ᠣᠶᠢᠷ᠎ᠠ ᠳᠤ᠂ ᠨᠠᠮ ᠳᠤ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ — | ᠦᠷᠭᠡᠨᠳᠡᠯ᠎ᠡ ᠪᠠᠯᠭᠠᠰᠤᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠰᠢᠨ᠎ᠡ ᠵᠢᠯ ᠢᠶᠠᠨ ᠤᠭᠲᠤᠬᠤ | ᠠᠵᠢᠯᠯᠠᠭ᠎ᠠ ᠠᠮᠵᠢᠯᠳᠠᠳᠠᠢ ᠶᠠᠪᠤᠭᠳᠠᠵᠠᠢ᠃ | ᠡᠩ ᠲᠡᠷᠢᠬᠦᠨ ᠳᠤ᠂ ᠦᠨᠳᠦᠰᠦᠨ ᠱᠠᠲᠤᠨ ᠤ ᠺᠠᠳ᠋ᠷᠴᠤᠳ ᠨᠠᠰᠤᠳᠠᠨ ᠪᠤᠭᠤᠷᠤᠯ ᠢᠶᠠᠨ ᠬᠦᠨᠳᠦᠯᠡᠬᠦ | ᠠᠷᠢᠭᠤᠨ ᠨᠠᠨᠳᠢᠨ ᠶᠤᠰᠤ ᠵᠠᠩᠰᠢᠯ ᠢᠶᠠᠨ ᠳᠡᠭᠡᠳᠦᠯᠡᠨ᠂ ᠲᠤᠬᠠᠢ ᠶᠢᠨ ᠲᠠᠯᠠᠪᠠᠢ ᠳᠤ ᠬᠦᠷᠦᠯᠴᠡᠨ ᠢᠷᠡᠭᠰᠡᠨ ᠠᠬᠠᠮᠠᠳ | ᠳᠤᠮᠤᠭᠠᠳᠠᠨ᠂ ᠨᠠᠰᠤᠳᠠᠨ ᠪᠤᠭᠤᠷᠤᠯᠴᠤᠳ ᠲᠠᠢ ᠵᠤᠯᠭᠠᠵᠤ᠂ ᠰᠢᠨ᠎ᠡ ᠶᠢᠨ ᠮᠡᠨᠳᠦ᠂ ᠰᠠᠶᠢᠨ ᠰᠠᠶᠢᠬᠠᠨ ᠵᠦᠩᠨᠡᠯ | ᠳᠡᠪᠰᠢᠬᠦᠯᠦᠯᠡ᠃ ᠥᠷᠭᠡᠨᠲᠠᠯ᠎ᠠ ᠪᠠᠯᠭᠠᠰᠤᠨ ᠤ ᠬᠠᠷᠢᠭᠤᠴᠠᠯᠭᠠᠲᠠᠨ ᠬᠦᠷᠦᠯᠴᠡᠨ ᠢᠷᠡᠭᠰᠡᠨ ᠣᠯᠠᠨ ᠳᠤ ᠪᠠᠨ ᠰᠢᠨ᠎ᠡ | ᠵᠢᠯ ᠤᠨ ᠵᠥᠩᠨᠡᠯ ᠳᠡᠪᠰᠢᠭᠦᠯᠵᠦ᠂ ᠪᠥᠬᠦ ᠪᠠᠯᠭᠠᠰᠤᠨ ᠤ ᠺᠠᠳ᠋ᠷ᠂ ᠣᠯᠠᠨ ᠲᠦᠮᠡᠨ ᠦᠷᠭᠦᠯᠵᠢᠯᠡᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠢᠯᠣᠭᠤᠳᠣᠯᠭ᠎ᠠ ᠪᠣᠯᠭᠠᠵᠤ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ | ᠪᠦᠯᠬᠦᠮᠳᠡᠨ ᠲᠡᠮᠡᠴᠡᠵᠦ᠂ ᠴᠢᠨᠠᠷᠯᠢᠭ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ | ᠶᠢ ᠬᠦᠰᠡᠭᠰᠡᠨ ᠪᠠᠶᠢᠨ᠎ᠠ᠃ | ᠠᠵᠢᠯᠯᠠᠭ᠎ᠠ ᠳᠤᠮᠳᠠ᠂ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠬᠢᠨ ᠤᠶᠠᠩᠭ᠎ᠠ ᠳᠠᠭᠤᠤ ᠪᠠᠨ ᠡᠷᠬᠦᠵᠦ᠂ | ᠱᠠᠭ᠎ᠠ ᠳᠤᠭᠯᠠᠭᠠᠮ᠂ ᠵᠢᠷᠤᠭ ᠦᠵᠡᠵᠦ ᠵᠦᠢᠷ ᠰᠡᠴᠡᠨ ᠦᠬᠡ ᠲᠠᠭᠠᠬᠤ ᠵᠡᠷᠭᠡ ᠰᠤᠨᠢᠷᠬᠠᠯᠳᠤ ᠳᠤᠭᠯᠠᠭᠠᠮ | ᠦᠷᠨᠢᠬᠦᠯᠦᠨ᠂ ᠤᠯᠠᠮᠵᠢᠯᠠᠯᠳᠤ ᠰᠤᠶᠤᠯ ᠢᠶᠠᠨ ᠤᠯᠠᠮᠵᠢᠯᠠᠨ ᠪᠠᠳᠠᠷᠠᠭᠤᠯᠵᠤ᠂ ᠤᠯᠠᠨ ᠲᠦᠮᠡᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠤᠨ᠂ ᠢᠷᠡᠵᠦ ᠪᠤᠢ ᠰᠢᠨ᠎ᠡ ᠵᠢᠯ ᠢᠶᠠᠨ ᠪᠠᠶᠠᠷ ᠬᠦᠷ ᠲᠠᠢ ᠤᠭᠳᠤᠭᠰᠠᠨ ᠤ ᠬᠠᠮᠳᠤ | ᠤᠯᠠᠨ ᠲᠦᠮᠡᠨ ᠳᠤ ᠪᠠᠶᠠᠷ ᠪᠠᠶᠠᠰᠤᠯ ᠤᠨ ᠳᠤᠮᠳᠠ ᠠᠴᠠ ᠬᠠᠮᠳᠤ ᠶᠢᠨ ᠦᠵᠡᠯ ᠤᠬᠠᠮᠰᠠᠷ ᠢ ᠤᠯᠠᠮ ᠬᠦᠨᠵᠡᠭᠡᠢ | ᠮᠡᠳᠡᠷᠡᠬᠦᠯᠵᠦ᠂ ᠬᠠᠷᠢᠯᠴᠠᠭ᠎ᠠ ᠤᠶᠢᠯᠠᠭᠠᠯᠴᠠᠭ᠎ᠠ ᠶᠢ ᠨᠢ ᠨᠡᠮᠡᠭᠳᠡᠬᠦᠯᠵᠡᠢ᠃ | ᠠᠵᠢᠯᠯᠠᠭᠠᠨ ᠳᠤ ᠬᠤᠭᠤᠴᠠᠭᠠᠨ ᠳᠤ᠂ ᠥᠷᠭᠡᠨ ᠤᠯᠠᠨ ᠺᠠᠳ᠋ᠷ ᠤᠯᠠᠨ ᠲᠦᠮᠡᠨ ᠪᠤᠳᠤᠯ ᠰᠠᠨᠠᠯ ᠢᠶᠠᠨ | ᠠᠭᠤᠵᠢᠷᠠᠲᠠᠯ᠎ᠠ ᠶᠠᠷᠢᠯᠴᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠠᠬᠢ ᠪᠣᠳᠠᠲᠤ ᠠᠵᠢᠯᠯᠠᠭ᠎ᠠ | ᠪᠣᠯᠤᠨ ᠢᠯᠡᠳᠲᠡ ᠦᠷ᠎ᠡ ᠪᠦᠲᠦᠮᠵᠢ ᠪᠠᠨ ᠬᠤᠪᠢᠶᠠᠯᠴᠠᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ | ᠪᠦᠯᠬᠦᠮᠳᠡᠨ ᠨᠢᠭᠡᠳᠴᠦ᠂ ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠪᠡ᠃ | ᠤᠯᠠᠨ ᠢᠶᠠᠷ ᠢᠶᠠᠨ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠯᠠᠪᠳᠠᠭᠤᠨ ᠪᠠᠲᠤᠲᠠᠢ᠂ ᠡᠷᠡᠯᠬᠡᠭᠯᠡᠨ ᠤᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠡᠷᠬᠦᠨ᠎ᠡ ᠬᠡᠵᠦ ᠢᠯᠡᠷᠭᠡᠶᠢᠯᠡᠵᠡᠬᠡᠯ᠎ᠡ᠃ |