᠭᠰᠠᠨ | ᠺᠠᠷᠲ᠋ᠣᠨ ᠺᠢᠨᠣ᠋ ︽ᠤᠪᠠᠳᠢᠰᠤᠳᠤ ᠬᠡᠦᠬᠡᠳ — ᠨᠧ ᠵᠠ︾ ᠶᠢ ᠰᠤᠷᠤᠭᠴᠢᠳ ᠲᠤ ᠪᠠᠨ ᠰᠤᠨᠢᠷᠬᠠᠭᠤᠯᠵᠤ᠂ | ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢᠶᠠᠨ ᠪᠠᠶᠠᠷᠳᠠᠢ ᠡᠬᠢᠯᠡᠬᠦᠯᠦᠯ᠎ᠡ᠃ | ᠠᠵᠢᠯᠯᠠᠭᠠᠨ ᠤ ᠲᠤᠬᠠᠶ ᠶᠢᠨ ᠡᠳᠦᠷ᠂ ᠰᠤᠷᠤᠭᠴᠢᠳ ᠺᠢᠨᠣ᠋ ᠲᠢᠶᠠᠲᠷ ᠲᠤ ᠡᠮᠬᠢ ᠵᠢᠷᠤᠮ ᠲᠠᠢ ᠪᠠᠷ ᠮᠦᠷᠯᠡᠨ | ᠣᠷᠣᠵᠤ᠂ ᠤᠷᠴᠢᠮ ᠤᠨ ᠬᠠᠯᠠᠮᠰᠢᠯ ᠪᠤᠯᠵᠤ᠂ ᠦᠵᠡᠭᠴᠢᠳ ᠤᠨ ᠬᠦᠷᠢᠶᠡᠯᠡᠯ ᠢ ᠤᠯᠵᠤ ᠪᠠᠶᠢᠭ᠎ᠠ ᠺᠠᠷᠲ᠋ᠣᠨ ᠺᠢᠨᠤ᠋ ᠶᠢ | ᠬᠠᠮᠳᠤ ᠪᠠᠷ ᠰᠤᠨᠢᠷᠬᠠᠪᠠ᠃ | ᠬᠤᠶᠠᠳᠤᠭᠠᠷ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠨᠢᠭᠡᠳᠦᠭᠡᠷ ᠠᠩᠭᠢ ᠶᠢᠨ ᠯᠢ ᠽᠢ ᠰᠢᠤᠸᠠᠨ ︵ | ᠪᠢ ᠬᠦᠴᠢᠷ ᠪᠡᠷᠬᠡᠰᠢᠶᠡᠯ ᠳᠤ ᠵᠣᠷᠢᠭᠲᠠᠶ ᠬᠠᠨᠳᠤᠵᠤ᠂ ᠶᠠᠮᠠᠷ ᠤᠴᠢᠷ ᠲᠤᠯᠭᠠᠷᠠᠭᠰᠠᠨ ᠴᠤ ᠠᠶᠤᠬᠤ ᠥᠬᠡᠶ᠂ | ᠬᠤᠵᠢᠮ ᠰᠤᠷᠤᠯᠭ᠎ᠠ ᠠᠮᠢᠳᠤᠷᠠᠯ ᠤᠨ ᠲᠠᠯ᠎ᠠ ᠪᠠᠷ ᠬᠦᠴᠢᠷ ᠠᠰᠠᠭᠤᠳᠠᠯ ᠳᠤ ᠲᠤᠯᠭᠠᠷᠠᠭᠰᠠᠨ ᠴᠤ ᠨᠧ ᠵᠠ ᠰᠢᠭ᠋ | ᠵᠣᠷᠢᠭᠲᠠᠶ ᠰᠢᠢᠳᠪᠦᠷᠢ ᠭᠠᠷᠭᠠᠬᠤ ᠬᠡᠷᠡᠭᠲᠡᠶ ᠬᠡᠵᠦ ᠪᠤᠳᠤᠵᠤ ᠪᠠᠶᠢᠨ᠎ᠠ᠃︶ | ᠬᠤᠶᠠᠳᠤᠭᠠᠷ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠬᠤᠶᠠᠳᠤᠭᠠᠷ ᠠᠩᠭᠢ ᠰᠢᠤᠢ ᠽᠢ ᠬᠠᠨ ︵ | ᠬᠦᠴᠢᠷ ᠪᠡᠷᠬᠡᠰᠢᠶᠡᠯ ᠤᠨ ᠡᠮᠦᠨ᠎ᠡ ᠠᠶᠤᠬᠤ ᠬᠡᠷᠡᠭ ᠦᠬᠡᠢ᠂ ᠡᠷᠡᠯᠬᠡᠭ ᠢᠶᠠᠷ ᠳᠡᠮᠡᠴᠡᠪᠡᠯ ᠠᠷᠭ᠎ᠠ ᠨᠢ ᠤᠯᠳᠠᠨ᠎ᠠ᠃ | ᠭᠡᠷ ᠤᠨ ᠬᠥᠮᠦᠰ ᠪᠠ ᠨᠠᠶᠢᠵᠠ ᠳᠠᠭᠠᠨ ᠦᠨᠡᠨᠴᠢ ᠪᠠᠶᠢᠬᠤ ᠬᠡᠷᠡᠭᠲᠡᠶ᠂ ᠬᠡᠵᠢᠶ᠎ᠡ ᠴᠦ ᠰᠠᠯᠵᠤ ᠪᠣᠯᠬᠤ ᠦᠭᠡᠢ ᠬᠡᠳᠡᠭ ᠢ | ᠤᠶᠢᠯᠠᠭᠠᠯ᠎ᠠ᠃ ᠮᠦᠨᠴᠦ ᠬᠠᠷᠢᠭᠤᠴᠠᠯᠭ᠎ᠠ ᠶᠢᠨ ᠴᠢᠬᠤᠯᠠ ᠴᠢᠨᠠᠷ ᠢ ᠣᠶᠢᠯᠠᠭᠠᠯ᠎ᠠ᠂ ᠬᠡᠳᠦᠶ ᠬᠦᠴᠢᠷ ᠪᠠᠶᠢᠭᠰᠠᠨ ᠴᠤ | ᠮᠥᠨ ᠨᠧ ᠵᠠ ᠲᠠᠢ ᠠᠳᠠᠯᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃︶ | ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠦᠪᠡᠷᠮᠢᠴᠡ ᠤᠨᠴᠠᠯᠢᠭ ᠲᠠᠢ ᠠᠩᠬᠠᠨ ᠤ ᠬᠢᠴᠢᠶᠡᠯ ᠺᠢᠨᠣ᠋ | ᠲᠢᠶᠠᠲᠷ ᠲᠤ ᠶᠠᠪᠤᠭᠳᠠᠪᠠ᠃ ᠪᠠᠭᠰᠢ ᠨᠠᠷ ᠺᠢᠨᠣ᠋ ᠶᠢᠨ ᠦᠢᠯᠡ ᠪᠠᠶᠢᠳᠠᠯ ᠢᠶᠠᠷ ᠰᠦᠪᠡᠭᠴᠢ ᠪᠣᠯᠭᠠᠵᠤ᠂ ᠰᠤᠷᠤᠭᠴᠢᠳ | ᠲᠤ ᠰᠥᠰᠥ ᠵᠣᠷᠢᠭ᠂ ᠬᠠᠷᠢᠭᠤᠴᠠᠯᠭ᠎ᠠ ᠪᠠ ᠡᠭᠦᠷᠭᠡᠯᠡᠯ ᠵᠡᠷᠭᠡ ᠭᠤᠤᠯᠯᠠᠬᠤ ᠥᠷᠲᠡᠭ ᠤᠨ ᠦᠵᠡᠯᠲᠡ ᠶᠢ | ᠤᠶᠢᠯᠠᠭᠠᠭᠤᠯᠤᠨ᠂ ᠰᠤᠷᠤᠭᠴᠢᠳ ᠺᠢᠨᠤ᠋ ᠦᠵᠡᠭᠰᠡᠨ ᠲᠦᠷᠦᠭᠳᠡᠯ ᠪᠠᠨ ᠦᠪᠡᠷ ᠤᠨ ᠪᠠᠶᠢᠳᠠᠯ ᠲᠠᠢ ᠪᠠᠨ | ᠤᠶᠠᠯᠳᠤᠭᠤᠯᠤᠨ ᠢᠳᠡᠪᠬᠢᠳᠡᠢ ᠬᠤᠪᠢᠶᠠᠯᠴᠠᠯ᠎ᠠ᠃ ᠡᠬᠦᠨ ᠤ ᠬᠠᠮᠳᠤ ᠰᠤᠷᠤᠭᠴᠢᠳ ᠬᠦᠴᠢᠷ ᠪᠡᠷᠬᠡᠰᠢᠶᠡᠯ ᠠᠴᠠ | ᠥᠴᠦᠬᠡᠨ ᠴᠦ ᠬᠠᠯᠠᠰᠢᠷᠠᠬᠤ ᠦᠬᠡᠢ᠂ ᠰᠤᠷᠤᠯᠭ᠎ᠠ ᠠᠮᠢᠳᠤᠷᠠᠯ ᠳᠤᠮᠳᠠ ᠪᠠᠨ ᠡᠷᠡᠯᠬᠡᠭᠯᠡᠨ ᠤᠷᠤᠭᠰᠢᠯᠠᠬᠤ | ᠵᠣᠷᠢᠭᠵᠢᠭᠤᠯᠤᠯ ᠤᠯᠤᠭᠰᠠᠨ ᠢᠶᠠᠷ ᠪᠠᠷᠠᠬᠤ ᠦᠬᠡᠢ ᠳᠤᠳᠤᠨᠤ ᠶᠢᠨ ᠬᠥᠮᠦᠰ ᠪᠣᠯᠤᠨ ᠨᠠᠶᠢᠵᠠ ᠪᠠᠨ ᠬᠠᠮᠠᠭᠠᠯᠠᠵᠤ | ᠪᠠᠶᠢᠬᠤ ᠨᠢ ᠬᠦᠮᠦᠨ ᠪᠦᠬᠦᠨ ᠤ ᠬᠠᠷᠢᠭᠤᠴᠠᠯᠭ᠎ᠠ ᠬᠡᠳᠡᠭ ᠢ ᠤᠶᠢᠯᠠᠭᠠᠵᠠᠢ ᠭᠡᠵᠡᠭᠡᠯ᠎ᠡ᠃ | ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠣᠭᠠᠨ ᠤ ᠪᠠᠭᠰᠢ᠂ ᠰᠤᠷᠭᠠᠭᠤᠯᠢ ᠶᠢᠨ ᠶᠣᠰᠣ | ᠰᠤᠷᠲᠠᠬᠤᠨ ᠤ ᠬᠥᠮᠦᠵᠢᠯ ᠤᠨ ᠡᠷᠬᠢᠯᠡᠭᠴᠢ ᠵᠢᠩ ᠰᠧ ︵ᠮᠠᠨ ᠤ ᠰᠤᠷᠭᠠᠭᠤᠯᠢ ᠡᠨᠡ ᠤᠳᠠᠭ᠎ᠠ ᠬᠡᠦᠬᠡᠳ ᠢ ᠵᠣᠬᠢᠶᠠᠨ | ᠪᠠᠶᠢᠭᠤᠯᠵᠤ ︽ᠨᠧ ᠵᠠ 2︾ ᠢ ᠰᠤᠨᠢᠷᠬᠠᠭᠤᠯᠵᠠᠢ᠂ ᠨᠢᠭᠡ ᠲᠠᠯ᠎ᠠ ᠪᠠᠷ ᠮᠠᠨ ᠤ ᠳᠤᠮᠳᠠᠳᠤ ᠤᠯᠤᠰ ᠤᠨ ᠥᠪᠡᠷ ᠤᠨ | ᠦᠢᠯᠡᠳᠦᠭᠰᠡᠨ ᠺᠢᠨᠣ᠋ ᠶᠢ ᠳᠡᠮᠵᠢᠵᠦ᠂ ᠨᠥᠭᠦᠭᠡ ᠲᠠᠯ᠎ᠠ ᠪᠠᠷ ᠬᠡᠦᠬᠡᠳ ᠲᠤ ᠰᠤᠷᠭᠠᠭᠤᠯᠢ ᠡᠬᠢᠯᠡᠭᠰᠡᠨ ᠠᠩᠬᠠᠨ ᠤ | ᠬᠢᠴᠢᠶᠡᠯ ᠢ ᠤᠨᠴᠠᠯᠢᠭ ᠲᠠᠢ ᠡᠬᠢᠯᠡᠬᠦᠯᠵᠦ ᠦᠭᠭᠦ ᠶᠢᠨ ᠲᠥᠯᠥᠭᠡ ᠶᠤᠮ᠃ ᠮᠠᠨ ᠤ ᠰᠤᠷᠤᠭᠴᠢᠳ ᠡᠷᠡᠯᠬᠡᠭ | ᠪᠠᠭᠠᠲᠤᠷᠯᠢᠭ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠡᠴᠦᠰ ᠲᠤᠨᠢ ᠲᠤᠯᠲᠠᠯ᠎ᠠ ᠪᠠᠷᠢᠮᠲᠠᠯᠠᠬᠤ ᠶᠢ ᠬᠦᠰᠡᠵᠦ | ᠪᠠᠶᠢᠨ᠎ᠠ᠃ ᠮᠥᠨ ᠴᠦ ᠬᠡᠦᠬᠡᠳ ᠤᠳ ᠤᠨ ᠦᠵᠡᠯᠲᠡ ᠪᠠᠨ ᠬᠤᠪᠢᠷᠠᠭᠤᠯᠵᠤ᠂ ᠬᠤᠪᠢ ᠵᠠᠶᠠᠭ᠎ᠠ ᠶᠢ ᠰᠥᠷᠴᠦ᠂ | ᠰᠤᠷᠤᠯᠴᠠᠯᠭ᠎ᠠ ᠶᠢᠨ ᠵᠠᠮ ᠳᠤ ᠪᠠᠨ ᠬᠡᠷᠡᠯ ᠰᠠᠴᠤᠷᠠᠩᠭᠤᠶ ᠠᠮᠵᠢᠯᠲᠠ ᠪᠠᠨ ᠡᠭᠦᠳᠬᠦ ᠶᠢ ᠬᠦᠰᠡᠵᠦ ᠪᠠᠶᠢᠨ᠎ᠠ᠃︶ | ᠲᠣᠰ ᠤᠳᠠᠭᠠᠨ ᠤ ᠠᠵᠢᠯᠯᠠᠭ᠎ᠠ ᠨᠢ᠂ ᠤᠯᠠᠮᠵᠢᠯᠠᠯᠲᠤ ᠬᠢᠴᠢᠶᠡᠯ ᠤᠨ ᠲᠠᠩᠬᠢᠮ ᠤᠨ ᠬᠢᠵᠠᠭᠠᠷᠯᠠᠯ ᠢ ᠡᠪᠳᠡᠵᠦ᠂ | ᠨᠠᠩ ᠠᠮᠢᠳᠤᠯᠢᠭ᠂ ᠰᠢᠭᠤᠳ ᠦᠵᠡᠭᠦᠯᠬᠦ ᠠᠷᠭ᠎ᠠ ᠮᠠᠶ᠋ᠢᠭ ᠢᠶᠠᠷ ᠰᠤᠷᠤᠭᠴᠢᠳ ᠤᠨ ᠰᠤᠷᠤᠯᠴᠠᠬᠤ ᠤᠷᠮ᠎ᠠ ᠶᠢ | ᠬᠥᠭᠵᠢᠭᠡᠵᠦ᠂ ᠰᠤᠷᠭᠠᠨ ᠬᠥᠮᠦᠵᠢᠯ ᠤᠨ ᠠᠭᠤᠯᠭ᠎ᠠ ᠶᠢ ᠰᠤᠷᠤᠭᠴᠢᠳ ᠲᠤ ᠨᠠᠩ ᠠᠮᠠᠷᠬᠠᠨ ᠭᠥᠯᠢᠶᠡᠨ ᠠᠪᠤᠭᠤᠯᠵᠤ᠂ | ᠡᠭᠦᠨ ᠤ ᠤᠯᠠᠮ ᠠᠴᠠ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠰᠤᠷᠤᠭᠴᠢᠳ ᠤᠨ ᠦᠰᠦᠨ ᠪᠤᠶᠢᠵᠢᠯᠲᠠ ᠪᠠ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ |