ᠬᠤᠰᠢᠭᠤ ᠤᠯᠤᠰ ᠲᠥᠷᠥ ᠶᠢᠨ ᠵᠥᠪᠯᠡᠯᠭᠡᠨ ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠮᠠᠨ ᠤ | ᠬᠤᠰᠢᠭᠤᠨ ᠤ ᠵᠣᠬᠢᠶᠠᠯᠴᠢᠳ ᠤᠨ ᠡᠪᠯᠡᠯ᠂ ᠭᠤᠷᠪᠠᠳᠤᠭᠠᠷ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ | ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ︽ᠤᠳᠬ᠎ᠠ ᠤᠷᠠᠯᠢᠭ ᠢᠶᠠᠷ ᠤᠮᠠᠷᠠᠳᠤ ᠬᠢᠯᠢ ᠪᠠᠨ ᠴᠢᠮᠡᠬᠦᠢ᠂ ᠰᠦᠨᠢᠳ | ᠨᠤᠳᠤᠭ ᠤᠨ ᠬᠠᠪᠤᠷ ᠢ ᠮᠠᠭᠳᠠᠨ ᠳᠠᠭᠤᠯᠠᠬᠤᠢ︾ ᠤᠷᠠᠨ ᠤᠩᠰᠢᠯᠭ᠎ᠠ ᠶᠢᠨ ᠠᠵᠢᠯᠯᠠᠭ᠎ᠠ ᠲᠦᠷᠦᠬᠦᠬᠡᠨ ᠠᠮᠵᠢᠯᠳᠠᠳᠠᠢ | ᠪᠤᠯᠵᠤ ᠦᠩᠭᠡᠷᠡᠯ᠎ᠡ᠃ | ᠠᠵᠢᠯᠯᠠᠭ᠎ᠠ ᠨᠢ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ | ᠶᠠᠪᠤᠭᠳᠠᠨ᠂ ᠬᠤᠰᠢᠭᠤ ᠤᠳᠤᠷᠢᠳᠤᠯᠭ᠎ᠠ ᠨᠠᠰᠤᠲᠤ᠂ ᠰᠠᠶᠢᠨᠴᠣᠭᠲᠤ᠂ ᠶᠠᠩ ᠵᠠᠨ ᠴᠢᠩ᠂ ᠨᠠᠷᠠᠰᠤ ᠨᠠᠷ | ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠵᠠᠶ᠃ | ᠬᠤᠰᠢᠭᠤ ᠤᠯᠠᠭᠠᠨᠮᠥ᠋ᠴᠢᠷ ᠤᠨ ᠳᠤᠭᠯᠠᠭᠴᠢᠳ ᠤᠨ ᠳᠠᠭᠤᠯᠠᠭᠰᠠᠨ ︽ᠲᠦᠮᠡᠨ ᠤ ᠲᠦᠰᠢᠭ ᠨᠠᠮ ᠮᠢᠨᠢ︾ | ᠬᠡᠬᠦ ᠲᠦᠷᠪᠡᠯᠡᠯ ᠳᠠᠭᠤᠤ ᠪᠠᠷ ᠠᠵᠢᠯᠯᠠᠭᠠᠨ ᠤ ᠬᠦᠰᠢᠬᠡ ᠰᠡᠬᠦᠭᠳᠡᠵᠦ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠠᠷᠠᠳ ᠤᠨ ᠪᠠᠭᠰᠢ᠂ ᠠᠯᠪᠠᠲᠠᠨ᠂ ᠬᠢᠯᠢ ᠶᠢᠨ ᠬᠠᠮᠠᠭᠠᠯᠠᠭᠴᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ | ᠪᠠᠶᠢᠯᠳᠤᠭᠴᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠮᠠᠯᠴᠢᠨ ᠲᠠᠷᠢᠶᠠᠴᠢᠨ᠂ ᠰᠣᠷᠣᠭᠴᠢ ᠬᠡᠦᠬᠡᠳ | ᠵᠡᠷᠭᠡ ᠪᠦᠬᠦ ᠬᠤᠰᠢᠭᠤᠨ ᠤ ᠡᠯ᠎ᠡ ᠡᠳᠡᠭᠡᠳ ᠤᠨ ᠬᠥᠮᠦᠰ ᠤᠨ ᠮᠠᠭᠳᠠᠨ ᠤᠶᠠᠩᠭᠠᠯᠠᠭᠰᠠᠨ ︽ᠡᠭᠡ ᠤᠷᠤᠨ ᠤ | ᠳᠤᠬᠠᠢ ᠴᠡᠴᠡᠷᠭᠡᠯ︾᠂ ︽ᠰᠢᠨ᠎ᠡ ᠡᠷᠡᠨ ᠤ ᠮᠠᠭᠳᠠᠭᠤ︾᠂ ︽ᠦᠨᠳᠦᠰᠦᠳᠡᠨ ᠤ ᠪᠦᠯᠬᠦᠮᠳᠡᠯ ᠤᠨ ᠳᠤᠮᠳᠠᠳᠤ ᠶᠢᠨ | ᠬᠦᠰᠡᠯᠡᠩ︾᠂ ︽ᠪᠤᠷᠤᠭᠠᠨ︾ ᠵᠡᠷᠭᠡ ᠰᠢᠯᠦᠭ ᠨᠠᠶᠢᠷᠠᠭ᠂ ᠢᠷᠦᠬᠡᠯ ᠮᠠᠭᠳᠠᠭᠤ ᠪᠠᠷ ᠤᠴᠢᠷᠳᠠᠢ ᠰᠠᠶᠢᠬᠠᠨ | ᠶᠠᠪᠤᠭᠳᠠᠯ᠎ᠠ᠃ | ᠡᠬᠦᠨ ᠠᠴᠠ ᠭᠠᠳᠠᠨ᠎ᠠ᠂ ᠤᠯᠠᠨ ᠢᠶᠠᠷ ᠢᠶᠠᠨ ᠪᠠᠰᠠ ︽ᠤᠯᠠᠭᠠᠨ ᠪᠣᠭᠴᠣ︾ ᠶᠢᠨ ᠦᠯᠢᠬᠡᠷ ᠪᠣᠯᠤᠨ ︽ | ᠮᠣᠩᠭᠤᠯ ᠭᠡᠷ ᠤᠷᠠᠯᠠᠨ ᠪᠦᠲᠦᠭᠡᠬᠦ ᠤᠷ᠎ᠠ ᠮᠡᠷᠭᠡᠵᠢᠯ︾ ᠤᠨ ᠳᠤᠬᠠᠢ ᠦᠯᠢᠬᠡᠷ ᠢ ᠰᠣᠨᠣᠰᠴᠤ᠂ ᠤᠷᠠᠨ ᠪᠢᠴᠢᠯᠭᠡᠳᠡᠳ | ᠤᠨ ᠨᠡᠶᠢᠭᠡᠮᠯᠢᠭ ᠤᠨ ᠭᠡᠰᠢᠭᠦᠳ ᠪᠠᠰᠠ ᠲᠤᠬᠠᠶ ᠶᠢᠨ ᠲᠠᠯᠠᠪᠠᠶ ᠳᠤ ᠦᠵᠦᠭ ᠬᠤᠷᠴᠠᠯᠠᠨ ᠤᠷᠠᠨ ᠪᠢᠴᠢᠯᠭᠡ ᠶᠢᠨ | ᠪᠦᠲᠦᠭᠡᠯ ᠢᠶᠠᠷ ᠢᠶᠠᠨ ᠠᠵᠢᠯᠯᠠᠭ᠎ᠠ ᠳᠤ ᠦᠩᠭᠡ ᠨᠡᠮᠡᠨ᠂ ᠠᠵᠢᠯᠯᠠᠭᠠᠨ ᠤ ᠳᠠᠯᠠᠪᠠᠢ ᠬᠠᠯᠠᠭᠤᠨ ᠳᠤᠯᠠᠭᠠᠨ ᠪᠠᠶᠠᠷ ᠬᠦᠷ | ᠢᠶᠠᠷ ᠴᠠᠯᠬᠢᠵᠤ ᠪᠠᠶᠢᠯ᠎ᠠ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠰᠥᠨᠢᠳ | ᠰᠣᠶᠣᠯ ᠤᠨ ᠨᠠᠷᠠᠲᠤ ᠲᠡᠮᠳᠡᠭ ᠢ ᠡᠭᠦᠳᠬᠦ ᠶᠢᠨ ᠲᠣᠭᠤᠷᠢᠨ ᠳᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠣᠯᠠᠨ ᠲᠦᠮᠡᠨ ᠤ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠯᠢ ᠣᠯᠠᠨ ᠠᠵᠢᠯᠯᠠᠭ᠎ᠠ | ᠥᠷᠨᠢᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠰᠥᠨᠢᠳ ᠤᠨ ᠥᠯᠢᠭᠡᠷ ᠢ ᠦᠷᠭᠦᠯᠵᠢᠯᠡᠨ | ᠰᠠᠶᠢᠲᠤᠷ ᠶᠠᠷᠢᠵᠤ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ᠂ ᠠᠵᠤ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠥᠷᠨᠢᠭᠦᠨ ᠬᠥᠭᠵᠢᠯᠲᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠦᠷᠭᠦᠯᠵᠢᠯᠡᠨ ︽ᠴᠠᠭ | ᠦᠶ᠎ᠡ ᠶᠢᠨ ᠵᠢᠷᠤᠭ᠂ ᠴᠠᠭ ᠦᠶ᠎ᠡ ᠶᠢᠨ ᠤᠯᠠᠮᠵᠢᠯᠠᠯ᠂ ᠴᠠᠭ ᠦᠶ᠎ᠡ ᠶᠢᠨ ᠡᠷᠬᠢᠮ ᠰᠤᠷᠳᠠᠯ︾ ᠢ ᠢᠯᠡᠷᠡᠬᠦᠯᠯᠬᠦ | ᠪᠤᠯᠤᠨ᠎ᠠ᠃ |