ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠡᠭᠦᠷᠭᠡ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠡᠮᠴᠢᠯᠡᠭᠡᠨ ᠤ ᠳᠠᠭᠠᠳᠬᠠᠯ ᠤᠨ ᠡᠷᠬᠡ ᠠᠰᠢᠭ ᠢ | ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠤᠯᠤᠰ ᠤᠨ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ︽ᠬᠥᠳᠡᠯᠮᠦᠷᠢᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ | ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ | ᠳᠣᠤᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ | ᠶᠡᠷᠦᠩᠬᠡᠢ ᠱᠦᠵᠢ ᠰᠢ ᠶᠢᠨ ᠫᠢᠩ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠴᠠᠭ ᠢᠮᠠᠭᠲᠠ ᠪᠡᠯᠡᠬᠡᠨ ᠪᠣᠯᠪᠠ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠰᠢ᠂ ᠡᠯ᠎ᠡ ᠭᠠᠵᠠᠷ ᠡᠯ᠎ᠡ ᠱᠠᠲᠤᠨ ᠤ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠥᠳᠡᠯᠮᠦᠷᠢᠴᠢᠳ ᠤᠨ ᠡᠮ ᠡᠮᠨᠡᠯᠭᠡ ᠶᠢᠨ ᠳᠠᠭᠠᠳᠬᠠᠯ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ | ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠱᠠᠭᠠᠷᠳᠠᠪᠠ᠃ ᠬᠥᠳᠡᠯᠮᠦᠷᠢᠴᠢᠳ ᠤᠨ ᠡᠮ ᠡᠮᠨᠡᠯᠭᠡ ᠶᠢᠨ ᠳᠠᠭᠠᠳᠬᠠᠯ ᠤᠨ ᠡᠷᠬᠡ ᠠᠰᠢᠭ ᠢ ᠤᠯᠠᠮ | ᠨᠢᠭᠡ ᠠᠯᠬᠤᠮ ᠬᠠᠮᠠᠭᠠᠯᠠᠵᠤ᠂ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠢ ᠵᠢᠯᠣᠭᠤᠳᠤᠨ | ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠴᠠ ᠶᠢ ᠪᠦᠷᠢᠨᠰᠢᠬᠦᠯᠦᠨ᠂ | ᠦᠢᠯᠡᠴᠢᠯᠡᠭᠡ ᠶᠢ ᠰᠠᠶᠢᠵᠢᠷᠠᠭᠤᠯᠵᠤ᠂ ᠥᠷᠭᠡᠨ ᠣᠯᠠᠨ ᠬᠥᠳᠡᠯᠮᠦᠷᠢᠴᠢᠳ ᠤᠨ ᠡᠮᠴᠢᠯᠡᠭᠡᠨ ᠤ ᠪᠠᠲᠤᠯᠠᠭ᠎ᠠ ᠶᠢᠨ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ | ᠨᠡᠮᠡᠭᠳᠡᠭᠦᠯᠬᠦ ᠶᠢᠨ ᠲᠥᠯᠥᠭᠡ᠂ ︽ᠮᠡᠳᠡᠭᠳᠡᠯ︾ ᠢ ᠳᠠᠷᠤᠮᠠᠯᠯᠠᠨ ᠲᠠᠷᠬᠠᠭᠠᠵᠤ ᠬᠠᠮᠢᠶ᠎ᠠ ᠪᠥᠬᠦᠶ ᠠᠵᠢᠯ ᠳᠤ | ᠱᠠᠭᠠᠷᠳᠠᠯᠭ᠎ᠠ ᠳᠤᠷᠠᠳᠪᠠ᠃ | ᠬᠤᠶᠠᠷ᠂ ︽ᠮᠡᠳᠡᠭᠳᠡᠯ︾ ᠤᠨ ᠪᠦᠳᠦᠭᠦᠪᠴᠢ ᠲᠥᠰᠥᠪ ᠪᠠ ᠭᠤᠣᠯ ᠠᠭᠤᠯᠭ᠎ᠠ | ︽ᠮᠡᠳᠡᠭᠳᠡᠯ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠣᠶᠢᠷ᠎ᠠ ᠶᠢᠨ ᠬᠤᠭᠤᠴᠠᠭᠠᠨ ᠤ ᠣᠯᠠᠨ ᠲᠦᠮᠡᠨ ᠤ ᠠᠰᠠᠭᠤᠳᠠᠯ ᠳᠤ ᠴᠢᠭᠯᠡᠭᠦᠯᠦᠨ | ᠲᠤᠰᠬᠠᠵᠤ᠂ ᠬᠥᠳᠡᠯᠮᠦᠷᠢᠴᠢᠳ ᠤᠨ ᠳᠠᠭᠠᠳᠬᠠᠯ ᠳᠤ ᠣᠷᠣᠯᠴᠠᠬᠤ᠂ ᠬᠠᠷᠠᠭᠠᠯᠵᠠᠯ ᠤᠨ ᠪᠠᠲᠤᠯᠠᠭ᠎ᠠ᠂ ᠭᠠᠷᠲᠠᠨ | ᠭᠦᠢᠴᠡᠳᠭᠡᠬᠦ ᠦᠢᠯᠡᠴᠢᠯᠡᠭᠡ᠂ ᠰᠠᠯᠠᠭ᠎ᠠ ᠮᠥᠴᠢᠷ ᠤᠨ ᠬᠠᠮᠵᠢᠯᠴᠠᠭ᠎ᠠ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ | ᠳᠤᠷᠠᠳᠴᠤ᠂ ᠭᠤᠤᠯᠳᠠᠭᠤ 8 ᠲᠠᠯ᠎ᠠ ᠶᠢ ᠪᠠᠭᠲᠠᠭᠠᠨ᠎ᠠ᠃ | ᠨᠢᠭᠡ ᠳᠤ ᠬᠥᠳᠡᠯᠮᠦᠷᠢᠴᠢᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠢ | ᠶᠡᠬᠡᠪᠡᠷ ᠰᠠᠶᠢᠲᠤᠷ ᠬᠢᠵᠦ᠂ ᠣᠷᠣᠯᠴᠠᠬᠤ ᠶᠣᠰᠣᠲᠠᠶ ᠶᠢ ᠨᠢ ᠪᠦᠬᠦᠨ ᠢ ᠪᠠᠲᠤᠯᠠᠪᠠ᠃ ᠠᠵᠢᠯ ᠣᠯᠤᠭᠰᠠᠨ | ᠬᠥᠳᠡᠯᠮᠦᠷᠢᠴᠢᠳ᠂ ᠠᠮᠢᠳᠤᠯᠢᠭ ᠢᠶᠠᠷ ᠠᠵᠢᠯ ᠣᠯᠤᠭᠰᠠᠨ ᠬᠥᠳᠡᠯᠮᠦᠷᠢᠴᠢᠳ ᠲᠣᠭᠲᠠᠭᠠᠯ ᠶᠣᠰᠣᠭᠠᠷ ᠵᠣᠬᠢᠴᠠᠩᠭᠤᠶ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢᠨ ᠬᠠᠮᠲᠤ ᠡᠯ᠎ᠡ ᠭᠠᠵᠠᠷ ᠤᠨ ᠬᠢᠨ ᠢ ᠣᠷᠣᠰᠢᠨ | ᠰᠠᠭᠤᠬᠤ ᠦᠨᠡᠮᠯᠡᠯ ᠢᠶᠠᠨ ᠠᠪᠴᠤ ᠳᠠᠭᠠᠳᠬᠠᠯ ᠳᠤ ᠣᠷᠣᠯᠴᠠᠬᠤ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ | ᠱᠠᠭᠠᠷᠳᠠᠪᠠ᠃ | ᠬᠤᠶᠠᠷ ᠲᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠣᠯᠭᠠᠭᠤᠯᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠠᠭᠠᠯᠵᠠᠯ ᠭᠥᠷᠳᠡᠬᠦ ᠶᠢ ᠵᠠᠪᠰᠠᠷ ᠥᠬᠡᠶ ᠵᠣᠯᠭᠠᠭᠤᠯᠬᠤ ᠶᠢ ᠦᠨᠡᠨᠬᠦ | ᠪᠠᠲᠤᠯᠠᠨ᠎ᠠ᠃ ᠬᠥᠳᠡᠯᠮᠦᠷᠢᠴᠢᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠦᠷᠭᠦᠯᠵᠢᠯᠡᠭᠦᠯᠬᠦ | ᠶᠠᠪᠤᠴᠠ ᠳᠤ ᠲᠣᠭᠲᠠᠭᠠᠯ ᠶᠣᠰᠣᠭᠠᠷ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠣᠯ | ᠣᠯᠭᠤᠮᠵᠢ ᠶᠢ ᠨᠢ ᠲᠠᠰᠤᠯᠳᠠᠭᠤᠯᠬᠤ ᠦᠭᠡᠢ ᠪᠠᠶᠢᠬᠤ ᠶᠢ ᠲᠣᠳᠣᠷᠬᠠᠶᠢᠯᠠᠨ᠎ᠠ᠃ ᠳᠠᠭᠠᠳᠬᠠᠯ ᠳᠤ ᠣᠷᠣᠯᠴᠠᠭᠰᠠᠳ ᠤᠨ | ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠪᠥᠬᠦ ᠶᠠᠪᠤᠴᠠ ᠶᠢ ᠰᠦᠯᠵᠢᠶᠡᠨ | ᠳᠡᠭᠡᠷ᠎ᠡ ᠭᠦᠢᠴᠡᠳᠬᠡᠬᠦ ᠶᠢ ᠠᠬᠢᠭᠤᠯᠤᠨ᠎ᠠ᠃ | ᠭᠤᠷᠪᠠ ᠳᠤ᠂ ᠬᠠᠷᠠᠭᠠᠯᠵᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠵᠦ᠂ ᠡᠳ᠋ᠯᠡᠬᠦ | ᠶᠣᠰᠣᠲᠠᠶ ᠶᠢ ᠨᠢ ᠪᠦᠬᠦᠨ ᠢ ᠡᠳ᠋ᠯᠡᠬᠦ ᠶᠢ ᠦᠨᠡᠨ ᠬᠦ ᠪᠠᠲᠤᠯᠠᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠨᠥᠬᠦᠪᠥᠷᠢ︶᠂ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠶᠢᠨ ᠭᠤᠷᠪᠠᠨ ᠴᠢᠬᠤᠯᠠ ᠳᠦᠷᠢᠮ ᠤᠨ ᠪᠠᠲᠤᠯᠠᠭ᠎ᠠ ᠶᠢᠨ ᠨᠡᠶᠢᠯᠡᠮᠡᠯ ᠬᠦᠴᠦᠨ ᠢ ᠪᠠᠳᠠᠷᠠᠭᠤᠯᠵᠤ᠂ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ | ᠭᠡᠵᠦ ᠴᠢᠬᠤᠯᠠᠴᠢᠯᠠᠪᠠ᠃ | ᠲᠦᠷᠪᠡ ᠳᠤ᠂ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ | ᠡᠷᠦᠬᠡ ᠶᠢᠨ ᠭᠡᠷ ᠪᠦᠯᠢ ᠶᠢᠨ ᠲᠤᠰᠠᠯᠠᠮᠵᠢ ᠶᠢ ᠥᠷᠭᠡᠳᠬᠡᠵᠦ᠂ ᠨᠡᠩ ᠶᠡᠭᠡ ᠬᠡᠪᠴᠢᠶ᠎ᠡ ᠪᠠᠷ ᠬᠠᠪᠰᠤᠷᠤᠯᠴᠠᠬᠤ ᠶᠢ | ᠪᠡᠶᠡᠯᠡᠭᠦᠯᠦᠨ᠎ᠡ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ | ᠡᠷᠦᠬᠡ ᠶᠢᠨ ᠬᠡᠷ ᠪᠦᠯᠢ ᠶᠢᠨ ᠲᠤᠰᠠᠯᠠᠮᠵᠢ ᠶᠢ ︽ᠬᠠᠨᠢ ᠨᠥᠬᠦᠷ᠂ ᠡᠴᠢᠭᠡ ᠡᠬᠡ᠂ ᠦᠷ᠎ᠡ ᠬᠡᠦᠬᠡᠳ︾ | ᠪᠠᠶᠢᠭᠰᠠᠨ ᠠᠴᠠ ᠨᠢ ︽ᠣᠶᠢᠷ᠎ᠠ ᠲᠥᠷᠥᠯ ᠰᠠᠳᠤᠨ︾ ᠭᠡᠵᠦ ᠲᠣᠳᠣᠷᠬᠠᠶ ᠲᠣᠭᠲᠠᠭᠠᠪᠠ᠃ ᠣᠷᠣᠨ | ᠨᠤᠲᠤᠭ ᠤᠨ ᠬᠢᠨ ᠮᠤᠵᠢ ᠶᠢᠨ ᠬᠡᠪᠴᠢᠶᠡᠨ ᠳᠣᠲᠣᠷᠠᠬᠢ ᠣᠶᠢᠷ᠎ᠠ ᠲᠥᠷᠥᠯ ᠰᠠᠳᠤᠨ ᠤ ᠠᠵᠢᠯᠲᠠᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠬᠠᠷᠢᠯᠴᠠᠨ ᠲᠤᠰᠠᠯᠠᠯᠴᠠᠨ ᠬᠡᠷᠡᠭᠯᠡᠬᠦ ᠶᠢ | ᠨᠠᠶᠢᠳᠠᠪᠤᠷᠢᠵᠢᠭᠤᠯᠵᠤ᠂ ᠮᠤᠵᠢ ᠠᠯᠤᠰᠯᠠᠨ ᠬᠠᠷᠢᠯᠴᠠᠨ ᠲᠤᠰᠠᠯᠠᠯᠴᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠬᠤ | ᠬᠡᠷᠡᠭᠲᠡᠶ ᠭᠡᠵᠦ ᠱᠠᠭᠠᠷᠳᠠᠪᠠ᠃ | ᠲᠠᠪᠤ ᠳᠤ ᠦᠷᠡᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠯᠠᠪᠳᠠᠭᠤᠨ ᠢᠶᠠᠷ | ᠥᠷᠭᠡᠳᠬᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠲᠤᠯᠠᠭ᠎ᠠ ᠶᠢᠨ ᠬᠢᠷᠢ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠪᠡ᠃ ᠨᠥᠬᠦᠴᠡᠯ ᠲᠠᠢ ᠭᠠᠵᠠᠷ ᠣᠷᠣᠨ ᠨᠢ ᠠᠮᠢᠳᠤᠯᠢᠭ ᠢᠶᠠᠷ ᠠᠵᠢᠯ ᠣᠯᠤᠭᠰᠠᠳ ᠢ | ᠰᠦᠪᠡᠭᠴᠢᠯᠡᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠪᠠ ᠦᠷᠡᠵᠢᠯ ᠤᠨ ᠳᠠᠭᠠᠳᠬᠠᠯ ᠳᠤ ᠵᠡᠷᠭᠡᠪᠡᠷ | ᠣᠷᠣᠯᠴᠠᠭᠤᠯᠬᠤ ᠶᠢᠨ ᠬᠠᠮᠲᠤ ᠵᠣᠬᠢᠬᠤ ᠬᠠᠷᠠᠭᠠᠯᠵᠠᠯ ᠬᠦᠷᠲᠡᠭᠡᠨ᠎ᠡ᠃ ᠬᠥᠩᠭᠡᠵᠢᠬᠦ ᠶᠢ ᠵᠣᠭᠰᠣᠭᠠᠬᠤ ᠪᠠ ᠲᠤᠰᠠᠯᠠᠬᠤ | ᠦᠷᠡᠵᠢᠯ ᠤᠨ ᠲᠥᠷᠥᠯ ᠵᠦᠢᠯ ᠢ ᠠᠯᠬᠤᠮ ᠠᠯᠬᠤᠮ ᠢᠶᠠᠷ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠣᠯᠭᠤᠬᠤ ᠬᠡᠪᠴᠢᠶᠡᠨ ᠳᠤ ᠣᠷᠣᠭᠤᠯᠤᠨ᠎ᠠ᠃ | ᠵᠢᠷᠭᠤᠭ᠎ᠠ ᠳᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ ᠤᠨ | ᠳᠠᠭᠠᠳᠬᠠᠯ ᠳᠤ ᠣᠷᠣᠯᠴᠠᠬᠤ ᠪᠠ ᠬᠠᠷᠠᠭᠠᠯᠵᠠᠯ ᠭᠥᠷᠳᠡᠬᠦ ᠶᠢ ᠦᠷᠭᠦᠯᠵᠢᠯᠡᠨ ᠰᠠᠶᠢᠲᠤᠷ ᠬᠢᠨ᠎ᠡ᠃ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠳᠠᠭᠠᠳᠬᠠᠯ ᠳᠤ ᠣᠷᠣᠯᠴᠠᠬᠤ ᠳᠤ | ᠲᠤᠰᠢᠶᠠᠪᠠᠰᠤ ᠵᠣᠬᠢᠬᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ | ᠪᠠᠭᠲᠠᠨ᠎ᠠ︶ ᠤᠨ ᠰᠦᠢᠳᠬᠡᠯ ᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠵᠤ᠂ ᠬᠤᠪᠢ | ᠬᠥᠮᠦᠨ ᠰᠦᠢᠳᠬᠡᠯ ᠲᠤᠰᠢᠶᠠᠬᠤ ᠦᠭᠡᠶ᠃ | ᠳᠣᠯᠤᠭ᠎ᠠ ᠳᠤ᠂ ᠬᠠᠮᠢᠶᠠᠷᠤᠯᠲᠠ ᠦᠢᠯᠡᠴᠢᠯᠡᠭᠡ ᠶᠢ ᠰᠠᠶᠢᠵᠢᠷᠠᠭᠤᠯᠵᠤ᠂ ᠬᠠᠷᠠᠭᠠᠯᠵᠠᠯ ᠢ ᠴᠠᠭ ᠲᠤᠬᠠᠢ ᠳᠤᠨᠢ | ᠲᠤᠭ᠎ᠠ ᠶᠣᠰᠣᠭᠠᠷ ᠬᠦᠷᠲᠡᠭᠡᠬᠦ ᠶᠢ ᠪᠠᠲᠤᠯᠠᠨ᠎ᠠ᠃ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ | ᠪᠤᠳᠤᠬᠤ ᠶᠢ ᠲᠡᠭᠦᠯᠳᠡᠷᠵᠢᠭᠦᠯᠵᠦ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠳ᠋ᠦᠩᠨᠡᠨ ᠪᠤᠳᠤᠬᠤ | ᠨᠤᠷᠮ᠎ᠠ ᠶᠢ 70% ᠠᠴᠠ ᠳᠡᠭᠡᠭᠰᠢ ᠪᠠᠲᠤᠯᠠᠨ᠎ᠠ ᠭᠡᠵᠦ ᠳᠤᠷᠠᠳᠪᠠ᠃ ᠦᠷᠡᠵᠢᠯ ᠤᠨ ᠡᠮᠴᠢᠯᠡᠭᠡᠨ ᠤ ᠵᠠᠷᠤᠳᠠᠯ ᠢ | ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠢ ︽ᠮᠤᠵᠢ ᠠᠯᠤᠰᠯᠠᠨ | ᠨᠡᠶᠢᠳᠡᠮ ᠭᠦᠢᠴᠡᠳᠭᠡᠬᠦ︾ ᠶᠠᠪᠤᠴᠠ ᠶᠢ ᠲᠡᠭᠦᠯᠳᠡᠷᠵᠢᠭᠦᠯᠦᠨ᠎ᠡ᠃ | ᠨᠠᠢᠮᠠ ᠳᠤ᠂ ᠰᠠᠯᠠᠭ᠎ᠠ ᠮᠥᠴᠢᠷ ᠤᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠦᠨ᠎ᠡ᠃ ᠣᠷᠣᠨ ᠨᠤᠲᠤᠭ ᠤᠨ ᠬᠢᠨ ᠰᠠᠯᠠᠭ᠎ᠠ ᠮᠥᠴᠢᠷ ᠤᠨ ᠬᠤᠭᠤᠷᠣᠨᠳᠣᠬᠢ ᠲᠦᠷᠦ ᠶᠢᠨ | ᠪᠤᠳᠤᠯᠭ᠎ᠠ ᠶᠢᠨ ᠬᠠᠮᠵᠢᠯᠴᠠᠭ᠎ᠠ ᠪᠠ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠮ ᠡᠮᠨᠡᠯᠭᠡ ᠶᠢᠨ | ᠪᠠᠲᠤᠯᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ ᠪᠠ ᠠᠵᠢᠯᠴᠢᠨ ᠤ ᠡᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦ ᠪᠠᠨ | ᠬᠠᠮᠲᠤᠳᠬᠠᠨ ᠬᠠᠮᠵᠢᠯᠴᠠᠵᠤ᠂ ᠬᠥᠳᠡᠯᠮᠦᠷᠢᠴᠢᠳ ᠤᠨ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠠᠰᠠᠭᠤᠳᠠᠯ ᠢ | ᠰᠢᠰᠲ᠋ᠧᠮ ᠲᠠᠢ ᠪᠠᠷ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ |