ᠬᠤᠷᠠᠯ ᠳᠤ᠂ ᠬᠤᠰᠢᠭᠤ ᠰᠤᠷᠭᠠᠨ ᠬᠥᠮᠦᠵᠢᠯ ᠤᠨ ᠳᠤᠪᠴᠢᠶᠠᠨ ᠤ ᠰᠣᠨᠢᠨ ᠮᠡᠳᠡᠭᠡᠨ ᠤ ᠥᠭᠦᠯᠡᠭᠴᠢ ᠠᠴᠠ | ᠣᠶᠢᠷ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠠᠵᠢᠯ ᠤᠨ ᠭᠤᠤᠯᠳᠠᠯᠭ᠎ᠠ ᠬᠢᠭᠡᠳ ᠦᠷ᠎ᠡ ᠪᠦᠲᠦᠭᠡᠯ ᠂ | 2025 ᠣᠨ ᠤ ᠠᠵᠢᠯ ᠤᠨ ᠲᠥᠯᠥᠪᠯᠡᠭᠡ ᠵᠡᠷᠭᠡ ᠬᠠᠮᠢᠶ᠎ᠠ ᠪᠦᠬᠦᠢ ᠪᠠᠶᠢᠳᠠᠯ ᠢ ᠮᠡᠳᠡᠭᠳᠡᠪᠡ᠃ | ᠬᠤᠷᠠᠯ ᠠᠴᠠ ᠤᠶᠢᠯᠠᠭᠠᠭᠰᠠᠨ ᠢᠶᠠᠷ᠂ 2025 ᠣᠨ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ | ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠰᠤᠷᠭᠠᠨ ᠬᠥᠮᠦᠵᠢᠯ ᠤᠨ ᠠᠵᠢᠯ ᠢ ᠥᠷᠭᠡᠨ | ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ | ᠦᠢᠯᠡᠳᠦᠯᠬᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ | ᠮᠡᠨᠳᠦ ᠪᠠ ᠪᠥᠬᠦ ᠲᠠᠯ᠎ᠠ ᠶᠢᠨ ᠬᠥᠭᠵᠢᠯᠲᠡ ᠶᠢ ᠪᠠᠲᠤᠯᠠᠵᠤ᠂ ᠪᠡᠶ᠎ᠡ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ | ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠢᠨᠠᠨ ᠪᠠᠶᠢᠴᠠᠭᠠᠬᠤ᠂ ᠰᠤᠷᠭᠠᠨ ᠬᠥᠮᠦᠵᠢᠭᠦᠯᠬᠦ᠂ | ᠬᠠᠮᠢᠶᠠᠷᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠡᠷᠡᠭᠦᠯ | ᠮᠡᠨᠳᠦ ᠶᠢᠨ ᠬᠥᠮᠦᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠤᠳᠤᠯᠤᠨ ᠰᠤᠷᠤᠯᠴᠠᠬᠤ ᠬᠠᠮᠢᠶᠠᠷᠤᠯᠲᠠ ᠶᠢᠨ | ᠲᠣᠭᠲᠠᠴᠠ ᠶᠢ ᠰᠢᠯᠢᠳᠡᠭᠵᠢᠬᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ | ᠠᠰᠢᠭ ᠬᠦᠷᠲᠡᠭᠡᠬᠦ ᠡᠭᠦᠳᠦᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠬᠠᠮᠢᠶᠠᠷᠤᠯᠲᠠ ᠶᠢ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠴᠢᠨᠠᠷ ᠰᠠᠶᠢᠲᠠᠶ | ᠲᠡᠩᠴᠡᠭᠦᠷᠢᠲᠡᠶ ᠬᠦᠭᠵᠢᠯᠳᠡ ᠶᠢ ᠠᠬᠢᠭᠤᠯᠵᠤ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ | ᠬᠤᠶᠠᠷ ᠢ ᠬᠦᠩᠭᠡᠷᠡᠬᠦᠯᠬᠦ︾ ᠦᠷ᠎ᠡ ᠪᠦᠲᠦᠮᠵᠢ ᠶᠢ ᠪᠠᠬᠢᠵᠢᠬᠦᠯᠵᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠬᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠰᠤᠷᠭᠠᠭᠤᠯᠢ ᠠᠵᠤ ᠠᠬᠤᠶᠢᠯᠠᠯ | ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠪᠠ ᠬᠢᠨᠠᠨ ᠲᠣᠭᠲᠠᠭᠠᠯᠲᠠ ᠶᠢ | ᠥᠷᠨᠢᠭᠦᠯᠦᠨ᠎ᠡ᠃ ᠡᠭᠦᠨ ᠠᠴᠠ ᠭᠠᠳᠠᠨ᠎ᠠ᠂ ᠪᠠᠰᠠ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠳᠠᠭᠠᠭᠠᠴᠢᠯᠠᠨ | ᠬᠤᠯᠪᠣᠭᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠳᠡᠭᠡᠭᠰᠢᠯᠡᠭᠦᠯᠬᠦ ᠲᠥᠰᠦᠯ ᠲᠣᠭᠲᠠᠭᠠᠵᠤ᠂ ᠨᠠᠷᠠᠲᠤ | ᠪᠠᠭᠰᠢ ᠪᠠ ᠠᠵᠢᠯ ᠵᠤᠯᠭᠠᠭᠤᠯᠬᠤ ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠤᠨ᠂ ᠵᠢᠭᠠᠨ ᠰᠤᠷᠭᠠᠯᠲᠠ ᠶᠢᠨ | ᠵᠢᠯᠣᠭᠤᠳᠣᠯᠭ᠎ᠠ ᠪᠠ ᠰᠤᠷᠭᠠᠭᠤᠯᠢ ᠬᠢᠨᠠᠬᠤ ᠠᠵᠢᠯ ᠢ ᠴᠢᠩᠭᠠᠳᠬᠠᠬᠤ ᠪᠤᠯᠤᠨ᠎ᠠ ᠬᠡᠵᠡᠢ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠤ᠂ ᠰᠣᠨᠢᠨ ᠮᠡᠳᠡᠭᠡᠨ ᠤ ᠥᠭᠦᠯᠡᠭᠴᠢ ᠪᠠᠰᠠ ᠰᠣᠨᠢᠨ ᠮᠡᠳᠡᠭᠡᠨ ᠤ | ᠵᠠᠭᠤᠴᠢᠯᠠᠭᠤᠷ ᠪᠣᠯᠤᠨ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠤᠬᠠᠶ ᠨᠠᠷᠢᠨ ᠲᠠᠶᠢᠯᠤᠮᠵᠢ ᠬᠢᠪᠠ᠃ | ᠬᠤᠰᠢᠭᠤ ᠬᠠᠮ ᠵᠠᠭᠤᠴᠢᠯᠠᠭᠤᠷ ᠤᠨ ᠲᠥᠪ᠂ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠬᠤᠰᠢᠭᠤ ᠠᠯᠪᠠᠨ ᠤ | ᠸᠢᠴᠠᠲ ᠲᠠᠪᠴᠠᠩ ᠵᠡᠷᠭᠡ ᠵᠠᠭᠤᠴᠢᠯᠠᠭᠤᠷ ᠤᠨ ᠬᠢᠨ ᠪᠠ ᠡᠯ᠎ᠡ ᠰᠤᠮᠤ ᠪᠠᠯᠭᠠᠰᠤᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃ |