ᠰᠠᠭᠤᠭᠠᠯᠢ ᠠᠷᠠᠳ᠄ ᠣᠯᠠᠨ ᠲᠦᠮᠡᠨ ᠤ ᠣᠷᠣᠰᠢᠭᠤᠯᠭ᠎ᠠ ᠶᠢᠨ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠵᠦ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ︽ᠬᠤᠲᠠ ᠬᠥᠳᠡᠭᠡ ᠶᠢᠨ | ᠣᠷᠣᠯᠭ᠎ᠠ ᠪᠠᠭᠠᠲᠠᠶ ᠬᠦᠴᠢᠷᠳᠡᠯᠲᠡᠶ ᠬᠠᠮᠲᠤᠯᠢᠭ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠵᠡᠷᠭᠡ | ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠵᠠᠷᠤᠳᠠᠯ ᠢ ᠬᠡᠯᠲᠦᠷᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ | ᠮᠡᠳᠡᠭᠳᠡᠯ︾ ︵ᠥᠪᠥᠷ ᠠᠷᠠᠳ ᠤᠨ ᠶᠠᠪᠤᠳᠠᠯ ᠨᠡᠶᠢᠭᠡᠮ ﹇2012﹈ 349 ᠳ᠋ᠦᠭᠡᠷ ᠲᠣᠭᠠᠲᠤ︶ ᠵᠢᠴᠢ ︽ | ᠰᠥᠨᠢᠳ ᠪᠠᠷᠠᠭᠤᠨ ᠬᠤᠰᠢᠭᠤᠨ ᠤ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠦᠴᠢᠷᠳᠡᠯᠲᠡᠶ ᠬᠠᠮᠲᠤᠯᠢᠭ᠂ | ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ | ᠵᠠᠷᠤᠳᠠᠯ ᠢ ᠬᠡᠯᠲᠦᠷᠢᠭᠦᠯᠬᠦ ᠲᠦᠷ ᠬᠡᠷᠡᠭᠵᠢᠭᠦᠯᠬᠦ ᠠᠷᠭ᠎ᠠ︾ ︵ᠵᠥᠪᠯᠡᠯᠲᠦ ᠪᠠᠷᠠᠭᠤᠨ ᠠᠷᠠᠳ ᠤᠨ ᠶᠠᠪᠤᠳᠠᠯ ᠥᠰᠥᠭ | ︹2013︺ 6 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ | ᠬᠤᠰᠢᠭᠤ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠬᠡᠷᠡᠭᠵᠢᠭᠦᠯᠪᠡ᠃ ᠡᠳᠦᠭᠡ 2013 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠲᠤᠰ ᠮᠡᠳᠡᠭᠳᠡᠯ ᠢ | ᠨᠡᠶᠢᠲᠡᠯᠡᠭᠰᠡᠨ ᠡᠳᠦᠷ ᠤᠨ ᠬᠤᠭᠤᠴᠠᠭᠠᠨ ᠳᠤ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ | ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠪᠣᠯᠪᠠᠴᠤ ᠲᠥᠷᠥ ᠶᠢᠨ ᠪᠣᠳᠣᠯᠭ᠎ᠠ ᠶᠢᠨ ᠣᠯᠭᠤᠮᠵᠢ ᠦᠯᠦ ᠬᠦᠷᠦᠭᠡᠳᠦᠶ | ᠰᠠᠭᠤᠭᠠᠯᠢ ᠠᠷᠠᠳ ᠲᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠠᠵᠢᠯ ᠢ ᠥᠷᠨᠢᠭᠦᠯᠬᠦ ᠪᠠᠷ ᠪᠠᠶᠢᠨ᠎ᠠ᠃ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠵᠢᠴᠢ ᠪᠠᠷᠢᠮᠵᠢᠶ᠎ᠠ ᠶᠢᠨ ᠨᠥᠬᠦᠪᠥᠷᠢ ᠣᠯᠭᠤᠬᠤ ᠡᠲᠡᠭᠡᠳ᠄ | ᠰᠥᠨᠢᠳ ᠪᠠᠷᠠᠭᠤᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠂ 2013 ᠣᠨ ᠤ 3 ᠰᠠᠷ᠎ᠠ ᠶᠢᠨ 1 ᠤ | ᠡᠳᠦᠷ ᠠᠴᠠ ᠣᠲᠣ ᠪᠣᠯᠲᠠᠯ᠎ᠠ ᠦᠬᠦᠬᠦ ᠶᠢᠨ ᠬᠠᠮᠲᠤ ᠭᠠᠯᠳᠠᠭᠰᠠᠨ ᠬᠤᠲᠠ ᠪᠠᠯᠭᠠᠰᠤᠨ ᠤ ︽ᠭᠤᠷᠪᠠ ᠥᠬᠡᠶ︾ | ᠬᠥᠮᠦᠰ᠂ ᠬᠥᠳᠡᠭᠡ ᠲᠣᠰᠬᠤᠨ ᠤ ︽ᠲᠠᠪᠤᠨ ᠪᠠᠲᠤᠯᠠᠭ᠎ᠠ︾ ᠶᠢᠨ ᠡᠲᠡᠭᠡᠳ᠂ ᠬᠤᠲᠠ ᠬᠥᠳᠡᠭᠡ ᠶᠢᠨ ︽ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ︾ ᠶᠢᠨ ᠡᠲᠡᠭᠡᠳ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ᠂ | ᠨᠡᠷ᠎ᠡ ᠥᠬᠡᠶ ᠦᠬᠦᠳᠡᠯ᠂ ᠬᠤᠲᠠ ᠬᠥᠳᠡᠭᠡ ᠶᠢᠨ ᠣᠨᠴᠠᠭᠠᠶ ᠬᠦᠴᠢᠷᠳᠡᠯᠲᠡᠶ ᠬᠠᠮᠲᠤᠯᠢᠭ ᠪᠣᠯᠤᠨ᠎ᠠ᠃ ᠨᠥᠬᠦᠪᠥᠷᠢ | ᠥᠭᠬᠦ ᠲᠥᠷᠥᠯ ᠵᠦᠢᠯ᠄ ᠡᠩ ᠤᠨ ᠣᠷᠣᠰᠢᠭᠤᠯᠭ᠎ᠠ ᠶᠢᠨ ᠲᠤᠰᠬᠠᠶ ᠬᠡᠷᠡᠭᠯᠡᠭᠡᠨ ᠤ ᠲᠡᠷᠭᠡᠨ ᠤ ᠴᠢᠨᠳᠠᠷ ᠢ ᠲᠤᠰᠴᠤ | ᠲᠡᠭᠡᠭᠡᠪᠦᠷᠢᠯᠡᠬᠦ ᠵᠠᠷᠤᠳᠠᠯ ︵680 ᠲᠥᠭᠦᠷᠢᠭ︶᠂ ᠭᠤᠷᠪᠠᠨ ᠡᠳᠦᠷ ᠤᠨ ᠳᠣᠲᠣᠷ᠎ᠠ ᠡᠩ ᠤᠨ ᠬᠥᠯᠳᠡᠭᠡᠨ | ᠬᠠᠳᠠᠭᠠᠯᠠᠬᠤ ︵ᠬᠥᠯᠳᠡᠬᠦᠤ ᠬᠤᠷᠭᠤ︶ ᠬᠠᠳᠠᠭᠠᠯᠠᠬᠤ ᠵᠠᠷᠤᠳᠠᠯ ︵100 ᠲᠥᠭᠦᠷᠢᠭ︶᠂ ᠡᠩ ᠤᠨ ᠭᠠᠯ ᠢᠶᠠᠷ | ᠳᠡᠭᠳᠡᠭᠡᠬᠦ ᠲᠥᠬᠦᠭᠡᠷᠦᠮᠵᠢ ᠶᠢᠨ ᠴᠢᠨᠳᠠᠷ ᠢ ᠭᠠᠯ ᠢᠶᠠᠷ ᠬᠠᠳᠠᠭᠠᠯᠠᠬᠤ ᠵᠠᠷᠤᠳᠠᠯ ︵600 ᠲᠥᠭᠦᠷᠢᠭ︶᠂ ᠴᠢᠨᠳᠠᠷ ᠢ | ᠲᠤᠰᠴᠤ ᠬᠦᠷᠭᠡᠬᠦ ᠲᠤᠰᠬᠠᠶ ᠤᠭᠤᠲᠠ ︵100 ᠲᠥᠭᠦᠷᠢᠭ︶᠂ 300 ᠲᠥᠭᠦᠷᠢᠭ ᠤᠨ ᠥᠷᠲᠡᠭ ᠪᠦᠬᠦᠢ | ᠴᠢᠨᠳᠠᠷ ᠤᠨ ᠬᠠᠶᠢᠷᠴᠠᠭ 1᠂ ᠭᠤᠷᠪᠠᠨ ᠵᠢᠯ ᠤᠨ ᠳᠣᠲᠣᠷ᠎ᠠ ᠡᠩ ᠤᠨ ᠴᠢᠨᠳᠠᠷ ᠤᠨ ᠬᠠᠶᠢᠷᠴᠠᠭ 1᠂ ᠭᠤᠷᠪᠠᠨ | ᠵᠢᠯ ᠤᠨ ᠳᠣᠲᠣᠷ᠎ᠠ ᠡᠩ ᠤᠨ ᠴᠢᠨᠳᠠᠷ ᠤᠨ ᠬᠠᠶᠢᠷᠴᠠᠭ 1᠂ ᠭᠤᠷᠪᠠᠨ ᠵᠢᠯ ᠤᠨ ᠳᠣᠲᠣᠷ᠎ᠠ ᠡᠩ ᠤᠨ ᠴᠢᠨᠳᠠᠷ ᠤᠨ | ᠬᠠᠳᠠᠭᠠᠯᠠᠬᠤ ᠵᠠᠷᠤᠳᠠᠯ ︵120 ᠲᠥᠭᠦᠷᠢᠭ︶ ᠪᠣᠯᠤᠨ᠎ᠠ᠃ ᠨᠥᠬᠦᠪᠥᠷᠢ ᠶᠢᠨ ᠪᠠᠷᠢᠮᠵᠢᠶ᠎ᠠ᠄ ᠨᠥᠭᠴᠢᠭᠰᠡᠳ ᠤᠨ ᠭᠡᠷ | ᠪᠦᠯᠢ ᠶᠢᠨ ᠬᠢᠨ ᠳᠡᠭᠡᠷᠡᠬᠢ ᠨᠥᠬᠦᠪᠥᠷᠢ ᠶᠢᠨ ᠲᠥᠷᠥᠯ ᠵᠦᠢᠯ ᠤᠨ ᠵᠠᠷᠤᠳᠠᠯ ᠥᠭᠬᠦ ᠬᠠᠮᠢᠶ᠎ᠠ ᠪᠦᠬᠦᠢ ᠫᠢᠶᠣᠤ | ᠪᠠᠷᠢᠮᠲᠠ ᠳᠤ ᠵᠣᠬᠢᠴᠠᠩᠭᠤᠶ ᠨᠥᠬᠦᠪᠥᠷᠢ ᠣᠯᠭᠤᠬᠤ ᠬᠡᠷᠡᠭᠲᠡᠶ᠃ | ᠬᠤᠶᠠᠷ᠂ ᠭᠤᠶᠤᠴᠢᠯᠠᠬᠤ ᠴᠠᠭ ᠨᠢ ᠲᠣᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ | ᠡᠳᠦᠷ ᠤᠨ ᠳᠣᠲᠣᠷ᠎ᠠ᠂ ᠲᠤᠬᠠᠶᠢᠯᠠᠪᠠᠯ 2025 ᠣᠨ ᠤ 3 ᠰᠠᠷ᠎ᠠ ᠶᠢᠨ 6 ᠤ ᠡᠳᠦᠷ ᠠᠴᠠ 3 ᠰᠠᠷ᠎ᠠ ᠶᠢᠨ 27 ᠤ | ᠡᠳᠦᠷ ᠪᠣᠯᠲᠠᠯ᠎ᠠ ᠬᠤᠭᠤᠴᠠᠭ᠎ᠠ ᠬᠡᠲᠦᠷᠡᠲᠡᠯ᠎ᠡ ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠭᠤᠷᠪᠠ᠂ ᠭᠤᠶᠤᠴᠢᠯᠠᠬᠤ ᠠᠷᠭ᠎ᠠ ᠮᠠᠶ᠋ᠢᠭ ᠵᠢᠴᠢ ᠬᠡᠷᠡᠭᠰᠡᠬᠦ ᠮᠠᠲ᠋ᠧᠷᠢᠶᠠᠯ ᠢ ᠭᠤᠶᠤᠴᠢᠯᠠᠬᠤ ᠠᠷᠭ᠎ᠠ ᠮᠠᠶ᠋ᠢᠭ᠄ | ᠨᠥᠭᠴᠢᠭᠰᠡᠳ ᠤᠨ ᠬᠡᠷ ᠪᠦᠯᠢ ᠶᠢᠨ ᠬᠢᠨ ᠰᠥᠨᠢᠳ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠨᠡᠶᠢᠭᠡᠮ ᠤᠨ ᠬᠡᠷᠡᠭ ᠶᠠᠪᠤᠳᠠᠯ ᠪᠠ ᠭᠠᠵᠠᠷ ᠣᠷᠣᠨ ᠤ ᠬᠤᠪᠢᠶᠠᠷᠢᠯᠠᠯ ᠭᠠᠵᠠᠷ ᠤᠨ ᠨᠡᠷᠡᠶᠢᠳᠦᠯ ᠤᠨ | ᠲᠠᠰᠤᠭ ᠲᠤ ᠬᠦᠷᠴᠦ ᠭᠤᠶᠤᠴᠢᠯᠠᠬᠤ ᠭᠠᠷᠳᠠᠮ ᠭᠦᠶ᠋ᠴᠡᠳᠬᠡᠵᠦ ᠪᠣᠯᠤᠨ᠎ᠠ᠃ ᠬᠡᠷᠡᠭᠰᠡᠬᠦ ᠮᠠᠲ᠋ᠧᠷᠢᠶᠠᠯ᠄ | ᠭᠤᠶᠤᠴᠢᠯᠠᠭᠴᠢ ᠠᠴᠠ ᠨᠠᠰᠤ ᠨᠥᠭᠴᠢᠭᠰᠡᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠤᠭ | ᠮᠠᠲ᠋ᠧᠷᠢᠶᠠᠯ ᠵᠢᠴᠢ ᠬᠠᠭᠤᠯᠪᠤᠷᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠦᠨᠡᠮᠯᠡᠯ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ | ᠨᠥᠬᠦᠪᠥᠷᠢ ᠠᠪᠴᠤ ᠭᠡᠷᠡᠴᠢ ᠠᠪᠬᠤ᠂ ︽ᠲᠠᠪᠤᠨ ᠪᠠᠲᠤᠯᠠᠭ᠎ᠠ︾᠂ ︽ᠭᠤᠷᠪᠠ ᠦᠭᠡᠶ︾ ᠬᠥᠮᠦᠰ ᠤᠨ ᠦᠨᠡᠮᠯᠡᠯ | ᠵᠡᠷᠭᠡ ᠬᠠᠤᠯᠢ ᠶᠣᠰᠣᠨ ᠤ ᠬᠦᠴᠦᠨ ᠪᠦᠬᠦᠢ ᠭᠡᠷᠡᠴᠢ ᠦᠨᠡᠮᠯᠡᠯ ᠢ ᠬᠠᠩᠭᠠᠬᠤ ᠴᠢᠬᠤᠯᠠᠲᠠᠶ᠂ ᠬᠤᠰᠢᠭᠤ ᠰᠢᠶᠠᠨ ᠠᠴᠠ | ᠳᠡᠭᠡᠭᠰᠢᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠪᠤᠶᠤ ᠨᠤᠲᠠᠯᠠᠭᠰᠠᠨ ᠪᠤᠰᠤᠳ | ᠬᠦᠴᠢᠷᠳᠡᠯ ᠤᠨ ᠭᠡᠷᠡᠴᠢ᠂ ᠦᠬᠦᠭᠰᠡᠨ ᠭᠡᠷᠡᠴᠢ ᠶᠢᠨ ᠬᠠᠭᠤᠯᠪᠤᠷᠢ᠂ ᠭᠠᠯᠳᠠᠭᠰᠠᠨ ᠭᠡᠷᠡᠴᠢ ᠶᠢᠨ ᠬᠠᠭᠤᠯᠪᠤᠷᠢ᠂ | ᠣᠷᠣᠰᠢᠭᠤᠯᠭ᠎ᠠ ᠶᠢᠨ ᠭᠠᠵᠠᠷ ᠤᠨ ᠬᠢᠵᠦ ᠥᠭᠭᠦᠭᠰᠡᠨ ᠪᠠᠷᠢᠮᠲᠠ︔ ᠭᠤᠶᠤᠴᠢᠯᠠᠭᠴᠢ ᠶᠢᠨ ᠲᠤᠰ ᠬᠥᠮᠦᠨ ᠤ | ᠪᠡᠶ᠎ᠡ ᠶᠢᠨ ᠦᠨᠡᠮᠯᠡᠯ ᠵᠢᠴᠢ ᠬᠠᠭᠤᠯᠪᠤᠷᠢ᠂ ᠪᠠᠩᠬᠢ ᠶᠢᠨ ᠺᠠᠷᠲ ᠤᠨ ᠨᠣᠮᠧᠷ ᠵᠡᠷᠭᠡ ᠪᠣᠯᠤᠨ᠎ᠠ᠃ | ᠳᠥᠷᠪᠡ᠂ ᠬᠢᠨᠠᠨ ᠬᠠᠷᠭᠤᠭᠤᠯᠬᠤ ᠪᠠ ᠣᠯᠭᠤᠬᠤ ᠬᠢᠨᠠᠨ ᠬᠠᠷᠭᠤᠭᠤᠯᠬᠤ ᠶᠠᠪᠤᠴᠠ᠄ ᠠᠷᠠᠳ ᠤᠨ | ᠶᠠᠪᠤᠳᠠᠯ ᠤᠨ ᠲᠣᠪᠴᠢᠶ᠎ᠠ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ 3 ᠠᠵᠢᠯᠯᠠᠬᠤ ᠡᠳᠦᠷ ᠤᠨ | ᠳᠣᠲᠣᠷ᠎ᠠ ᠬᠢᠨᠠᠨ ᠬᠠᠷᠭᠤᠭᠤᠯᠬᠤ ᠶᠢ ᠳᠠᠭᠤᠰᠬᠠᠵᠤ᠂ ᠬᠢᠨᠠᠨ ᠬᠠᠷᠭᠤᠭᠤᠯᠬᠤ ᠶᠠᠪᠤᠴᠠ ᠳᠤ᠂ ᠬᠡᠷᠪᠡ | ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ ᠪᠤᠶᠤ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ᠂ | ᠭᠤᠶᠤᠴᠢᠯᠠᠭᠴᠢ ᠳᠤ ᠮᠡᠳᠡᠭᠳᠡᠵᠦ 3 ᠠᠵᠢᠯᠯᠠᠬᠤ ᠡᠳᠦᠷ ᠤᠨ ᠳᠣᠲᠣᠷ᠎ᠠ ᠨᠥᠬᠦᠪᠥᠷᠢᠯᠡᠨ ᠲᠡᠭᠦᠯᠳᠡᠷᠵᠢᠭᠦᠯᠬᠦ ᠬᠡᠷᠡᠭᠲᠡᠶ᠃ | ᠨᠥᠬᠦᠪᠥᠷᠢ ᠣᠯᠭᠤᠬᠤ᠄ ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ ᠨᠥᠬᠦᠪᠥᠷᠢ ᠶᠢᠨ ᠪᠠᠯᠠ ᠮᠥᠩᠭᠦ ᠶᠢ ᠬᠢᠨᠠᠨ | ᠬᠠᠷᠭᠤᠭᠤᠯᠵᠤ ᠳᠠᠭᠤᠰᠤᠭᠰᠠᠨ ᠤ ᠳᠠᠷᠠᠭᠠᠬᠢ 7 ᠠᠵᠢᠯᠯᠠᠬᠤ ᠡᠳᠦᠷ ᠤᠨ ᠳᠣᠲᠣᠷ᠎ᠠ᠂ ᠪᠠᠩᠬᠢ ᠶᠢᠨ ᠲᠠᠩᠰᠠ | ᠰᠢᠯᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠶᠤᠴᠢᠯᠠᠭᠴᠢ ᠶᠢᠨ ᠬᠠᠩᠭᠠᠭᠰᠠᠨ ᠪᠠᠩᠬᠢ ᠶᠢᠨ ᠲᠠᠩᠰᠠᠨ | ᠡᠷᠦᠬᠡ ᠳᠤ ᠣᠯᠭᠤᠨ᠎ᠠ᠃ ᠭᠤᠶᠤᠴᠢᠯᠠᠭᠴᠢ ᠠᠴᠠ ᠬᠠᠩᠭᠠᠭᠰᠠᠨ ᠪᠠᠩᠬᠢ ᠶᠢᠨ ᠳᠠᠩᠰᠠᠨ ᠡᠷᠦᠬᠡ ᠶᠢᠨ ᠮᠡᠳᠡᠭᠡ | ᠵᠠᠩᠭᠢ ᠶᠢᠨ ᠵᠥᠪ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠲᠠᠪᠤ᠂ ᠠᠩᠬᠠᠷᠬᠤ ᠵᠦᠢᠯ 1. ᠨᠥᠬᠦᠴᠡᠯ ᠳᠤ ᠨᠡᠶᠢᠴᠡᠭᠰᠡᠨ ᠰᠠᠭᠤᠭᠠᠯᠢ ᠠᠷᠠᠳ ᠡᠷᠬᠡᠪᠰᠢ ᠲᠣᠭᠲᠠᠭᠰᠠᠨ | ᠴᠠᠭ ᠤᠨ ᠳᠣᠲᠣᠷ᠎ᠠ ᠭᠤᠶᠤᠴᠢᠯᠠᠬᠤ ᠬᠡᠷᠡᠭᠲᠡᠶ᠂ ᠠᠯᠳᠠᠵᠤ ᠨᠥᠬᠦᠨ ᠣᠯᠭᠤᠬᠤ ᠠᠴᠠ ᠵᠠᠶᠢᠯᠠᠰᠬᠢᠬᠦ ᠬᠡᠷᠡᠭᠲᠡᠶ᠃ 2᠂ | ᠭᠤᠶᠤᠴᠢᠯᠠᠭᠴᠢ ᠠᠴᠠ ᠭᠤᠶᠤᠴᠢᠯᠠᠯ ᠤᠨ ᠮᠠᠲ᠋ᠧᠷᠢᠶᠠᠯ ᠢᠶᠠᠨ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠂ ᠬᠡᠷᠪᠡ | ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠨᠥᠬᠦᠪᠥᠷᠢ | ᠥᠭᠬᠦ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ 3. ᠭᠤᠶᠤᠴᠢᠯᠠᠬᠤ ᠶᠠᠪᠤᠴᠠ ᠳᠤ ᠬᠡᠷᠪᠡ | ᠮᠠᠳᠠᠭ ᠲᠠᠢ ᠪᠠᠶᠢᠪᠠᠯ᠂ ᠠᠰᠠᠭᠤᠨ ᠯᠠᠪᠯᠠᠬᠤ ᠤᠲᠠᠰᠤ᠄ 0479 - 7229506᠂ ᠠᠰᠠᠭᠤᠨ ᠯᠠᠪᠯᠠᠬᠤ ᠴᠠᠭ ᠨᠢ | ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨᠠᠬᠢ 2᠄ 30 - 5 | ᠄ 30 ᠪᠣᠯᠤᠨ᠎ᠠ᠃ ᠣᠨᠴᠠᠭᠠᠶᠢᠯᠠᠨ ᠮᠡᠳᠡᠭᠳᠡᠪᠡ᠃ |