ᠤᠶᠢᠷ᠎ᠠ ᠶᠢᠨ ᠡᠳᠦᠷ᠂ ᠪᠥᠬᠦ ᠬᠤᠰᠢᠭᠤᠨ ᠤ ᠨᠠᠮ ᠤᠨ ᠰᠤᠷᠭᠠᠭᠤᠯᠢ᠂ ᠣᠯᠠᠨ ᠲᠦᠮᠡᠨ ᠤ ᠪᠦᠯᠬᠦᠮ ᠤᠨ | ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ | ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ᠂ ᠣᠯᠠᠨ ᠲᠦᠮᠡᠨ ᠤ ᠪᠦᠯᠬᠦᠮ ᠤᠨ ᠠᠵᠢᠯ ᠤᠨ | ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠤᠤᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠤᠨ᠂ | 2024 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠬᠤ ᠶᠢᠨ ᠬᠠᠮᠲᠤ 2025 ᠣᠨ ᠤ ᠠᠵᠢᠯ ᠳᠤ | ᠪᠠᠶᠢᠷᠢᠯᠠᠭᠤᠯᠤᠯᠳᠠ ᠬᠢᠵᠡᠢ᠃ | ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠬᠤᠷᠠᠯ ᠳᠤ ᠴᠢᠬᠤᠯᠠᠴᠢᠯᠠᠭᠰᠠᠨ ᠨᠢ᠂ | ᠨᠠᠮ ᠤᠨ ᠰᠤᠷᠭᠠᠭᠤᠯᠢ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠤᠨ ︽ᠭᠤᠣᠯ ᠵᠢᠭᠰᠠᠭᠠᠯ ᠤᠨ ᠭᠠᠵᠠᠷ︾ ᠮᠥᠨ᠂ | ᠳᠠᠷᠠᠭᠠᠴᠢ ᠶᠢᠨ ᠠᠯᠬᠤᠮ ᠳᠤ᠂ ᠭᠤᠤᠯ ᠠᠵᠢᠯ ᠲᠠᠢ ᠨᠢᠭᠲᠠ ᠤᠶᠠᠯᠳᠤᠭᠤᠯᠤᠨ ᠶᠡᠭᠡ ᠲᠠᠯ᠎ᠠ ᠳᠤ ᠦᠢᠯᠡᠴᠢᠯᠡᠵᠦ᠂ | ᠨᠠᠮ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠪᠠ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠣᠨᠣᠯ ᠤᠨ | ᠪᠠᠶᠢᠭᠤᠯᠤᠯᠲᠠ ᠶᠢᠨ ᠴᠢᠬᠤᠯᠠ ᠡᠭᠦᠷᠭᠡ ᠶᠢ ᠡᠭᠦᠷᠭᠡᠯᠡᠨ᠂ ᠰᠤᠷᠭᠠᠭᠤᠯᠢ ᠶᠢ ᠴᠢᠩᠭ᠎ᠠ ᠵᠠᠰᠠᠬᠤ᠂ ᠰᠠᠬᠢᠯᠭ᠎ᠠ ᠪᠠᠲᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠠᠭᠰᠢ ᠶᠢᠨ ᠮᠣᠷᠠᠯ ᠰᠤᠷᠲᠠᠯ ᠤᠨ ᠬᠥᠮᠦᠵᠢᠯ ᠢ ᠴᠢᠩᠭᠠᠳᠬᠠᠵᠤ᠂ | ᠰᠤᠷᠲᠠᠯ ᠴᠢᠬᠡᠴᠢ ᠤᠯᠤᠰ ᠲᠥᠷᠥ ᠶᠢᠨ ᠠᠮᠢ ᠠᠬᠤᠶ ᠪᠠ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ | ᠲᠣᠭᠤᠷᠢᠨ ᠢ ᠪᠣᠶ ᠪᠣᠯᠭᠠᠬᠤ ᠬᠡᠷᠡᠭᠲᠡᠶ᠃ | ᠤᠯᠠᠨ ᠲᠦᠮᠡᠨ ᠤ ᠪᠦᠯᠬᠦᠮ ᠤᠨ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ | ᠮᠥᠨ᠂ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠠᠷᠠᠭᠠᠴᠢ ᠶᠢᠨ ᠠᠯᠬᠤᠮ ᠳᠤ ᠨᠠᠮ ᠤᠨ ᠤᠯᠠᠨ ᠲᠦᠮᠡᠨ ᠤ | ᠪᠦᠯᠬᠦᠮ ᠤᠨ ᠠᠵᠢᠯ ᠤᠨ ᠤᠯᠤᠰ ᠲᠦᠷᠦᠴᠢ ᠴᠢᠨᠠᠷ ᠢ ᠪᠠᠲᠤᠯᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ | ᠲᠦᠷᠦ ᠶᠢᠨ ᠪᠠᠶᠢᠭᠤᠯᠤᠯᠲᠠ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠲᠤᠰ ᠲᠤᠰ ᠤᠨ ᠬᠦᠷᠢᠶᠡᠨ ᠳᠠᠬᠢ | ᠤᠯᠠᠨ ᠲᠦᠮᠡᠨ ᠢ ᠬᠠᠮᠤᠭ ᠤᠨ ᠥᠷᠭᠡᠨ ᠬᠠᠮᠤᠭ ᠤᠨ ᠨᠢᠭᠲᠠ ᠪᠠᠷ ᠨᠠᠮ ᠤᠨ ᠲᠣᠭᠤᠷᠢᠨ ᠳᠤ ᠪᠦᠯᠬᠦᠮᠳᠡᠬᠦᠯᠦᠨ᠂ | ᠤᠯᠠᠨ ᠲᠦᠮᠡᠨ ᠤ ᠪᠦᠯᠬᠦᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠨᠢᠭᠲᠠᠷᠠᠭᠤᠯᠬᠤ ᠶᠢᠨ ᠬᠠᠮᠲᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ | ᠦᠨᠡᠨ ᠬᠦ ᠴᠢᠩᠭᠠᠳᠬᠠᠬᠤ ᠬᠡᠷᠡᠭᠲᠡᠢ ᠬᠡᠵᠡᠢ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠬᠤᠷᠠᠯ ᠡᠷᠭᠢᠯᠡᠬᠦ ᠶᠢᠨ ᠬᠠᠮᠲᠤ 2025 | ᠣᠨ ᠤ ᠣᠯᠠᠨ ᠲᠦᠮᠡᠨ ᠤ ᠪᠦᠯᠬᠦᠮ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ ᠲᠡᠷᠡ ᠵᠢᠭᠠᠭᠰᠠᠨ ᠨᠢ᠂ | ᠡᠯ᠎ᠡ ᠣᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠤᠨ ᠬᠢᠨ ᠭᠤᠤᠯ ᠱᠤᠭᠤᠮ ᠤᠨ ᠲᠣᠭᠤᠷᠢᠨ ᠳᠤ᠂ ︽ | ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠤᠶᠠᠯᠳᠤᠯ ᠤᠨ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠶ ᠣᠯᠵᠤ᠂ | ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ᠂ ᠤᠳᠬ᠎ᠠ ᠤᠷᠠᠯᠢᠭ ᠤᠨ | ᠠᠵᠢᠯᠲᠠᠨ ᠵᠡᠷᠭᠡ ᠬᠠᠮᠲᠤᠯᠢᠭ ᠢ ᠢᠳᠡᠪᠬᠢᠲᠡᠶ ᠬᠥᠮᠦᠵᠢᠭᠦᠯᠦᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠵᠤ ᠠᠬᠤᠶᠢᠯᠠᠯ ᠢ ᠳᠡᠮᠵᠢᠬᠦ | ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ᠃ ᠤᠯᠠᠨ ᠲᠦᠮᠡᠨ ᠤ ᠪᠦᠯᠬᠦᠮ ᠤᠨ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠤᠷᠲᠤᠳᠬᠠᠵᠤ᠂ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ | ᠦᠷᠭᠡᠳᠬᠡᠨ᠂ ᠵᠣᠬᠢᠶᠠᠨ ᠪᠠᠶᠢᠭᠤᠯᠤᠯᠲᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ | ᠴᠢᠩᠭᠠᠳᠬᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠬᠦ ᠪᠠᠷ ᠴᠢᠷᠮᠠᠶᠢᠬᠤ ᠬᠡᠷᠡᠭᠲᠡᠶ ᠬᠡᠵᠡᠢ᠃ | ᠬᠤᠷᠠᠯ ᠳᠤ᠂ ᠡᠯ᠎ᠡ ᠣᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠲᠠᠰ ᠳᠠᠷᠠᠭᠠᠯᠠᠨ 2025 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ |